ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-10-27 11:06:34

ᠵᠣᠬᠢᠶᠠᠭ᠍ᠴᠢ᠄ ᠸᠠᠩ ᠢᠦᠶ ᠵᠦᠸᠸ ᠣᠩᠱᠢᠭ᠍ᠰᠠᠨ ᠣᠳᠠᠭ᠎ᠠ᠄ 3

ᠣᠷᠳᠣᠰ ᠬᠣᠲᠠ᠎ᠶ᠋ᠢᠨ ᠳ᠋ᠦᠩᠱᠧᠩ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ ᠶ᠋ᠢᠨ ᠵᠢᠭᠠᠨ ᠰᠤᠷᠭᠠᠯᠲᠠ᠎ᠶ᠋ᠢᠨ ᠠᠰᠠᠷ᠎ᠤᠨ ᠶᠡᠬᠡ ᠲᠢᠩᠬᠢᠮ᠎ᠳᠦ ᠤᠷᠤᠬᠤ᠌᠎ᠳᠦ ᠨᠠᠶ᠋ᠮᠠᠨ ᠨᠡᠭᠡᠭᠡᠯᠲᠡᠲᠦ ᠮᠠᠶᠢᠭ᠎ᠤᠨ ᠨᠣᠮ᠎ᠤᠨ ᠲᠠᠯᠪᠢᠭᠤᠷ ᠬᠠᠷᠠᠭᠠᠨ᠎ᠳᠦ ᠳᠤᠳᠤᠷᠠᠵᠦ᠂ ᠨᠣᠮ᠎ᠤᠨ ᠲᠠᠯᠪᠢᠭᠤᠷ᠎ᠤᠨ ᠳᠤᠮᠳᠠ ᠱᠠᠹᠠ᠎ᠶ᠋ᠢᠨ ᠤᠩᠱᠢᠯᠭ᠎ᠠ᠎ᠶ᠋ᠢᠨ ᠲᠣᠭᠣᠷᠢᠭ᠂ ᠮᠣᠳᠣᠨ ᠰᠠᠨᠳᠠᠯᠢ᠎ᠶ᠋ᠢᠨ ᠤᠩᠱᠢᠯᠭ᠎ᠠ᠎ᠶ᠋ᠢᠨ ᠲᠣᠭᠣᠷᠢᠭ᠎ᠬᠡᠵᠤ ᠲᠤᠬᠢᠷᠠᠭᠤᠯᠤᠨ᠂ ᠰᠤᠷᠤᠭ᠍ᠴᠢᠳ ᠭᠠᠷ᠎ᠲᠠᠭᠠᠨ ᠨᠣᠮ ᠪᠠᠷᠢᠵᠤ᠂ ᠠᠩᠬᠠᠷᠤᠯ᠎ᠢᠶᠠᠨ ᠲᠥᠪᠯᠡᠷᠡᠭᠦᠯᠦᠨ ᠤᠩᠰᠢᠵᠠᠭᠠᠨ᠎ᠠ᠃ ᠡᠨᠡ ᠪᠣᠯ ᠳᠠᠷᠤᠶ — 《ᠪᠡᠬᠡ᠎ᠶ᠋ᠢᠨ ᠦᠨᠦᠷᠲᠦ ᠨᠣᠮ᠎ᠤᠨ ᠪᠠᠭᠠᠷ》᠂ ᠬᠡᠦᠬᠡᠳ᠎ᠦᠨ ᠤᠩᠱᠢᠯᠭ᠎ᠠ᠎ᠶ᠋ᠢᠨ ᠪᠠᠶᠠᠰᠬᠤᠯᠠᠩᠳᠤ ᠬᠦᠷᠢᠶᠡᠯᠡᠩ ᠪᠤᠯᠤᠨ᠎ᠠ᠃

《ᠱᠢᠯᠦᠭ᠎ᠦᠨ ᠬᠦᠮᠦᠵᠢᠯ》᠎ᠤ᠋ᠨ ᠬᠢᠴᠢᠶᠡᠯ᠎ᠢ ᠳ᠋ᠦᠩᠱᠧᠩ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ ᠨᠢᠭᠡᠨᠲᠡ ᠣᠯᠠᠨ ᠵᠢᠯ ᠥᠷᠨᠢᠭᠦᠯᠵᠡᠢ᠃

ᠤᠯᠠᠮᠵᠢᠯᠠᠯᠳᠤ ᠰᠤᠶᠤᠯ᠎ᠤᠨ ᠠᠭᠤᠷ ᠠᠮᠢᠰᠬᠤᠯ᠎ᠢᠶᠡᠷ ᠪᠢᠯᠬᠠᠬᠰᠠᠨ ᠪᠣᠷᠣᠭ᠍ᠵᠢᠭᠤᠨ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ᠎ᠢ ᠪᠤᠢ ᠪᠣᠯᠭᠠᠪᠠ᠃ ᠳ᠋ᠦᠩᠱᠧᠩ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ 《ᠲᠤᠭᠤᠨᠤ᠎ᠵᠢᠨ ᠰᠣᠶᠣᠯ》 ᠨᠢ ᠬᠣᠶᠠᠷ ᠬᠡᠰᠡᠭ᠎ᠵᠢᠡᠷ ᠪᠦᠷᠢᠯᠳᠦᠵᠦ᠍᠂ ᠨᠢᠭᠡ ᠬᠡᠰᠡᠭ ᠨᠢ ᠬᠥᠬᠡ ᠴᠢᠯᠠᠭᠤ ᠪᠠᠷ ᠵᠣᠬᠢᠶᠠᠭ᠍ᠰᠠᠨ ᠰᠣᠶᠣᠯ᠎ᠤᠨ ᠬᠡᠷᠡᠮ᠂ ᠤᠯᠠᠮᠵᠢᠯᠠᠯᠲᠤ ᠦᠵᠡᠮᠵᠢ ᠵᠢ ᠪᠦᠲᠦᠭᠡᠬᠦ᠌ ᠤᠷᠠᠯᠢᠭ᠎ᠢ ᠢᠯᠡᠷᠡᠭᠦᠯᠪᠡ; ᠨᠥᠭᠥᠭᠡ ᠨᠢᠭᠡ ᠬᠡᠰᠡᠭ ᠨᠢ ᠳᠤᠮᠳᠠᠳᠤ ᠤᠯᠤᠰ᠎ᠤᠨ ᠤᠷᠠᠨ ᠪᠢᠴᠢᠯᠭᠡ᠎ᠶ᠋ᠢᠨ ᠲᠤᠮᠤ ᠪᠦᠲᠦᠭᠡᠯ 《ᠯᠠᠨ ᠲᠢᠩ᠎ᠦᠨ ᠣᠷᠣᠱᠢᠯ》 ᠎ᠤ᠋ᠨ ᠳᠣᠲᠣᠷᠠᠬᠢ ᠭᠤᠤᠯ ᠠᠭᠤᠯᠭ᠎ᠠ ᠪᠡᠷ ᠦᠵᠡᠮᠵᠢ᠎ᠶ᠋ᠢᠨ ᠵᠢᠷᠤᠭ ᠲᠥᠯᠥᠪᠯᠡᠭᠡ ᠵᠢ ᠵᠤᠬᠢᠶᠠᠵᠤ᠂ 《ᠯᠠᠨ ᠲᠢᠩ᠎ᠦᠨ ᠣᠷᠣᠱᠢᠯ》᠎ᠤ᠋ᠨ ᠰᠠᠨᠠᠭ᠎ᠠ ᠠᠬᠤᠶ᠎ᠶ᠋ᠢ ᠠᠮᠢᠯᠠᠭᠤᠯᠤᠨ ᠢᠯᠡᠷᠡᠭᠦᠯᠪᠡ᠃ ᠱᠢᠯᠦᠭ᠌ᠯᠢᠭ ᠣᠷᠴᠢᠨ ᠲᠣᠭᠣᠷᠢᠨ᠎ᠤ ᠨᠥᠯᠥᠭᠡᠯᠡᠯ ᠳᠤᠤᠷ᠎ᠠ ᠰᠤᠷᠤᠭ᠍ᠴᠢᠳ᠎ᠤᠨ ᠤᠶᠤᠨ ᠰᠠᠨᠠᠭ᠎ᠠ ᠡᠳᠦᠷ ᠢᠷᠡᠬᠦᠶ᠎ᠡ ᠪᠠᠶᠠᠯᠢᠭ᠍ᠵᠢᠵᠤ ᠪᠠᠢᠨ᠎ᠠ᠃

ᠳ᠋ᠦᠩᠱᠧᠩ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ ᠨᠠᠷᠠᠲᠤ ᠪᠠᠭ᠍ᠰᠢ᠎ᠶ᠋ᠢᠨ ᠭᠤᠤᠯᠯᠠᠭ᠍ᠴᠢ ᠬᠦᠴᠦᠨ᠎ᠢᠶᠡᠷ ᠤᠳᠤᠷᠢᠳᠤᠮᠵᠢ ᠪᠣᠯᠭᠠᠨ ᠣᠯᠠᠨ ᠬᠢᠴᠢᠶᠡᠯ᠎ᠢ ᠨᠡᠭᠡᠭᠡᠪᠡ᠃ ᠳᠤᠮᠳᠠᠳᠤ ᠤᠯᠤᠰ᠎ᠤᠨ ᠤᠯᠠᠮᠵᠢᠯᠠᠯᠲᠤ ᠪᠠᠶᠠᠷ᠎ᠳᠤᠷᠠᠰᠬᠠᠯ᠎ᠤᠨ ᠡᠳᠦᠷ ᠪᠤᠯᠪᠠᠯ ᠬᠣᠯᠪᠣᠭ᠍ᠳᠠᠯ ᠪᠦᠬᠦᠢ ᠳᠣᠮᠣᠭ᠂ ᠵᠠᠩ ᠵᠠᠩᠱᠢᠯ᠂ ᠱᠢᠯᠦᠭ ᠳᠠᠭᠤᠯᠠᠯ᠂ ᠣᠷᠣᠨ ᠨᠤᠲᠤᠭ᠎ᠤᠨ ᠤᠷᠠᠯᠢᠭ ᠵᠡᠷᠭᠡ ᠪᠣᠷᠣ ᠮᠠᠲ᠋ᠧᠷᠢᠶᠠᠯ᠎ᠢ ᠠᠭᠤᠳᠠᠯᠵᠤ᠂ ᠰᠤᠷᠤᠭ᠍ᠴᠢᠳ᠎ᠤᠨ ᠣᠳᠣᠬᠠᠨ᠎ᠤ ᠠᠮᠢᠳᠤᠷᠠᠯ ᠲᠠᠶ ᠤᠶᠠᠯᠳᠤᠭᠤᠯᠤᠨ ᠪᠠᠶᠠᠷ ᠳᠤᠷᠠᠰᠬᠠᠯ᠎ᠤᠨ ᠡᠳᠦᠷ᠎ᠦᠨ ᠬᠢᠴᠢᠶᠡᠯ᠎ᠢ ᠨᠡᠭᠡᠭᠡᠨ ᠬᠥᠭ᠌ᠵᠢᠭᠦᠯᠪᠡ᠃ 《ᠪᠢᠯᠢᠭ᠎ᠦᠨ ᠤᠯᠠᠷᠢᠯ᠎ᠤᠨ ᠣᠭ᠍ᠲᠠᠷᠭᠤᠶ》᠂ 《ᠱᠢᠯᠦᠭ ᠳᠠᠭᠤᠯᠠᠯ᠎ᠳᠤ ᠬᠠᠳᠠᠭᠠᠯᠠᠭ᠍ᠳᠠᠵᠤ ᠪᠠᠢᠭ᠎ᠠ ᠬᠣᠷᠢᠨ ᠳᠥᠷᠪᠡᠨ ᠴᠠᠭ ᠤᠯᠠᠷᠢᠯ》 ᠵᠡᠷᠭᠡ ᠬᠢᠴᠢᠶᠡᠯ ᠨᠢ ᠳᠤᠮᠳᠠᠳᠤ ᠤᠯᠤᠰ᠎ᠤᠨ ᠰᠣᠶᠣᠯ᠎ᠤᠨ ᠣᠬᠢ ᠰᠣᠳᠣ᠂ ᠰᠣᠩᠭᠣᠳᠠᠭ ᠡᠷᠲᠡᠨ᠎ᠦ ᠱᠢᠯᠦᠭ ᠳᠠᠭᠤᠯᠠᠯ᠎ᠢ ᠤᠯᠠᠮᠵᠢᠯᠠᠯᠲᠤ ᠪᠠᠶᠠᠷ ᠳᠤᠷᠠᠰᠬᠠᠯ᠎ᠤᠨ ᠡᠳᠦᠷ᠎ᠯᠤᠭᠡ ᠪᠦᠲᠦᠮᠵᠢᠲᠡᠶ ᠠᠭᠤᠰᠤᠯᠴᠠᠭᠤᠯᠪᠠ᠃

ᠱᠢᠯᠦᠭ ᠳᠠᠭᠤᠯᠠᠯ᠎ᠳᠠᠬᠢ ᠰᠠᠨᠠᠭ᠎ᠠ ᠲᠥᠷᠬᠦ᠌ ᠪᠠ ᠱᠢᠯᠦᠭ᠌ᠴᠢ᠎ᠶ᠋ᠢᠨ ᠢᠯᠡᠳᠭᠡᠭ᠌ᠰᠡᠨ ᠰᠠᠨᠠᠭ᠎ᠠ ᠠᠬᠤᠢ ᠪᠡᠷ ᠭᠣᠣᠯ ᠰᠡᠳᠦᠪ ᠪᠣᠯᠭᠠᠨ᠂ ᠲᠤᠰ ᠰᠤᠷᠭᠠᠭᠤᠯᠢ ᠨᠢ 《ᠤᠳᠠ ᠤᠯᠢᠶᠠᠰᠤ ᠪᠠ ᠰᠠᠯᠤᠯᠲᠠ》᠎ᠶ᠋ᠢᠨ ᠬᠢᠴᠢᠶᠡᠯ᠂ ᠥᠨᠢᠷ ᠴᠡᠴᠡᠭ᠎ᠦᠨ ᠬᠢᠴᠢᠶᠡᠯ ᠪᠠ ᠯᠢᠨᠭᠬᠤ᠎ᠠ ᠴᠡᠴᠡᠭ᠎ᠦᠨ ᠬᠢᠴᠢᠶᠡᠯ ᠵᠡᠷᠭᠡ ᠰᠠᠨᠠᠭ᠎ᠠ ᠳᠦᠷᠬᠦ ᠠᠬᠤᠢ ᠪᠤᠳᠤᠯ᠎ᠤᠨ ᠬᠢᠴᠢᠶᠡᠯ᠎ᠢ ᠨᠡᠭᠡᠭᠡᠪᠡ᠃ ᠬᠣᠯᠪᠣᠭ᠍ᠳᠠᠯ ᠪᠦᠬᠦᠢ ᠡᠷᠲᠡᠨ᠎ᠦ ᠱᠢᠯᠦᠭ ᠳᠠᠭᠤᠯᠠᠯ᠎ᠢ ᠤᠩᠱᠢᠬᠤ ᠪᠠᠷ ᠳᠠᠮᠵᠢᠨ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠲᠡᠭᠦᠨ᠎ᠦ ᠳᠣᠲᠣᠷᠠᠬᠢ ᠬᠠᠢᠷ᠎ᠠ ᠰᠡᠳᠭᠢᠯᠭᠡ ᠪᠠ ᠰᠠᠨᠠᠭ᠎ᠠ ᠠᠬᠤᠶ᠎ᠶ᠋ᠢ ᠭᠦᠨᠵᠡᠭᠡᠶ ᠣᠢᠯᠠᠭᠠᠭᠤᠯᠪᠠ᠃

ᠳᠤᠮᠳᠠᠳᠤ᠎ᠶ᠋ᠢᠨ ᠱᠢᠯᠦᠭ ᠳᠠᠭᠤᠯᠠᠯ᠎ᠤᠨ ᠲᠡᠦᠬᠡᠨ ᠳᠡᠭᠡᠷᠡᠬᠢ ᠲᠡᠳᠡᠭᠡᠷ ᠭᠡᠷᠡᠯ ᠭᠢᠯᠪᠠᠭ᠎ᠠ ᠰᠠᠴᠤᠷᠠᠭ᠍ᠰᠠᠨ ᠠᠭᠤᠤ ᠶᠡᠬᠡ ᠱᠢᠯᠦᠭ᠌ᠴᠢ᠎ᠶ᠋ᠢ ᠰᠣᠩᠭᠣᠵᠤ᠂ ᠲᠡᠳᠡᠨ᠎ᠤ ᠶᠡᠷᠦ᠍ ᠪᠤᠰᠤ᠎ᠶ᠋ᠢᠨ ᠱᠢᠯᠦᠭ᠌ᠯᠢᠭ ᠬᠥᠮᠦᠨ᠎ᠦ ᠠᠮᠢᠳᠤᠷᠠᠯ᠎ᠢ ᠤᠢᠯᠠᠭᠠᠭᠤᠯᠵᠤ᠂ ᠲᠡᠳᠡᠨ᠎ᠤ ᠦᠯᠢᠭᠡᠷ᠎ᠢ ᠨᠢ ᠬᠡᠦᠬᠡᠳ᠎ᠦᠨ ᠳᠡᠷᠭᠡᠳᠡ ᠠᠪᠴᠢᠷᠠᠨ᠂ ᠯᠢ ᠪᠠᠶ᠎ᠶ᠋ᠢᠨ ᠬᠢᠴᠢᠶᠡᠯ᠂ ᠰᠤ᠌ ᠱ᠌ᠢ᠎ᠶ᠋ᠢᠨ ᠬᠢᠴᠢᠶᠡᠯ᠂ ᠳ᠋ᠦ᠋ ᠹᠦ᠋᠎ᠶ᠋ᠢᠨ ᠬᠢᠴᠢᠶᠡᠯ ᠵᠡᠷᠭᠡ ᠰᠣᠩᠭᠣᠳᠠᠭ ᠱᠢᠯᠦᠭ ᠳᠠᠭᠤᠯᠠᠯ᠎ᠤᠨ ᠤᠩᠱᠢᠯᠭ᠎ᠠ᠎ᠶ᠋ᠢᠨ ᠬᠢᠴᠢᠶᠡᠯ ᠪᠣᠯᠭᠠᠨ ᠬᠤᠪᠢᠷᠠᠭᠤᠯᠪᠠ᠃ ᠰᠤᠷᠤᠭ᠍ᠴᠢᠳ ᠱᠢᠯᠦᠭ᠌ᠴᠢ᠎ᠶ᠋ᠢᠨ ᠨᠠᠮᠲᠠᠷ᠎ᠢ ᠤᠩᠱᠢᠵᠤ᠂ ᠲᠡᠳᠡᠨ᠎ᠦ ᠨᠢᠭᠡ ᠨᠠᠰᠤᠨ᠎ᠤ ᠠᠮᠢᠳᠤᠷᠠᠯ ᠪᠠ ᠵᠣᠬᠢᠶᠠᠨ ᠪᠦᠲᠦᠭᠡᠯᠭᠡ᠎ᠶ᠋ᠢᠨ ᠠᠬᠤᠶ ᠪᠠᠢᠳᠠᠯ᠎ᠢ ᠣᠢᠯᠠᠭᠠᠵᠤ᠂ ᠡᠷᠲᠡᠨ᠎ᠦ ᠱᠢᠯᠦᠭ ᠳᠠᠭᠤᠯᠠᠯ᠎ᠤᠨ ᠲᠤᠬᠠᠶ ᠣᠢᠯᠠᠭᠠᠯᠲᠠ ᠪᠠ ᠰᠣᠨᠢᠷᠬᠠᠯ᠎ᠢᠶᠠᠨ ᠤᠯᠠᠮ ᠨᠢᠭᠡ ᠠᠯᠬᠤᠮ ᠭᠦᠨᠵᠡᠭᠡᠢᠷᠡᠭᠦᠯᠪᠡ᠃ ᠡᠭᠦᠨ᠎ᠦ ᠬᠠᠮᠲᠤ ᠳᠡᠰ ᠳᠡᠪᠱᠢᠬᠦ᠌᠂ ᠬᠥᠳᠡᠯᠭᠡᠭᠡᠨ ᠦᠷᠨᠢᠭᠦᠯᠬᠦ᠌᠂ ᠤᠷᠤᠯᠳᠤᠭᠠᠨ ᠶᠠᠪᠤᠭᠤᠯᠬᠤ ᠵᠡᠷᠭᠡ ᠪᠦᠲᠦᠮᠵᠢᠲᠡᠶ ᠦᠨᠡᠯᠡᠬᠦ᠌ ᠬᠡᠯᠪᠡᠷᠢ ᠵᠢ ᠰᠦᠪᠡᠭ᠌ᠴᠢᠯᠡᠨ ᠬᠡᠷᠡᠭ᠌ᠵᠢᠭᠦᠯᠵᠦ᠍᠂ 《ᠱᠢᠯᠦᠭ᠎ᠦᠨ ᠬᠥᠮᠦᠵᠢᠯ》᠎ᠤ᠋ᠨ ᠬᠢᠴᠢᠶᠡᠯ᠎ᠦᠨ ᠭᠦᠨᠵᠡᠭᠡᠶ ᠶᠠᠪᠤᠬᠳᠠᠬᠤ ᠶ᠋ᠢ ᠠᠬᠢᠭᠤᠯᠪᠠ᠃

ᠴᠥᠬᠥᠷᠡᠰᠢ ᠦᠭᠡᠢ ᠴᠢᠷᠮᠠᠢᠯᠭ᠎ᠠ ᠪᠠᠷ ᠳᠠᠮᠵᠢᠨ ᠳ᠋ᠦᠩᠱᠧᠩ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠦᠭᠡ ᠬᠡᠯᠡ ᠦᠰᠦᠭ ᠪᠢᠴᠢᠭ᠎ᠦᠨ ᠠᠵᠢᠯ ᠬᠥᠮᠦᠰ᠎ᠦᠨ ᠠᠩᠬᠠᠷᠤᠯ᠎ᠢ ᠲᠠᠲᠠᠬᠰᠠᠨ ᠬᠢᠷᠢ ᠪᠦᠲᠦᠮᠵᠢ ᠣᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ ᠵᠢᠯ ᠳᠠᠷᠠᠭᠠᠯᠠᠨ ᠳᠡᠭᠡᠭ᠌ᠰᠢᠯᠡᠵᠦ᠍᠂ ᠤᠯᠠᠨ ᠲᠦᠮᠡᠨ᠎ᠦ ᠮᠠᠭ᠍ᠲᠠᠭᠠᠯ ᠰᠠᠢᠱᠢᠶᠠᠯ᠎ᠢ ᠣᠯᠤᠭ᠍ᠰᠠᠨ᠂ ᠰᠤᠷᠭᠠᠨ ᠬᠥᠮᠦᠵᠢᠯ᠎ᠦᠨ ᠶᠠᠰᠤ ᠴᠢᠨᠠᠷ ᠱᠢᠯᠢᠳᠡᠭ ᠰᠠᠢ᠌ᠨ ᠰᠤᠷᠭᠠᠭᠤᠯᠢ ᠪᠣᠯᠪᠠ᠃

ᠤᠢ᠍ᠢᠷ᠎ᠠ᠎ᠶ᠋ᠢᠨ ᠵᠢᠯ᠎ᠳᠦ ᠳ᠋ᠦᠩᠱᠧᠩ ᠲᠣᠭᠣᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ᠎ᠡᠴᠡ ᠭᠠᠳᠠᠨ᠎ᠠ ᠳ᠋ᠦᠩᠱᠧᠩ ᠲᠣᠭᠣᠷᠢᠭ᠎ᠤᠨ ᠨᠢᠭᠡᠳᠦᠭᠡᠷ ᠪᠠᠭ᠎ᠠ ᠰᠤᠷᠭᠠᠭᠤᠯᠢ᠂ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠂ ᠨᠠᠢ᠍ᠮᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠵᠡᠭᠦᠨ ᠲᠣᠭᠣᠷᠢᠭ᠂ ᠮᠠᠨ ᠱ᠌ᠢ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠴᠤ᠌ ᠴᠥᠮ 《ᠱᠢᠯᠦᠭ᠎ᠦᠨ ᠬᠥᠮᠦᠵᠢᠯ》᠎ᠤ᠋ᠨ ᠬᠢᠴᠢᠶᠡᠯ᠎ᠢ ᠨᠡᠭᠡᠭᠡᠵᠤ᠂ ᠭᠣᠣᠯ ᠵᠢᠭ᠍ᠰᠠᠭᠠᠯ᠎ᠤᠨ ᠭᠠᠵᠠᠷ᠂ ᠭᠣᠣᠯ ᠠᠷᠭ᠎ᠠ ᠵᠠᠮ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠠᠢ᠃ ᠬᠡᠦᠬᠡᠳ᠎ᠦᠳ ᠡᠳᠡᠭᠡᠷ ᠪᠠᠶᠠᠯᠢᠭ ᠰᠠᠢᠬᠠᠨ᠂ ᠭᠦᠨ ᠵᠤᠵᠠᠭᠠᠨ ᠰᠣᠶᠣᠯ᠎ᠤᠨ ᠠᠭᠤᠯᠬᠤᠨ ᠲᠠᠢ ᠬᠢᠴᠢᠶᠡᠯ᠎ᠡᠴᠡ ᠣᠶᠤᠨ ᠤᠬᠠᠭᠠᠨ ᠪᠠ ᠭᠦᠨ ᠤᠬᠠᠭᠠᠨ᠎ᠤ ᠬᠥᠮᠥᠵᠢᠯ ᠬᠦᠷᠲᠡᠯ᠎ᠠ᠃

ᠲᠡᠳᠡ ᠰᠤᠷᠤᠯᠴᠠᠯᠭ᠎ᠠ᠎ᠶᠢᠨ ᠲᠥᠷᠥᠭ᠌ᠳᠡᠯ᠎ᠳᠡᠭᠡᠨ ᠡᠷᠲᠡᠨ᠎ᠦ ᠱᠢᠯᠦᠭ ᠳᠠᠭᠤᠯᠠᠯ᠎ᠤᠨ ᠲᠤᠬᠠᠶ ᠪᠠᠬᠠᠷᠬᠠᠯ ᠪᠠ ᠱᠢᠯᠦᠭ᠌ᠴᠢ᠎ᠶ᠋ᠢ ᠪᠢᠱᠢᠷᠡᠨ ᠬᠦᠨᠳᠦᠳᠭᠡᠬᠦ᠌ ᠰᠡᠳᠭᠢᠯᠭᠡ᠎ᠪᠡᠨ ᠢᠯᠡᠳᠭᠡᠵᠦ᠍᠂ ᠥᠪᠡᠷ᠎ᠦᠨ ᠦᠰᠦᠭ ᠪᠢᠴᠢᠭ ᠪᠠ ᠭᠡᠷᠡᠯ ᠵᠢᠷᠤᠭ᠎ᠢᠶᠠᠷ᠎ᠢᠶᠠᠨ ᠱᠢᠯᠦᠭ ᠳᠠᠭᠤᠯᠠᠯ᠎ᠤᠨ ᠲᠤᠬᠠᠶ ᠣᠢᠯᠠᠭᠠᠯᠲᠠ ᠲᠥᠷᠥᠭ᠌ᠳᠡᠯ᠎ᠢᠶᠡᠨ ᠳᠡᠯᠭᠡᠨ ᠦᠵᠡᠭᠦᠯᠦᠭ᠌ᠰᠡᠨ ᠪᠠᠢᠨ᠎ᠠ᠃ ᠡᠭᠦᠨ᠎ᠦ ᠬᠠᠮᠲᠤ ᠰᠤᠷᠤᠭ᠍ᠴᠢᠳ ᠪᠠᠰᠠ ᠭᠣᠣᠯ ᠰᠡᠳᠦᠪᠲᠦ ᠤᠩᠱᠢᠯᠭ᠎ᠠ᠎ᠶ᠋ᠢᠨ ᠰᠡᠳᠭᠢᠬᠦᠶ᠎ᠶ᠋ᠢᠨ ᠤᠳᠤᠷᠢᠳᠭᠠᠯ ᠵᠢᠷᠤᠭ ᠵᠢᠷᠤᠵᠤ᠂ ᠱᠢᠯᠦᠭ ᠳᠠᠭᠤᠯᠠᠯ᠎ᠳᠠᠬᠢ ᠰᠠᠨᠠᠭ᠎ᠠ ᠲᠥᠷᠬᠦ᠌ ᠪᠠ ᠰᠡᠳᠭᠢᠯᠭᠡ᠎ᠶ᠋ᠢ ᠡᠮᠬᠢᠳᠭᠡᠨ ᠢᠯᠡᠷᠡᠭᠦᠯᠪᠡ᠃ ᠣᠢᠷ᠎ᠠ᠎ᠳᠤ ᠳ᠋ᠦᠩᠱᠧᠩ ᠲᠣᠭᠣᠷᠢᠭ᠎ᠤᠨ ᠬᠣᠶᠠᠷ ᠳᠤᠭᠤᠢᠯᠠᠩ᠎ᠨᠢ ᠲᠠᠪᠤᠳᠤᠭᠠᠷ ᠬᠤᠭᠤᠴᠠᠭᠠᠨ᠎ᠤ ᠳᠤᠮᠳᠠᠳᠤ᠎ᠶ᠋ᠢᠨ ᠰᠣᠩᠭᠣᠳᠠᠭ ᠵᠣᠬᠢᠶᠠᠯ᠎ᠤᠨ ᠤᠶᠠᠩᠭᠠᠯᠠᠨ ᠤᠩᠱᠢᠵᠦ ᠪᠢᠴᠢᠵᠦ ᠶᠠᠷᠢᠬᠤ ᠤᠷᠤᠯᠳᠤᠭᠠᠨ ᠪᠤᠯᠬᠤ 《ᠳᠤᠮᠳᠠᠳᠤ ᠤᠯᠤᠰ᠎ᠢ ᠤᠶᠠᠨᠭᠭᠠᠯᠠᠨ ᠤᠨᠭᠰᠢᠶ᠎ᠠ》 ᠭᠡᠬᠦ ᠪᠥᠬᠥ᠌ ᠤᠯᠤᠰ᠎ᠤᠨ ᠱᠢᠶ᠋ᠳᠪᠦᠷᠢᠲᠦ ᠤᠷᠤᠯᠳᠤᠭᠠᠨ᠎ᠳᠤ ᠤᠷᠤᠯᠴᠠᠪᠠ᠃

ᠤᠢ᠍ᠢᠷ᠎ᠠ᠎ᠶ᠋ᠢᠨ ᠵᠢᠯ᠎ᠡᠴᠡ ᠤᠷᠳᠤᠰ ᠬᠤᠳᠠ᠎ᠶ᠋ᠢᠨ ᠳ᠋ᠦᠩᠱᠧᠩ ᠲᠣᠭᠣᠷᠢᠭ᠎ᠤᠨ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠦᠭᠡ ᠬᠡᠯᠡ ᠦᠰᠦᠭ ᠪᠢᠴᠢᠭ᠎ᠦᠨ ᠵᠥᠪᠯᠡᠯ᠎ᠦᠨ ᠠᠯᠪᠠᠨ ᠭᠡᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠬᠠᠷᠠᠯᠲᠠ᠎ᠯᠤᠭ᠎ᠠ ᠣᠷᠭᠠᠨᠢᠭ᠎ᠢᠶᠠᠷ ᠠᠭᠤᠰᠤᠯᠴᠠᠭᠤᠯᠬᠤ᠎ᠶ᠋ᠢ ᠢᠮᠠᠭ᠍ᠲᠠ ᠪᠠᠷᠢᠮᠲᠠᠯᠠᠵᠤ᠂ ᠳ᠋ᠦᠩᠱᠧᠩ ᠲᠣᠭᠣᠷᠢᠭ᠎ᠤᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠪᠠ᠃ ᠣᠳᠣᠬᠠᠨ ᠪᠣᠯᠲᠠᠯ᠎ᠠ ᠳ᠋ᠦᠩᠱᠧᠩ ᠲᠣᠭᠣᠷᠢᠭ ᠨᠢᠭᠡᠨᠲᠡ ᠦᠭᠡ ᠬᠡᠯᠡ ᠦᠰᠦᠭ ᠪᠢᠴᠢᠭ᠎ᠢ ᠵᠢᠷᠤᠮᠵᠢᠭᠤᠯᠤᠨ ᠪᠠᠷᠢᠮᠵᠢᠶ᠎ᠠ᠎ᠳᠤ ᠬᠦᠷᠭᠡᠵᠦ᠍᠂ 144 ᠵᠢᠱ᠌ᠢᠶ᠎ᠡ ᠦᠵᠡᠭᠦᠯᠬᠦ᠌ ᠰᠤᠷᠭᠠᠭᠤᠯᠢ᠎ᠶ᠋ᠢ ᠪᠠᠢᠭᠤᠯᠵᠤ᠂ ᠪᠠᠷᠢᠮᠵᠢᠶ᠎ᠠ᠎ᠳᠤ ᠬᠦᠷᠦᠭ᠌ᠰᠡᠨ ᠨᠣᠷᠮ᠎ᠠ ᠨᠢ 97.96%᠎ᠳ᠋ᠤ ᠬᠦᠷᠴᠡᠶ; ᠦᠭᠡ ᠬᠡᠯᠡ ᠦᠰᠦᠭ ᠪᠢᠴᠢᠭ᠎ᠢ ᠵᠢᠷᠤᠮᠵᠢᠭᠤᠯᠵᠤ ᠪᠠᠷᠢᠮᠵᠢᠶ᠎ᠠ᠎ᠳᠤ ᠬᠦᠷᠭᠡᠬᠦ᠌᠂ ᠵᠢᠱ᠌ᠢᠶ᠎ᠡ ᠦᠵᠡᠭᠦᠯᠬᠦ᠌ ᠱᠢᠶᠠᠩ ᠪᠠᠯᠭᠠᠰᠤ᠎ᠵᠢ 3 ᠪᠠᠢᠭᠤᠯᠵᠤ᠂ ᠪᠠᠷᠢᠮᠵᠢᠶ᠎ᠠ᠎ᠳᠤ ᠬᠦᠷᠦᠭᠰᠡᠨ ᠨᠣᠷᠮ᠎ᠠ 100%᠎ᠳ᠋ᠤ ᠬᠦᠷᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面