2023-10-11 10:57:29
《ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠰᠤᠷᠬᠤ ᠨᠢ ᠨᠠᠳᠠ᠎ᠳᠤ ᠨᠡᠩ ᠰᠢᠨ᠎ᠡ ᠨᠡᠩ ᠦᠷᠬᠡᠨ ᠶᠢᠷᠲᠢᠨᠴᠦ᠎ᠶᠢ ᠨᠡᠭᠡᠭᠡᠵᠦ ᠥᠭᠴᠡᠢ》 ᠭᠡᠵᠦ ᠪᠠᠭ᠎ᠠ ᠰᠤᠷᠭᠠᠭᠤᠯᠢ᠎ᠶᠢᠨ ᠳᠥᠷᠪᠡᠳᠦᠭᠡᠷ ᠣᠨ᠎ᠤ ᠰᠣᠷᠣᠭ᠍ᠴᠢ ᠠᠮᠤᠷ ᠬᠡᠯᠡᠨ᠎ᠡ᠃ ᠲᠡᠷᠡ ᠠᠯᠢᠮᠠᠳ ᠪᠠᠭᠰᠢ ᠵᠢᠨ ᠵᠢᠭᠠᠳᠠᠭ ᠬᠡᠯᠡ ᠪᠢᠴᠢᠭ᠎ᠦᠨ ᠬᠢᠴᠢᠶᠡᠯ ᠢ᠋ ᠬᠠᠮᠤᠭ᠎ᠤᠨ ᠰᠤᠷᠬᠤ ᠳᠤᠷ᠎ᠠ ᠳᠠᠢ ᠪᠠᠢᠯ᠎ᠠ᠃ ᠬᠠᠭᠤᠴᠢᠨ ᠪᠠᠷᠭᠤ ᠬᠣᠰᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ᠎ᠶᠢᠨ ᠵᠢᠭᠠᠨ ᠰᠤᠷᠭᠠᠬᠤ ᠴᠢᠳᠠᠪᠤᠷᠢᠲᠠᠨ᠂ ᠭᠣᠣᠯᠯᠠᠭ᠍ᠴᠢ ᠪᠠᠭ᠍ᠰᠢ ᠠᠯᠢᠮᠠᠳ ᠭᠠᠷᠠᠭ ᠪᠦᠷᠢ ᠬᠣᠶᠠᠷ ᠤᠳᠠᠭ᠎ᠠ ᠪᠤᠰᠤᠳ ᠪᠠᠭ᠎ᠠ ᠰᠤᠷᠭᠠᠭᠤᠯᠢ᠎ᠳᠤ ᠬᠦᠷᠴᠦ ᠬᠢᠴᠢᠶᠡᠯ᠎ᠦᠨ ᠳᠠᠷᠠᠭᠠᠬᠢ ᠦᠢᠯᠡᠴᠢᠯᠡᠭᠡ ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠵᠢᠯᠣᠭᠣᠳᠤᠯᠭ᠎ᠠ ᠥᠷᠨᠢᠭᠦᠯᠳᠡᠭ᠃ 《ᠪᠠᠭ᠍ᠰᠢ ᠱᠠᠪᠢ ᠬᠠᠮᠳᠤ ᠪᠡᠷ ᠨᠢᠭᠡ ᠬᠢᠴᠢᠶᠡᠯ ᠣᠷᠣᠬᠤ》 ᠂ 《ᠰᠤᠯᠤᠩᠭᠠᠨ ᠦᠩᠬᠡᠳᠤ ᠬᠡᠯᠡ ᠪᠢᠴᠢᠭ᠎ᠦᠨ ᠳᠠᠰᠬᠠᠯ》 ᠂ 《ᠬᠢᠴᠢᠶᠡᠯ᠎ᠦᠨ ᠳᠠᠷᠠᠭᠠᠬᠢ ᠦᠢᠯᠡᠴᠢᠯᠡᠭᠡ ᠵᠢᠨ ᠵᠢᠯᠤᠭᠣᠳᠬᠤ ᠤᠷ᠎ᠠ ᠮᠡᠷᠭᠡᠵᠢᠯ》 ᠵᠡᠷᠭᠡ ᠠᠮᠢᠳᠤᠯᠢᠭ᠋ ᠰᠣᠨᠢᠷᠬᠠᠯᠲᠠᠢ ᠬᠡᠯᠡ ᠪᠢᠴᠢᠭ᠎ᠦᠨ ᠵᠠᠭᠪᠤᠷ ᠬᠢᠴᠢᠶᠡᠯ᠎ᠦᠨ ᠦᠵᠡᠬᠦᠯᠬᠡ ᠨᠢ ᠪᠠᠭ᠍ᠰᠢ ᠰᠤᠷᠤᠭ᠍ᠴᠢᠳ᠎ᠲᠤ ᠮᠠᠰᠢ ᠶᠡᠬᠡ ᠠᠰᠢᠭ᠋ ᠲᠤᠰᠠ ᠬᠦᠷᠳᠡᠬᠡᠵᠤ ᠪᠤᠢ ᠃
《ᠭᠠᠭᠴᠠ ᠴᠡᠴᠡᠭ ᠳᠡᠯᠬᠡᠷᠡᠬᠦ ᠵᠢ ᠬᠠᠪᠤᠷᠭᠡᠬᠦ ᠦᠭᠡᠢ᠂ ᠥᠩᠭᠡ ᠶ᠋ᠢᠨ ᠴᠡᠴᠡᠭ ᠵᠡᠷᠭᠡ ᠪᠡᠷ ᠳᠡᠯᠬᠡᠷᠡᠬᠦ ᠪᠡᠷ ᠬᠠᠪᠤᠷ᠎ᠤᠨ ᠦᠵᠡᠮᠵᠢ ᠪᠦᠷᠢᠳᠦᠮᠤᠢ᠂ ᠰᠤᠷᠤᠭ᠍ᠴᠢ ᠨᠢᠭᠡ ᠪᠦᠷᠢ ᠳ᠋ᠤ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠰᠤᠷᠤᠯᠴᠠᠯᠭ᠎ᠠ ᠶ᠋ᠢᠨ ᠬᠠᠪᠤ ᠴᠡᠩᠭᠡᠯ ᠢ ᠣᠯᠭᠣᠵᠤ᠂ ᠳᠠᠯᠳᠠ ᠴᠢᠳᠠᠪᠤᠷᠢ ᠶ᠋ᠢ ᠨᠢ ᠪᠠᠳᠠᠷᠠᠭᠤᠯᠤᠨ᠎ᠠ》 ᠬᠡᠵᠦ ᠬᠠᠭᠤᠴᠢᠨ ᠪᠠᠷᠭᠤ ᠬᠣᠰᠢᠭᠤᠨ᠎ᠤ ᠦᠨᠳᠦᠰᠦᠳᠡᠨ ᠤ᠋ ᠪᠠᠭ᠎ᠠ ᠰᠤᠷᠭᠠᠭᠤᠯᠢ᠎ᠶᠢᠨ ᠵᠠᠬᠢᠷᠤᠯ ᠰᠠᠷᠠᠨ᠎ᠠ 《ᠴᠡᠴᠡᠭ ᠪᠦᠬᠦᠨ᠎ᠢ ᠵᠡᠷᠭᠡ ᠪᠡᠷ ᠳᠡᠯᠭᠡᠷᠡᠭᠦᠯᠬᠦ 》 ᠵᠢᠭᠠᠨ ᠰᠤᠷᠭᠠᠯᠲᠠ᠎ᠶᠢᠨ ᠣᠢᠯᠠᠭᠠᠭᠳᠠᠬᠤᠨ ᠪᠠ ᠰᠢᠯᠢᠳᠡᠭ ᠰᠤᠷᠤᠯᠴᠠᠯᠭ᠎ᠠ᠎ᠶᠢᠨ ᠣᠢᠯᠠᠭᠠᠯᠲᠠ᠎ᠶᠢ ᠬᠡᠷᠡᠭᠵᠢᠭᠦᠯᠦᠭᠰᠡᠨ᠎ᠡᠴᠡ ᠥᠷᠭᠡᠨ ᠤᠯᠠᠨ ᠪᠠᠭ᠍ᠰᠢ ᠰᠤᠷᠤᠭ᠍ᠴᠢᠳ᠎ᠤᠨ ᠬᠦᠷᠢᠶᠡᠯᠡᠯ᠎ᠢ ᠣᠯᠣᠭᠰᠠᠨ ᠪᠠᠢᠨ᠎ᠠ᠃
ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠬᠦ᠎ᠶᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ᠎ᠡᠴᠡ ᠨᠠᠭᠠᠰᠢ ᠂ ᠬᠥᠯᠥᠨ ᠪᠣᠶ᠋ᠢᠷ ᠬᠣᠲᠠ ᠤᠷᠢᠳ ᠬᠣᠵᠢᠳ ᠬᠡᠯᠡ ᠪᠢᠴᠢᠭ᠎ᠦᠨ ᠬᠢᠴᠢᠶᠡᠯ ᠲᠥᠷᠥᠯ᠎ᠦᠨ ᠵᠢᠭᠠᠨ ᠰᠤᠷᠭᠠᠯᠲᠠ᠎ᠶᠢᠨ ᠴᠢᠳᠠᠪᠤᠷᠢᠲᠠᠨ ᠂ ᠬᠢᠴᠢᠶᠡᠯ ᠲᠥᠷᠥᠯ᠎ᠦᠨ ᠳᠠᠭᠠᠭᠤᠯᠤᠭ᠍ᠴᠢ ᠂ ᠭᠣᠣᠯᠯᠠᠭ᠍ᠴᠢ ᠪᠠᠭ᠍ᠰᠢ ᠵᠡᠷᠭᠡ 60 ᠰᠢᠯᠢᠳᠡᠭ ᠪᠠᠭ᠍ᠰᠢ᠎ᠶᠢ ᠰᠣᠩᠭᠣᠨ ᠲᠣᠮᠢᠯᠠᠵᠤ ᠂ ᠣᠢᠷ᠎ᠠ ᠬᠠᠪᠢ᠎ᠳᠠᠭᠠᠨ ᠲᠥᠬᠥᠮ ᠦᠵᠡᠭᠦᠯᠬᠦ ᠵᠠᠷᠴᠢᠮ ᠶᠣᠰᠣᠭᠠᠷ ᠂ ᠬᠢᠴᠢᠶᠡᠯ᠎ᠦᠨ ᠳᠠᠷᠠᠭᠠᠬᠢ ᠦᠢᠯᠡᠴᠢᠯᠡᠭᠡ᠎ᠵᠢᠨ ᠴᠠᠭ᠎ᠢ ᠠᠰᠢᠭ᠍ᠯᠠᠨ ᠪᠤᠰᠤᠳ ᠰᠤᠷᠭᠠᠭᠤᠯᠢ᠎ᠳᠤ ᠬᠦᠷᠴᠦ ᠬᠠᠪᠰᠤᠷᠤᠨ ᠵᠢᠯᠤᠭᠤᠳᠤᠯᠭ᠎ᠠ ᠬᠢᠵᠦ ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠨ ᠨᠢᠭᠤᠷᠲᠠᠨ ᠵᠢᠯᠤᠭᠣᠳᠴᠤ ᠂ ᠡᠯ᠎ᠡ ᠰᠤᠷᠭᠠᠭᠤᠯᠢ᠎ᠶᠢᠨ ᠬᠡᠯᠡ ᠪᠢᠴᠢᠭ᠎ᠦᠨ ᠬᠢᠴᠢᠶᠡᠯ ᠲᠥᠷᠥᠯ᠎ᠦᠨ ᠵᠢᠭᠠᠨ ᠰᠤᠷᠭᠠᠯᠲᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠪᠡ ᠃
ᠬᠡᠯᠡ ᠪᠢᠴᠢᠭ ᠪᠣᠯ ᠪᠤᠰᠤᠳ ᠬᠢᠴᠢᠶᠡᠯ᠎ᠢ ᠰᠠᠢᠲᠤᠷ ᠰᠤᠷᠬᠤ᠎ᠶᠢᠨ ᠰᠠᠭᠤᠷᠢ ᠮᠥᠨ ᠂ ᠪᠥᠬᠥ ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ 《 ᠨᠢᠭᠡ ᠭᠠᠵᠠᠷ᠎ᠲᠤ ᠨᠢᠭᠡ ᠲᠦᠰᠦᠯ》᠂ 《ᠨᠢᠭᠡ ᠰᠤᠷᠭᠠᠭᠤᠯᠢ᠎ᠳᠤ ᠨᠢᠭᠡ ᠵᠠᠭᠪᠤᠷ 》᠎ᠤ᠋ᠨ ᠵᠠᠷᠴᠢᠮ ᠶᠣᠰᠣᠭᠠᠷ ᠂ ᠰᠤᠷᠭᠠᠭᠤᠯᠢ᠎ᠶᠢᠨ ᠪᠣᠳᠠᠲᠤ ᠪᠠᠢᠳᠠᠯ᠎ᠲᠠᠢ ᠪᠠᠨ ᠤᠶᠠᠯᠳᠤᠭᠤᠯᠤᠨ ᠬᠢᠴᠢᠶᠡᠯ ᠲᠥᠷᠥᠯ᠎ᠢ ᠵᠣᠯᠭᠠᠭᠤᠯᠬᠤ᠎ᠳᠤ ᠲᠣᠬᠢᠷᠠᠬᠤ ᠦᠪᠡᠷᠮᠢᠴᠡ ᠵᠢᠭᠠᠨ ᠰᠤᠷᠭᠠᠯᠲᠠ᠎ᠶᠢᠨ ᠡᠬᠢ ᠪᠠᠶᠠᠯᠢᠭ᠋᠎ᠢ ᠨᠡᠭᠡᠭᠡᠨ ᠬᠥᠭᠵᠢᠭᠦᠯᠪᠡ ᠃ ᠬᠠᠢᠯᠠᠷ ᠲᠣᠭᠣᠷᠢᠭ᠋᠎ᠤᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ 1363 ᠦᠭᠡᠰ᠎ᠦᠨ ᠲᠣᠭᠣᠷᠢᠨ᠎ᠳᠤ ᠤᠩᠰᠢᠬᠤ ᠪᠢᠴᠢᠭ᠎ᠦᠨ ᠪᠢᠴᠢᠭᠡᠰᠦ᠂ ᠭᠠᠷ ᠳᠡᠪᠲᠡᠷ ᠵᠢᠴᠢ ᠺᠠᠷᠲ ᠵᠡᠷᠭᠡ᠎ᠶᠢ ᠥᠪᠡᠷ᠎ᠢᠶᠡᠨ ᠨᠠᠢᠷᠠᠭᠤᠯᠤᠨ ᠵᠣᠬᠢᠶᠠᠪᠠ᠃ ᠰᠢᠨ᠎ᠡ ᠪᠠᠷᠭᠤ ᠪᠠᠷᠠᠭᠤᠨ ᠬᠣᠰᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ 《 ᠬᠡᠯᠡ ᠪᠢᠴᠢᠭ᠎ᠦᠨ ᠤᠩᠰᠢᠬᠤ ᠪᠢᠴᠢᠭ》 ᠭᠡᠬᠦ ᠨᠢᠭᠡᠳᠦᠯᠲᠡᠢ ᠨᠠᠢᠷᠠᠭᠤᠯᠤᠭᠰᠠᠨ ᠬᠡᠯᠡ ᠪᠢᠴᠢᠭ᠎ᠦᠨ ᠰᠤᠷᠭᠠᠭᠤᠯᠢ ᠵᠢᠨ ᠱᠠᠳᠤᠨ᠎ᠤ ᠵᠣᠯᠭᠠᠭᠤᠯᠬᠤ ᠮᠠᠲᠧᠷᠢᠶᠠᠯᠢ᠋ ᠵᠤᠬᠢᠶᠠᠨ ᠨᠠᠢᠷᠠᠭᠤᠯᠵᠤ ; ᠤᠷᠱᠤᠨ ᠰᠤᠷᠭᠠᠭᠤᠯᠢ᠎ᠶᠢᠨ 79 ᠰᠣᠷᠣᠭ᠍ᠴᠢ 《ᠲᠡᠮᠳᠡᠭᠯᠡᠨ ᠲᠣᠭᠠᠴᠢᠭ᠍ᠰᠠᠨ ᠵᠣᠬᠢᠶᠠᠯ᠎ᠤᠨ ᠵᠣᠬᠢᠶᠠᠨ ᠪᠢᠴᠢᠯᠭᠡ ᠂ ᠬᠢᠴᠢᠶᠡᠯ᠎ᠦᠨ ᠭᠠᠳᠠᠭᠤᠷᠬᠢ ᠤᠩᠰᠢᠯᠭ᠎ᠠ ᠂ ᠳᠦᠷᠢᠮᠵᠢᠭᠰᠡᠨ ᠥᠰᠥᠭ᠎ᠦᠨ ᠪᠢᠴᠢᠯᠭᠡ》 ᠵᠡᠷᠭᠡ ᠬᠡᠯᠡ ᠪᠢᠴᠢᠭ᠎ᠦᠨ ᠬᠢᠴᠢᠶᠡᠯ᠎ᠦᠨ ᠬᠠᠪᠰᠤᠷᠤᠨ ᠵᠢᠯᠣᠭᠣᠳᠤᠯᠭ᠎ᠠ᠎ᠳᠤ ᠰᠠᠢᠨ ᠳᠤᠷ᠎ᠠ᠎ᠠᠴᠠ᠎ᠪᠠᠨ ᠣᠷᠣᠯᠴᠠᠪᠠ ;ᠡᠸᠡᠩᠬᠢ ᠳᠤᠮᠳᠠᠳᠤ ᠰᠤᠷᠭᠠᠭᠤᠯᠢ᠎ᠶᠢᠨ 18 ᠬᠡᠯᠡ ᠪᠢᠴᠢᠭ᠎ᠦᠨ ᠪᠠᠭ᠍ᠰᠢ 3 ᠵᠢᠯ ᠳᠠᠷᠠᠭᠠᠯᠠᠨ ᠰᠢᠨ᠎ᠡ᠎ᠪᠡᠷ ᠰᠤᠷᠭᠠᠭᠤᠯᠢ᠎ᠳᠤ ᠣᠷᠣᠭᠰᠠᠨ ᠠᠩᠬ᠎ᠠ ᠳᠤᠮᠳᠠᠳᠤ᠎ᠶᠢᠨ ᠨᠢᠭᠡᠳᠦᠭᠡᠷ ᠣᠨ᠎ᠤ ᠰᠢᠨ᠎ᠡ ᠰᠤᠷᠤᠭ᠍ᠴᠢᠳ᠎ᠲᠤ ᠰᠤᠷᠤᠯᠭ᠎ᠠ᠎ᠶᠢᠨ ᠪᠠᠢᠳᠠᠯ᠎ᠢ ᠦᠨᠳᠦᠰᠦᠯᠡᠨ ᠬᠢᠴᠢᠶᠡᠯ᠎ᠦᠨ ᠳᠠᠷᠠᠭᠠᠬᠢ ᠬᠡᠯᠡ ᠪᠢᠴᠢᠭ᠎ᠦᠨ ᠬᠠᠪᠰᠤᠷᠤᠨ ᠵᠢᠯᠣᠭᠣᠳᠤᠯᠭ᠎ᠠ ᠬᠢᠵᠦ᠂ 3 ᠬᠡᠯᠡ ᠪᠢᠴᠢᠭ᠎ᠦᠨ ᠪᠠᠭ᠍ᠰᠢ ᠪᠠᠭ᠎ᠠ ᠰᠤᠷᠭᠠᠭᠤᠯᠢ᠎ᠶᠢᠨ ᠵᠢᠷᠭᠤᠳᠤᠭᠠᠷ ᠣᠨ᠎ᠤ ᠰᠣᠷᠣᠭ᠍ᠴᠢ᠎ᠶᠢᠨ ᠵᠢᠷᠬᠢᠶ᠎ᠠ ᠵᠢᠨ ᠴᠤᠭᠯᠠᠷᠠᠯ ᠢ᠋ ᠪᠠᠢᠭᠤᠯᠵᠤ᠂ ᠰᠦᠯᠵᠢᠶᠡᠨ ᠳᠡᠭᠡᠷᠡᠬᠢ ᠬᠡᠯᠡ ᠪᠢᠴᠢᠭ᠎ᠦᠨ ᠤᠩᠰᠢᠯᠭ᠎ᠠ᠎ᠶᠢᠨ ᠬᠠᠪᠰᠤᠷᠤᠨ ᠵᠢᠯᠣᠭᠣᠳᠤᠯᠭ᠎ᠠ ᠥᠷᠨᠢᠭᠦᠯᠪᠡ ᠃ ᠡᠨᠡ ᠵᠢᠯ᠂ ᠡᠸᠡᠩᠬᠢ ᠳᠤᠮᠳᠠᠳᠤ ᠰᠤᠷᠭᠠᠭᠤᠯᠢ᠎ᠶᠢᠨ ᠥᠨᠳᠥᠷ ᠳᠤᠮᠳᠠᠳᠤ᠎ᠶᠢᠨ ᠰᠢᠯᠭᠠᠯᠲᠠ᠎ᠶᠢᠨ ᠬᠡᠯᠡ ᠪᠢᠴᠢᠭ᠎ᠦᠨ ᠬᠢᠷᠢ ᠪᠦᠲᠦᠮᠵᠢ ᠵᠢᠴᠢ ᠬᠢᠷᠢ ᠳᠡᠩᠴᠡᠭᠰᠡᠨ ᠨᠣᠷᠮ᠎ᠠ ᠪᠣᠯᠣᠨ ᠲᠡᠭᠰᠢᠳᠬᠡᠭᠰᠡᠨ ᠬᠤᠪᠢ ᠨᠢ ᠴᠥᠮ ᠪᠥᠬᠥ ᠬᠣᠲᠠ᠎ᠶᠢᠨ ᠳᠤᠮᠳᠠᠴᠢ ᠬᠢᠷᠢ ᠲᠦᠪᠰᠢᠨ᠎ᠡᠴᠡ ᠥᠨᠳᠥᠷ ᠪᠤᠯᠪᠠ ᠃
ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠨᠢ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠶᠡᠬᠡ ᠡᠭᠦᠷᠭᠡ᠎ᠶᠢ ᠡᠭᠦᠷᠭᠡᠯᠡᠬᠦ ᠴᠠᠭ ᠦᠶ᠎ᠡ᠎ᠶᠢᠨ ᠰᠢᠨ᠎ᠡ ᠬᠥᠮᠥᠨ᠎ᠢ ᠬᠦᠮᠦᠵᠢᠬᠦᠯᠬᠦ ᠵᠢᠨ ᠲᠦᠯᠦᠬᠡ ᠶᠤᠮ᠃ ᠬᠥᠯᠥᠨ ᠪᠣᠶ᠋ᠢᠷ ᠬᠣᠲᠠ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠬᠦ᠎ᠪᠡᠷ ᠭᠠᠷᠳᠠᠴᠠ ᠪᠣᠯᠭᠠᠵᠤ ᠂ ᠪᠠᠭ᠍ᠰᠢ᠎ᠶᠢᠨ ᠪᠠᠲᠤᠯᠠᠭ᠎ᠠ᠎ᠶᠢ ᠯᠠᠪᠳᠠᠭᠤᠨ ᠪᠠᠲᠤᠲᠠᠢ ᠰᠠᠢᠲᠤᠷ ᠬᠢᠵᠦ᠂ ᠪᠠᠭ᠍ᠰᠢ᠎ᠶᠢᠨ ᠪᠣᠯᠪᠠᠰᠤᠷᠠᠯ᠎ᠢ ᠱᠠᠲᠤ ᠬᠤᠪᠢᠶᠠᠨ ᠲᠥᠷᠥᠯ ᠬᠤᠪᠢᠶᠠᠨ ᠥᠷᠨᠢᠭᠦᠯᠵᠦ ᠂ ᠪᠠᠭ᠍ᠰᠢ᠎ᠶᠢᠨ ᠬᠤᠪᠢ ᠬᠥᠮᠥᠨ᠎ᠦ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠎ᠶᠢᠨ ᠬᠠᠮᠲᠤ ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠵᠢᠯᠣᠭᠣᠳᠤᠯᠭ᠎ᠠ᠎ᠶᠢ ᠴᠢᠩᠭᠠᠳᠬᠠᠨ᠂ ᠡᠯ᠎ᠡ ᠬᠢᠴᠢᠶᠡᠯ ᠲᠥᠷᠥᠯ᠎ᠦᠨ ᠨᠠᠷᠠᠲᠤ ᠪᠠᠭ᠍ᠰᠢ᠎ᠶᠢ ᠵᠣᠬᠢᠶᠠᠨ ᠪᠠᠢᠭᠤᠯᠤᠨ ᠴᠡᠭ᠎ᠲᠦ ᠰᠠᠭᠤᠵᠤ ᠵᠢᠭᠠᠨ ᠰᠤᠳᠤᠯᠬᠤ ᠂ ᠬᠢᠴᠢᠶᠡᠯ ᠬᠦᠷᠭᠡᠬᠦ ᠪᠤᠯᠪᠠᠰᠤᠷᠠᠯ ᠬᠦᠷᠬᠡᠬᠦ᠂ ᠬᠠᠮᠲᠤ᠎ᠪᠠᠷ ᠬᠢᠴᠢᠶᠡᠯ ᠪᠡᠯᠡᠳᠬᠡᠬᠦ ᠵᠡᠷᠭᠡ ᠠᠵᠢᠯᠯᠠᠭ᠎ᠠ᠎ᠶᠢ ᠥᠷᠨᠢᠭᠦᠯᠵᠦ ᠂ ᠪᠠᠭ᠍ᠰᠢ᠎ᠶᠢᠨ ᠲᠤᠰᠬᠠᠢᠵᠢᠭ᠍ᠰᠠᠨ ᠬᠥᠭᠵᠢᠯᠲᠡ᠎ᠶᠢ ᠠᠬᠢᠭᠤᠯᠤᠨ᠂ ᠠᠷᠭ᠎ᠠ ᠪᠦᠬᠦᠨ᠎ᠢ ᠰᠦᠪᠡᠭᠴᠢᠯᠡᠨ ᠰᠤᠷᠤᠭ᠍ᠴᠢᠳ᠎ᠤᠨ ᠬᠡᠯᠡ ᠪᠢᠴᠢᠭ᠎ᠦᠨ ᠭᠣᠣᠯᠯᠠᠬᠤ ᠬᠡᠪ ᠪᠣᠯᠪᠠᠰᠤᠷᠠᠯ ᠪᠠ ᠴᠢᠳᠠᠪᠤᠷᠢ᠎ᠶᠢ ᠳᠡᠭᠡᠭᠰᠢᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃