2023-10-09 10:13:10
《 ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠣᠯ ᠪᠦᠬᠦ᠌ ᠤᠯᠤᠰ ᠤ᠋ᠨ ᠦᠨᠳᠦᠰᠦᠲᠡᠨᠨᠦᠭᠦᠳ ᠤ᠋ᠨ ᠠᠷᠠᠳ ᠲᠦᠮᠡᠨ ᠤ᠋ ᠬᠠᠮᠲᠤᠪᠠᠷ ᠴᠣᠭ᠍ᠴᠠᠯᠠᠨ ᠪᠠᠢᠭᠤᠯᠤᠭ᠍ᠰᠠᠨ ᠤᠯᠠᠨ ᠦᠨᠳᠦᠰᠦᠲᠡᠨ ᠲᠠᠢ ᠨᠢᠭᠡᠳᠦᠭ᠌ᠰᠡᠨ ᠤᠯᠤᠰ ᠮᠥᠨ ᠃ ᠥᠷᠭᠡᠨ ᠠᠭᠤᠳᠠᠮ ᠦᠵᠡᠰᠭᠦᠯᠡᠩᠲᠦ ᠰᠠᠢᠬᠠᠨ ᠨᠤᠲᠤᠭ ᠳᠡᠪᠢᠰᠭᠡᠷ ᠳᠡᠭᠡᠷ᠎ᠡ ᠂ 56 ᠦᠨᠳᠦᠰᠦᠲᠡᠨ ᠬᠠᠮᠲᠤᠪᠠᠷ ᠤᠷᠤᠰᠢᠨ ᠠᠮᠢᠳᠤᠷᠠᠵᠤ ᠂ ᠳᠤᠮᠳᠠᠳᠤ ᠶ᠋ᠢᠨ ᠦᠨᠳᠦᠰᠦᠲᠡᠨ ᠤ᠋ ᠶᠡᠬᠡ ᠭᠡᠷ ᠪᠦᠯᠢ ᠵᠢ ᠪᠦᠷᠢᠯᠳᠦᠭᠦᠯᠪᠡ 》 ᠭᠡᠵᠦ ᠲᠦᠩᠯᠢᠶᠣᠤ ᠬᠣᠲᠠ ᠶ᠋ᠢᠨ ᠮᠣᠩᠭᠣᠯ ᠦᠨᠳᠦᠰᠦᠲᠡᠨ ᠤ᠋ ᠰᠤᠷᠭᠠᠭᠤᠯᠢ ᠶ᠋ᠢᠨ ᠲᠠᠪᠤᠨ ᠤ᠋ ᠨᠢᠭᠡ ᠶ᠋ᠢᠨ ᠬᠢᠴᠢᠶᠡᠯ ᠤ᠋ᠨ ᠲᠠᠡᠭᠬᠢᠮ ᠳ᠋ᠦ ᠂ ᠰᠢ ᠤᠯᠠᠭᠠᠨ ᠪᠠᠭ᠍ᠰᠢ PPT ᠳᠡᠯᠭᠡᠨ ᠦᠵᠡᠭᠦᠯᠬᠦ᠌ ᠂ ᠠᠰᠠᠭᠤᠯᠲᠠ ᠬᠠᠷᠢᠭᠤᠯᠬᠤ ᠵᠡᠷᠭᠡ ᠬᠡᠯᠪᠡᠷᠢ ᠪᠡᠷ ᠰᠤᠷᠤᠭ᠍ᠴᠢᠳ ᠢ᠋ ᠳᠠᠭᠠᠭᠤᠯᠤᠨ 56 ᠦᠨᠳᠦᠰᠦᠲᠡᠨ ᠤ᠋ ᠠᠷᠠᠳ ᠲᠦᠮᠡᠨ ᠤ᠋ ᠵᠠᠩ ᠦᠶ᠋ᠯᠡ ᠵᠢ ᠣᠢᠯᠠᠭᠠᠵᠤ ᠂ ᠬᠡᠦᠬᠡᠳ ᠤ᠋ᠳᠲᠦ ᠮᠠᠨ ᠤ᠋ ᠤᠯᠤᠰ ᠤ᠋ᠨ ᠣᠯᠠᠨ ᠦᠨᠳᠦᠰᠦᠲᠡᠨ ᠤ᠋ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠥᠯᠢᠭᠡᠷ ᠢ᠋ ᠶᠠᠷᠢᠵᠤ ᠦᠭᠬᠦᠨ᠎ᠡ ᠃
ᠲᠠᠪᠤᠨ ᠤ᠋ ᠨᠢᠭᠡ ᠶ᠋ᠢᠨ ᠰᠤᠷᠤᠭ᠍ᠴᠢ ᠹᠦ᠋ ᠵᠢᠶᠠ ᠴᠢ ᠄ 《 ᠡᠨᠡ ᠤᠳᠠᠭ᠎ᠠ ᠶ᠋ᠢᠨ ᠬᠢᠴᠢᠶᠡᠯᠡᠴᠡ ᠪᠢ ᠳᠤᠮᠳᠠᠳᠤ ᠶ᠋ᠢᠨ ᠦᠨᠳᠦᠰᠦᠲᠡᠨᠨᠦᠭᠦᠳ ᠤ᠋ᠨ ᠰᠣᠶᠣᠯ ᠤ᠋ᠨ ᠰᠣᠯᠢᠯᠴᠠᠭ᠎ᠠ ᠠᠭᠤᠰᠤᠯᠴᠠᠯ ᠢ᠋ ᠣᠢᠯᠠᠭᠠᠵᠤ ᠂ ᠦᠨᠳᠦᠰᠦᠲᠡᠨᠨᠦᠭᠦᠳ ᠤ᠋ᠨ ᠠᠷᠠᠳ ᠲᠦᠮᠡᠨ ᠨᠢᠭᠡ ᠭᠡᠷ ᠤ᠋ᠨ ᠬᠦᠮᠦᠨ ᠮᠡᠲᠦ ᠲᠤᠳᠤᠨᠤ ᠶᠠᠪᠤᠯᠴᠠᠵᠤ ᠂ ᠦᠨᠳᠦᠰᠦᠲᠡᠨᠨᠦᠭᠦᠳ ᠤ᠋ᠨ ᠠᠷᠠᠳ ᠲᠦᠮᠡᠨ ᠠᠨᠠᠷ ᠤ᠋ᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ ᠬᠡᠷᠡᠭ᠌ᠲᠡᠢ ᠭᠡᠳᠡᠭ ᠢ᠋ ᠤᠢᠯᠠᠭᠠᠵᠠᠢ ᠃ ᠤᠯᠤᠰ ᠤ᠋ᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠰᠤᠷᠤᠯᠴᠠᠬᠤᠪᠠᠷ ᠲᠠᠮᠵᠢᠨ ᠂ ᠪᠢ ᠮᠡᠳᠡᠯᠭᠡ ᠰᠤᠷᠤᠭᠰᠠᠨ ᠶ᠋ᠢᠡᠷ ᠪᠠᠷᠠᠬᠤ ᠦᠭᠡᠢ ᠪᠠᠰᠠ ᠤᠩᠱᠢᠯᠭ᠎ᠠ ᠪᠠ ᠦᠭᠡ ᠬᠡᠯᠡ ᠦᠰᠦᠭ ᠪᠢᠴᠢᠭ ᠤ᠋ᠨ ᠴᠢᠳᠠᠪᠤᠷᠢ ᠪᠠᠨ ᠳᠡᠭᠡᠭ᠌ᠰᠢᠯᠡᠭᠦᠯᠪᠡ 》 ᠭᠡᠵᠦ ᠶᠠᠷᠢᠯ᠎ᠠ ᠃
ᠤᠢ᠍ᠢᠷᠠ ᠶ᠋ᠢᠨ ᠵᠢᠯᠡᠴᠡ ᠂ ᠲᠦᠩᠯᠢᠶᠣᠤ ᠬᠤᠳᠠ ᠶ᠋ᠢᠨ ᠮᠣᠩᠭᠣᠯ ᠦᠨᠳᠦᠰᠦᠲᠡᠨ ᠤ᠋ ᠰᠤᠷᠭᠠᠭᠤᠯᠢ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤᠪᠠᠷ ᠭᠣᠣᠯ ᠱᠢᠵᠢᠮ ᠪᠣᠯᠭᠠᠵᠤ ᠂ ᠬᠢᠴᠢᠶᠡᠯ ᠤ᠋ᠨ ᠲᠠᠩᠬᠢᠮ ᠤ᠋ᠨ ᠵᠢᠭᠠᠨ ᠰᠤᠷᠭᠠᠯᠲᠠᠪᠠᠷ ᠵᠢᠭ᠍ᠰᠠᠭᠠᠯ ᠤ᠋ᠨ ᠭᠠᠵᠠᠷ ᠪᠣᠯᠭᠠᠵᠤ ᠂ ᠵᠢᠭᠠᠨ ᠰᠤᠷᠭᠠᠯᠲᠠ ᠶ᠋ᠢᠨ ᠵᠠᠭ᠍ᠪᠤᠷ ᠤ᠋ᠨ ᠱᠢᠨ᠎ᠡ ᠵᠢ ᠡᠭᠦᠳᠴᠦ᠍ ᠂ ᠤᠯᠤᠰ ᠤ᠋ᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠬᠡᠷᠡᠭ᠌ᠯᠡᠬᠦ᠌ ᠵᠢ ᠪᠦᠬᠦ᠌ ᠲᠠᠯᠠᠪᠠᠷ ᠠᠬᠢᠭᠤᠯᠬᠤ ᠠᠵᠢᠯ ᠢ᠋ ᠦᠷᠭᠦᠯᠵᠢᠯᠡᠨ ᠰᠠᠢᠲᠤᠷ ᠬᠢᠵᠦ᠍ ᠂ ᠰᠤᠷᠤᠭ᠍ᠴᠢᠳ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠰᠠᠢᠲᠤᠷ ᠡᠵᠡᠮᠱᠢᠨ ᠬᠡᠷᠡᠭ᠌ᠯᠡᠬᠦ᠌ ᠵᠢ ᠦᠨᠡᠨ ᠬᠦ᠌ ᠪᠠᠲᠤᠯᠠᠵᠤ ᠂ ᠳᠤᠮᠳᠠᠳᠤ ᠶ᠋ᠢᠨ ᠰᠣᠶᠣᠯ ᠢ᠋ ᠰᠤᠷᠤᠭ᠍ᠴᠢᠳ ᠤ᠋ᠨ ᠰᠡᠳᠭᠢᠯᠳᠦ ᠭᠦᠨ ᠬᠠᠳᠠᠩᠱᠢᠭᠤᠯᠪᠠ ᠃ ᠪᠠᠭ᠍ᠰᠢ ᠶ᠋ᠢᠨ ᠡᠩᠨᠡᠭᠡ ᠶ᠋ᠢᠨ ᠪᠦᠬᠦᠯᠢ ᠴᠣᠭ᠍ᠴᠠ ᠶ᠋ᠢᠨ ᠬᠡᠪ ᠴᠢᠨᠠᠷ ᠢ᠋ ᠦᠨᠡᠨ ᠬᠦ᠌ ᠳᠡᠭᠡᠭ᠌ᠰᠢᠯᠡᠭᠦᠯᠵᠦ᠍ ᠂ ᠬᠢᠴᠢᠶᠡᠯ ᠤ᠋ᠨ ᠲᠠᠩᠬᠢᠮ ᠤ᠋ᠨ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌ ᠶ᠋ᠢᠨ ᠲᠥᠯᠥᠭᠡ ᠂ ᠲᠦᠩᠯᠢᠶᠣᠤ ᠬᠣᠲᠠ ᠶ᠋ᠢᠨ ᠮᠣᠩᠭᠣᠯ ᠦᠨᠳᠦᠰᠦᠲᠡᠨ ᠤ᠋ ᠰᠤᠷᠭᠠᠭᠤᠯᠢ ᠵᠠᠯᠠᠭᠤ ᠪᠠᠭ᠍ᠰᠢ ᠶ᠋ᠢᠨ ᠦᠰᠦᠨ ᠪᠣᠢᠵᠢᠯᠲᠠ ᠶ᠋ᠢᠨ ᠪᠠᠢᠳᠠᠯ ᠢ᠋ ᠦᠨᠳᠦᠰᠦᠯᠡᠨ ᠂ ᠵᠠᠯᠠᠭᠤ ᠪᠠᠭ᠍ᠰᠢ ᠶ᠋ᠢᠨ ᠬᠡᠪ ᠪᠣᠯᠪᠠᠰᠤᠷᠠᠯ ᠢ᠋ ᠳᠡᠭᠡᠭ᠌ᠰᠢᠯᠡᠭᠦᠯᠬᠦ᠌ ᠲᠥᠯᠥᠪᠯᠡᠭᠡ ᠲᠣᠭ᠍ᠲᠠᠭᠠᠵᠤ ᠂ ᠦᠨᠳᠦᠰᠦᠨ ᠪᠣᠯᠪᠠᠰᠤᠷᠠᠯ ᠢ᠋ ᠬᠢᠨᠠᠨ ᠱᠢᠯᠭᠠᠬᠤ ᠂ ᠲᠤᠬᠠᠢᠯᠠᠭ᠍ᠰᠠᠨ ᠠᠵᠢᠯ ᠤ᠋ᠨ ᠴᠢᠳᠠᠪᠤᠷᠢ ᠵᠢ ᠳᠡᠭᠡᠭ᠌ᠰᠢᠯᠡᠭᠦᠯᠬᠦ᠌ ᠪᠣᠯᠪᠠᠰᠤᠷᠠᠯ ᠥᠷᠨᠢᠭᠦᠯᠵᠦ᠍ ᠂ ᠬᠢᠴᠢᠶᠡᠯ ᠤ᠋ᠨ ᠲᠠᠩᠬᠢᠮ ᠤ᠋ᠨ ᠵᠢᠭᠠᠨ ᠰᠤᠷᠭᠠᠯᠲᠠ ᠵᠢ ᠦᠨᠡᠯᠡᠨ ᠵᠢᠱ᠌ᠢᠬᠦ᠌ ᠠᠵᠢᠯ ᠢ᠋ ᠲᠣᠭ᠍ᠲᠠᠮᠠᠯ ᠬᠤᠭᠤᠴᠠᠭᠠᠲᠠᠶᠪᠠᠷ ᠰᠠᠢᠲᠤᠷ ᠬᠢᠵᠦ᠍ ᠂ ᠵᠠᠯᠠᠭᠤ ᠪᠠᠭ᠍ᠰᠢ ᠶ᠋ᠢᠨ ᠲᠦᠷᠭᠡᠨ ᠦᠰᠦᠨ ᠪᠣᠢᠵᠢᠬᠤ ᠵᠢ ᠱᠠᠯᠠᠪᠳᠠᠭᠤᠯᠵᠤ ᠪᠠᠢᠨ᠎ᠠ ᠃ ᠲᠤᠰ ᠰᠤᠷᠭᠠᠭᠤᠯᠢ ᠲᠦᠩᠯᠢᠶᠣᠤ ᠬᠤᠲᠠ ᠶ᠋ᠢᠨ ᠳᠥᠷᠪᠡᠳᠦᠭᠡᠷ ᠳᠤᠮᠳᠠᠳᠤ ᠰᠤᠷᠭᠠᠭᠤᠯᠢ ᠂ ᠲᠦᠩᠯᠢᠶᠣᠤ ᠬᠤᠲᠠ ᠶ᠋ᠢᠨ ᠲᠤᠷᠱᠢᠯᠲᠠ ᠶ᠋ᠢᠨ ᠪᠠᠭ᠎ᠠ ᠰᠤᠷᠭᠠᠭᠤᠯᠢ ᠶ᠋ᠢᠨ ᠨᠡᠭᠡᠭᠡᠯᠲᠡ ᠶ᠋ᠢᠨ ᠣᠷᠣᠨ ᠤ᠋ ᠹᠦ᠋ ᠯᠢ ᠬᠤᠪᠢᠶᠠᠷᠢ ᠰᠤᠷᠭᠠᠭᠤᠯᠢᠲᠠᠶ ᠬᠠᠷᠢᠯᠴᠠᠭ᠎ᠠ ᠪᠠᠢᠭᠤᠯᠵᠤ ᠂ ᠪᠠᠭ᠍ᠰᠢᠨᠠᠷ ᠢ᠋ ᠵᠣᠬᠢᠶᠠᠨ ᠪᠠᠢᠭᠤᠯᠵᠤ ᠡᠨᠡ ᠬᠣᠶᠠᠷ ᠰᠤᠷᠭᠠᠭᠤᠯᠢ ᠳ᠋ᠦ ᠰᠤᠯᠢᠯᠴᠠᠨ ᠰᠤᠷᠤᠯᠴᠠᠭᠤᠯᠵᠤ ᠂ ᠪᠠᠭ᠍ᠰᠢᠨᠠᠷ ᠤ᠋ᠨ ᠵᠢᠭᠠᠨ ᠰᠤᠷᠭᠠᠬᠤ ᠴᠢᠳᠠᠪᠤᠷᠢ ᠵᠢ ᠳᠡᠭᠡᠭ᠌ᠰᠢᠯᠡᠭᠦᠯᠵᠤ ᠪᠠᠢᠨ᠎ᠠ ᠃ ᠡᠭᠦᠨ ᠤ᠋ ᠬᠠᠮᠲᠤ ᠂ ᠲᠣᠰ ᠰᠤᠷᠭᠠᠭᠤᠯᠢ ᠵᠢᠭᠠᠨ ᠰᠤᠷᠭᠠᠯᠲᠠ ᠶ᠋ᠢᠨ ᠠᠬᠢᠴᠠ ᠪᠠ ᠴᠠᠭ ᠤ᠋ᠨ ᠳᠠᠷᠠᠭᠠᠯᠠᠯ ᠢ᠋ ᠵᠦᠶ ᠵᠣᠬᠢᠰᠲᠠᠶ ᠳᠣᠭᠢᠷᠠᠭᠤᠯᠵᠤ᠂ ᠵᠤᠯᠭᠠᠭᠤᠯᠤᠨ ᠵᠢᠭᠠᠨ ᠰᠤᠷᠭᠠᠬᠤ ᠠᠵᠢᠯ ᠢ᠋ ᠰᠠᠢᠲᠤᠷ ᠬᠢᠵᠦ᠍ ᠂ ᠵᠢᠭᠠᠨ ᠰᠤᠷᠭᠠᠯᠲᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠵᠢ ᠦᠨᠡᠨ ᠬᠦ᠌ ᠪᠠᠲᠤᠯᠠᠵᠦ ᠪᠠᠢᠨ᠎ᠠ ᠃
《ᠰᠤᠷᠭᠠᠭᠤᠯᠢᠠᠴᠠ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠲᠦᠬᠡᠮᠡᠯᠵᠢᠭᠦᠯᠦᠨ ᠬᠡᠷᠡᠭ᠌ᠯᠡᠭ᠌ᠰᠡᠨᠡᠴᠡ ᠨᠠᠭᠠᠰᠢ ᠂ ᠲᠦᠩᠯᠢᠶᠣᠤ ᠬᠣᠲᠠ ᠶ᠋ᠢᠨ ᠨᠠᠮ ᠤ᠋ᠨ ᠬᠣᠷᠢᠶ᠎ᠠ ᠂ ᠵᠠᠰᠠᠭ ᠤ᠋ᠨ ᠣᠷᠳᠣᠨᠠᠴᠠ ᠰᠤᠷᠭᠠᠭᠤᠯᠢ ᠶ᠋ᠢᠨ ᠡᠯ᠎ᠡ ᠵᠦᠶ᠋ᠯ ᠤ᠋ᠨ ᠠᠵᠢᠯ ᠳ᠋ᠦ ᠬᠦᠴᠦᠲᠡᠶ ᠳᠡᠮᠵᠢᠯᠭᠡ ᠦᠵᠡᠭᠦᠯᠵᠦ ᠪᠤᠢ᠃ ᠢᠯᠠᠩᠭᠤᠶ᠎ᠠ ᠠᠩᠬ᠎ᠠ ᠡᠬᠢᠯᠡᠵᠦ᠍ ᠬᠡᠷᠡᠭ᠌ᠵᠢᠭᠦᠯᠬᠦ᠌ ᠦᠶᠡᠳᠦ ᠂ ᠰᠤᠷᠭᠠᠭᠤᠯᠢ ᠳ᠋ᠦ 20 ᠣᠷᠣᠨ ᠲᠣᠭ᠎ᠠ ᠱᠢᠨ᠎ᠡ ᠪᠡᠷ ᠨᠡᠮᠡᠵᠦ᠍ ᠂ ᠰᠤᠷᠭᠠᠭᠤᠯᠢ ᠶ᠋ᠢᠨ ᠪᠠᠭ᠍ᠰᠢ ᠳᠤᠲᠠᠭ᠍ᠳᠠᠵᠤ ᠪᠠᠢᠭ᠎ᠠ ᠠᠰᠠᠭᠤᠳᠠᠯ ᠢ᠋ ᠤᠨᠤᠴᠢᠲᠠᠢ ᠱᠢᠶ᠋ᠳᠪᠦᠷᠢᠯᠡᠪᠡ ᠃ ᠲᠠᠰᠤᠷᠠᠯᠲᠠ ᠦᠭᠡᠢ ᠴᠢᠷᠮᠠᠢᠯᠭᠠᠪᠠᠷ ᠳᠠᠮᠵᠢᠨ ᠂ ᠬᠡᠦᠬᠡᠳ ᠤ᠋ᠨ ᠬᠦᠯᠢᠶᠡᠨ ᠠᠪᠬᠤ ᠴᠢᠳᠠᠪᠤᠷᠢ ᠳᠡᠭᠡᠭ᠌ᠰᠢᠯᠡᠵᠦ᠍᠂ ᠪᠠᠭ᠍ᠰᠢ ᠶ᠋ᠢᠨ ᠵᠢᠭᠠᠨ ᠰᠤᠷᠭᠠᠬᠤ ᠬᠢᠷᠢ ᠲᠦᠪᠱᠢᠨ ᠴᠦ᠍ ᠨᠡᠢᠳᠡᠮ ᠳ᠋ᠡᠭᠡᠨ ᠳᠡᠭᠡᠭ᠌ᠰᠢᠯᠡᠪᠡ 》 ᠭᠡᠵᠦ᠍ ᠲᠦᠩᠯᠢᠶᠣᠤ ᠬᠣᠲᠠ ᠶ᠋ᠢᠨ ᠮᠣᠩᠭᠣᠯ ᠦᠨᠳᠦᠰᠦᠲᠡᠨ ᠤ᠋ ᠰᠤᠷᠭᠠᠭᠤᠯᠢ ᠶ᠋ᠢᠨ ᠨᠠᠮ ᠤ᠋ᠨ ᠶᠡᠷᠦᠩᠬᠡᠶ ᠡᠭᠦᠷ ᠤ᠋ᠨ ᠱᠦᠵᠢ ᠮᠠ᠊·ᠪᠠᠭᠠᠨ᠎ᠠ ᠶᠠᠷᠢᠨ᠎ᠠ ᠃
ᠣᠷᠳᠣ ᠬᠤᠭᠤᠴᠠᠭᠠᠨ ᠤ᠋ ᠲᠤᠷᠰᠢ ᠂ ᠲᠦᠩᠯᠢᠶᠣᠤ ᠬᠣᠲᠠ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠳᠡᠯᠭᠡᠷᠡᠭᠦᠯᠦᠨ ᠬᠡᠷᠡᠭ᠌ᠯᠡᠬᠦ᠌ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠂ ᠪᠠᠭ᠍ᠰᠢ ᠶ᠋ᠢᠨ ᠡᠡᠭᠨᠡᠭᠡ ᠶ᠋ᠢᠨ ᠪᠠᠲᠤᠯᠠᠭ᠎ᠠ ᠂ ᠵᠢᠭᠠᠨ ᠰᠤᠷᠭᠠᠯᠲᠠ ᠶ᠋ᠢᠨ ᠵᠢᠭᠠᠨ ᠵᠢᠯᠣᠭᠣᠳᠣᠯᠭ᠎ᠠ ᠂ ᠶᠠᠰᠤ ᠴᠢᠨᠠᠷ ᠤ᠋ᠨ ᠬᠢᠨᠠᠨ ᠬᠡᠮᠵᠢᠯᠲᠡ ᠵᠡᠷᠭᠡ ᠲᠣᠭ᠍ᠲᠠᠴᠠᠪᠠᠷ ᠭᠤᠤᠯ ᠴᠣᠭ᠍ᠴᠠ ᠪᠤᠯᠭᠠᠵᠤ ᠂ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠬᠡᠷᠡᠭ᠌ᠯᠡᠬᠦ᠌ ᠵᠢ ᠪᠥᠬᠥ᠌ ᠲᠠᠯᠠᠪᠠᠷ ᠠᠬᠢᠭᠤᠯᠤᠭ᠍ᠰᠠᠨ ᠪᠠᠢᠨ᠎ᠠ ᠃ ᠪᠠᠭ᠍ᠰᠢ ᠶ᠋ᠢᠨ ᠪᠣᠯᠪᠠᠰᠤᠷᠠᠯ ᠢ᠋ ᠴᠢᠩᠭᠠᠳᠭᠠᠬᠤ ᠂ ᠵᠢᠭᠠᠨ ᠰᠤᠳᠤᠯᠬᠤ ᠠᠵᠢᠯ ᠢ᠋ ᠲᠣᠭ᠍ᠲᠠᠮᠠᠯ ᠬᠤᠭᠤᠴᠠᠭᠠᠲᠠᠶᠪᠠᠷ ᠥᠷᠨᠢᠭᠦᠯᠬᠦ᠌ ᠵᠡᠷᠭᠡ ᠤᠯᠠᠨ ᠵᠦᠢᠯ ᠤ᠋ᠨ ᠠᠷᠭ᠎ᠠ ᠬᠡᠮᠵᠢᠶ᠎ᠡ ᠠᠪᠴᠤ᠌ ᠂ ᠤᠯᠤᠰ ᠤ᠋ᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤ᠋ᠨ ᠵᠢᠭᠠᠨ ᠰᠤᠷᠭᠠᠯᠲᠠ ᠶ᠋ᠢᠨ ᠶᠠᠰᠤ ᠴᠢᠨᠠᠷ ᠢ᠋ ᠪᠡᠬᠢᠵᠢᠭᠦᠯᠦᠨ ᠳᠡᠭᠡᠭ᠌ᠰᠢᠯᠡᠭᠦᠯᠵᠦ᠍ ᠂ ᠤᠯᠤᠰ ᠤ᠋ᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤ᠋ᠨ ᠰᠦᠭ ᠰᠦᠨᠡᠰᠦ ᠵᠢ ᠱᠤᠭᠤᠵᠤ ᠬᠥᠮᠦᠨ ᠢ᠋ ᠬᠥᠮᠦᠵᠢᠭᠦᠯᠬᠦ᠌ ᠂ ᠤᠶᠤᠨ ᠤᠬᠠᠭᠠᠨ ᠢ᠋ ᠰᠡᠩᠬᠡᠷᠡᠭᠦᠯᠵᠦ᠍ ᠤᠶᠤᠨ ᠪᠢᠯᠢᠭ ᠢ᠋ ᠨᠡᠮᠡᠭ᠌ᠳᠡᠭᠦᠯᠬᠦ᠌ ᠦᠢᠯᠡᠳᠦᠯ ᠢ᠋ ᠤᠯᠠᠮ ᠴᠢᠨᠠᠭ᠍ᠰᠢᠳᠠ ᠪᠠᠳᠠᠷᠠᠭᠤᠯᠪᠠ ᠃ ᠣᠷᠣᠨ ᠪᠦᠰᠡ ᠶ᠋ᠢᠨ ᠰᠤᠷᠭᠠᠨ ᠬᠥᠮᠦᠵᠢᠯ ᠤ᠋ᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ ᠶ᠋ᠢᠨ ᠲᠥᠯᠥᠭᠡ ᠂ ᠲᠦᠩᠯᠢᠶᠣᠤ ᠬᠣᠲᠠ 2023 ᠣᠨ ᠤ᠋ ᠨᠠᠮᠤᠷ ᠤ᠋ᠨ ᠤᠯᠠᠷᠢᠯ ᠤ᠋ᠨ ᠰᠤᠷᠤᠯᠭ᠎ᠠ ᠶ᠋ᠢᠨ ᠬᠤᠭᠤᠴᠠᠭᠠᠨ ᠤ᠋ ᠵᠢᠭᠠᠨ ᠰᠤᠷᠭᠠᠯᠲᠠ ᠶ᠋ᠢᠨ ᠲᠣᠭᠣᠷᠢᠨ ᠦᠵᠡᠵᠦ᠍ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ ᠂ ᠪᠡᠭᠡᠵᠢᠩ ᠂ ᠤᠯᠠᠭᠠᠨᠬᠠᠳᠠ ᠂ ᠲᠦᠩᠯᠢᠶᠣᠤ ᠵᠡᠷᠭᠡ ᠭᠠᠵᠠᠷ ᠤ᠋ᠨ ᠭᠤᠤᠯᠯᠠᠭ᠍ᠴᠢ ᠪᠠᠭ᠍ᠰᠢ ᠵᠢᠴᠢ ᠵᠢᠭᠠᠨ ᠰᠤᠳᠤᠯᠤᠭ᠍ᠴᠢ ᠬᠢᠴᠢᠶᠡᠯ ᠶᠠᠷᠢᠵᠤ ᠰᠣᠯᠢᠯᠴᠠᠭ᠎ᠠ ᠬᠢᠵᠦ ᠲᠤᠷᠱᠢᠯᠭ᠎ᠠ ᠪᠠᠨ ᠬᠤᠪᠢᠶᠠᠯᠴᠠᠪᠠ ᠃ ᠲᠠᠷᠠᠭᠠᠴᠢ ᠶ᠋ᠢᠨ ᠠᠯᠬᠤᠮ ᠳ᠋ᠦ ᠂ ᠲᠦᠩᠯᠢᠶᠣᠤ ᠬᠣᠲᠠ ᠵᠣᠬᠢᠶᠠᠨ ᠪᠠᠢᠭᠤᠯᠤᠯᠲᠠ ᠶ᠋ᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠭᠠᠵᠤ ᠂ ᠪᠠᠭ᠍ᠰᠢ ᠶ᠋ᠢᠨ ᠡᠡᠭᠨᠡᠭᠡ ᠶ᠋ᠢᠨ ᠪᠠᠲᠤᠯᠠᠭ᠎ᠠ ᠵᠢᠴᠢ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤ᠋ᠨ ᠬᠢᠴᠢᠶᠡᠯ ᠲᠥᠷᠥᠯ ᠤ᠋ᠨ ᠵᠢᠭᠠᠨ ᠰᠤᠳᠤᠯᠬᠤ ᠠᠵᠢᠯ ᠢ᠋ ᠰᠠᠢᠲᠤᠷ ᠠᠳᠭᠤᠵᠤ ᠂ ᠤᠤᠯ ᠤ᠋ᠨ ᠦᠨᠳᠦᠰᠦᠲᠡᠨ ᠤ᠋ ᠦᠭᠡ ᠬᠡᠯᠡ ᠪᠡᠷ ᠬᠢᠴᠢᠶᠡᠯᠯᠡᠵᠦ᠍ ᠪᠠᠢᠭᠰᠠᠨ ᠳᠤᠮᠳᠠᠳᠤ ᠪᠠᠭ᠎ᠠ ᠰᠤᠷᠭᠠᠭᠤᠯᠢ ᠳ᠋ᠦ ᠦᠨᠡᠯᠡᠯᠲᠡ ᠬᠢᠬᠦ᠌ ᠬᠢᠴᠢᠶᠡᠯ ᠰᠣᠨᠣᠰᠭᠤ ᠵᠢᠴᠢ ᠵᠢᠭᠠᠨ ᠰᠤᠷᠭᠠᠯᠲᠠ ᠵᠢ ᠵᠢᠭᠠᠨ ᠵᠢᠯᠣᠭᠣᠳᠭᠤ ᠠᠵᠢᠯ ᠢ᠋ ᠥᠷᠭᠡᠨ ᠶ᠋ᠢᠡᠷ ᠭᠦᠨᠵᠡᠭᠡᠢᠷᠡᠭᠦᠯᠵᠦ᠍ ᠂ ᠵᠢᠭᠠᠨ ᠰᠤᠷᠭᠠᠯᠲᠠ ᠶ᠋ᠢᠨ ᠠᠵᠢᠯ ᠳᠤᠮᠳᠠᠬᠢ ᠬᠦᠴᠢᠷᠳᠡᠯ ᠢ᠋ ᠬᠦᠴᠦᠯᠡᠨ ᠱᠢᠶ᠋ᠳᠪᠦᠷᠢᠯᠡᠵᠦ᠍ ᠂ ᠪᠠᠭ᠍ᠰᠢ ᠶ᠋ᠢᠨ ᠵᠢᠭᠠᠨ ᠰᠤᠷᠭᠠᠯᠲᠠ ᠶ᠋ᠢᠨ ᠬᠢᠷᠢ ᠲᠦᠪᠱᠢᠨ ᠢ᠋ ᠳᠡᠭᠡᠭ᠌ᠰᠢᠯᠡᠭᠦᠯᠵᠦ᠍᠂ ᠰᠤᠷᠤᠭ᠍ᠴᠢᠳ ᠲᠦ᠍ ᠨᠠᠩ ᠴᠢᠨᠠᠷ ᠰᠠᠢᠲᠠᠶ ᠰᠤᠷᠭᠠᠨ ᠬᠥᠮᠦᠵᠢᠯ ᠬᠦᠷᠲᠡᠭᠡᠬᠦ ᠪᠡᠷ ᠬᠦᠴᠦᠯᠡᠵᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃