2023-11-15 10:54:09
ᠲᠦᠩᠯᠢᠶᠣᠤ ᠬᠤᠳᠠ᠎ᠶ᠋ᠢᠨ ᠬᠣᠷᠴᠢᠨ ᠲᠣᠭᠣᠷᠢᠭ᠎ᠤᠨ ᠳ᠋ᠠ ᠯᠢᠨ ᠪᠠᠯᠭᠠᠰᠤᠨ᠎ᠤ ᠪᠦᠦ ᠯᠢᠨ ᠰᠤᠷᠭᠠᠭᠤᠯᠢ᠎ᠶ᠋ᠢᠨ ᠬᠢᠲᠠᠳ ᠦᠰᠦᠭ᠎ᠢ ᠰᠣᠨᠣᠰᠴᠤ᠌ ᠪᠢᠴᠢᠬᠦ᠌ ᠤᠷᠤᠯᠳᠤᠭᠠᠨ᠎ᠤ ᠠᠬᠤᠢ ᠲᠠᠯᠠᠪᠠᠢ ᠳ᠋ᠤ᠂ ᠪᠠᠭ᠍ᠰᠢ ᠨᠠᠷ ᠡᠴᠡ ᠡᠯ᠎ᠡ ᠲᠤᠭᠤᠢᠯᠠᠩ ᠤᠨ ᠱᠢᠯᠢᠳᠡᠭ ᠪᠦᠲᠦᠭᠡᠯ᠎ᠢ ᠱᠢᠯᠭᠠᠷᠠᠭᠤᠯᠤᠨ ᠭᠠᠷᠭᠠᠵᠤ᠂ ᠢᠷᠠᠭᠤ ᠠᠯᠳᠠᠷ᠎ᠤᠨ ᠬᠥᠬᠢᠭᠦᠯᠦᠯ᠎ᠦᠨ ᠪᠢᠴᠢᠭ ᠭᠠᠷᠳᠠᠭᠤᠯᠵᠤ᠂ ᠰᠤᠷᠤᠭ᠍ᠴᠢᠳ᠎ᠤᠨ ᠬᠢᠲᠠᠳ ᠦᠰᠦᠭ ᠢ ᠳᠦᠷᠢᠮᠵᠢᠭᠦᠯᠦᠨ ᠪᠢᠴᠢᠬᠦ᠌ ᠤᠷᠮ᠎ᠠ ᠪᠠᠬ᠎ᠠ ᠶ᠋ᠢ ᠬᠥᠭ᠌ᠵᠢᠭᠡᠪᠡ᠃
ᠰᠤᠷᠤᠭ᠍ᠴᠢ ᠪᠦᠦ ᠠᠨᠵᠢᠯ᠄ 《ᠪᠢ ᠰᠣᠨᠣᠰᠴᠤ᠌ ᠪᠢᠴᠢᠬᠦ᠌ ᠤᠷᠤᠯᠳᠤᠭᠠᠨ ᠳᠤ ᠣᠷᠣᠯᠴᠠᠬᠤ ᠮᠠᠰᠢ ᠳᠤᠷᠠᠲᠠᠢ᠂ ᠰᠣᠨᠣᠰᠴᠤ᠌ ᠪᠢᠴᠢᠬᠦ᠌ ᠤᠷᠤᠯᠳᠤᠭᠠᠨ ᠵᠢᠡᠷ ᠳᠠᠮᠵᠢᠭᠤᠯᠤᠨ ᠬᠢᠲᠠᠳ ᠦᠰᠦᠭ᠎ᠢ ᠰᠤᠷᠴᠤ ᠡᠵᠡᠮᠰᠢᠭᠰᠡᠨ ᠪᠣᠯᠪᠠᠰᠤᠷᠠᠩᠭᠤᠢ ᠬᠡᠮᠵᠢᠶ᠎ᠡ ᠪᠠᠨ ᠱᠢᠯᠭᠠᠨ ᠦᠵᠡᠵᠦ ᠪᠤᠯᠤᠨ᠎ᠠ᠂ ᠤᠷᠤᠯᠳᠤᠭᠠᠨ᠎ᠤ ᠬᠦᠬᠢᠬᠦᠯᠦᠯ ᠨᠢ ᠮᠦᠨ ᠴᠤ᠌ ᠮᠢᠨᠦ᠍ ᠴᠢᠷᠮᠠᠢᠨ ᠰᠤᠷᠤᠯᠴᠠᠭ᠍ᠰᠠᠨ᠎ᠤ ᠨᠢᠭᠡ ᠵᠦᠢᠯ ᠦᠨ ᠵᠤᠷᠢᠬᠵᠢᠭᠤᠯᠤᠯ ᠪᠣᠯᠤᠨ᠎ᠠ》 ᠭᠡᠵᠤ ᠬᠡᠯᠡᠪᠡ᠃
ᠤᠷᠤᠯᠳᠤᠭᠠᠨ ᠳᠠᠭᠤᠰᠤᠭ᠍ᠰᠠᠨ᠎ᠤ ᠲᠠᠷᠠᠭ᠎ᠠ᠂ ᠪᠠᠭ᠍ᠰᠢ᠎ᠠᠴᠠ ᠬᠡᠦᠬᠡᠳ᠎ᠦᠨ ᠡᠩ᠎ᠦᠨ ᠦᠶ᠎ᠡ᠎ᠶ᠋ᠢᠨ ᠪᠦᠲᠦᠭᠡᠯ᠎ᠢ ᠰᠤᠷᠪᠤᠯᠵᠢᠯᠠᠭ᠍ᠴᠢ ᠳᠤ ᠳᠡᠯᠭᠡᠨ ᠦᠵᠡᠭᠦᠯᠪᠡ᠂ ᠬᠠᠭᠤᠳᠠᠰᠤ ᠪᠦᠷᠢ ᠵᠢᠨ ᠬᠢᠲᠠᠳ ᠦᠰᠦᠭ᠎ᠤᠨ ᠪᠢᠴᠢᠯᠭᠡ ᠲᠤᠩ ᠵᠢᠭᠳᠡ ᠭᠤᠶᠤ ᠪᠠᠢᠯ᠎ᠠ᠃ ᠯᠢ ᠪᠠᠭ᠍ᠰᠢ᠄ 《ᠡᠷᠲᠡᠨ ᠦ ᠱᠢᠯᠦᠭ᠎ᠢ ᠰᠣᠨᠣᠰᠴᠤ᠌ ᠪᠢᠴᠢᠬᠦ᠌ ᠪᠤᠯᠭᠠᠨ ᠬᠡᠦᠬᠡᠳ ᠮᠠᠰᠢ ᠨᠠᠷᠢᠨ ᠬᠢᠨᠠᠮᠠᠭᠠᠢ ᠪᠢᠴᠢᠳᠡᠭ ᠶᠤᠮ᠂ ᠪᠢ ᠰᠢᠯᠢᠳᠡᠭ ᠪᠦᠲᠦᠭᠡᠯ᠎ᠢ ᠦᠵᠡᠭᠦᠯᠭᠡ᠎ᠶ᠋ᠢᠨ ᠰᠠᠮᠪᠠᠷ᠎ᠠ ᠳᠡᠭᠡᠷ᠎ᠡ ᠨᠠᠭᠠᠵᠤ᠂ ᠪᠠᠰᠠ ᠢᠯᠡᠭᠦᠴᠡ ᠱᠠᠩᠨᠠᠯ ᠬᠥᠬᠢᠭᠦᠯᠦᠯ ᠥᠭ᠌ᠴᠦ᠂ ᠬᠡᠦᠬᠡᠳ ᠤ᠋ᠨ ᠬᠢᠲᠠᠳ ᠦᠰᠦᠭ᠎ᠢ ᠰᠠᠢ᠌ᠨ ᠰᠤᠷᠴᠤ᠌᠂ ᠬᠢᠲᠠᠳ ᠦᠰᠦᠭ᠎ᠢ ᠰᠠᠢ᠌ᠨ ᠪᠢᠴᠢᠬᠦ᠌ ᠶ᠋ᠢ ᠵᠣᠷᠢᠭ᠍ᠵᠢᠭᠤᠯᠳᠠᠭ》 ᠬᠡᠵᠠᠢ᠃
ᠣᠢᠯᠠᠭᠠᠭ᠍ᠰᠠᠨ᠎ᠢᠶᠠᠷ᠂ ᠬᠣᠷᠴᠢᠨ ᠲᠣᠭᠣᠷᠢᠭ᠎ᠤᠨ ᠳ᠋ᠠ ᠯᠢᠨ ᠪᠠᠯᠭᠠᠰᠤᠨ᠎ᠤ ᠪᠦᠦ ᠯᠢᠨ ᠰᠤᠷᠭᠠᠭᠤᠯᠢ ᠨᠢ ᠲᠣᠭ᠍ᠲᠠᠮᠠᠯ ᠬᠤᠭᠤᠴᠠᠭ᠎ᠠ᠎ᠲᠠᠶ ᠪᠠᠷ ᠡᠷᠲᠡᠨ᠎ᠦ ᠱᠢᠯᠦᠭ ᠰᠣᠨᠣᠰᠴᠤ᠌ ᠪᠢᠴᠢᠬᠦ᠌᠂ ᠵᠢᠷᠤᠭ ᠦᠵᠡᠵᠦ᠍ ᠥᠯᠢᠭᠡᠷ ᠶᠠᠷᠢᠬᠤ ᠵᠡᠷᠭᠡ ᠰᠣᠨᠢᠷᠬᠠᠯᠲᠠᠶ ᠣᠯᠠᠨ ᠶᠠᠩᠵᠤ᠎ᠶ᠋ᠢᠨ ᠤᠷᠤᠯᠳᠤᠭᠠᠨ ᠤ ᠬᠡᠯᠪᠡᠷᠢ᠎ᠶ᠋ᠢ ᠡᠷᠭᠢᠯᠡᠬᠦ᠌ ᠪᠡᠷ ᠳᠠᠮᠵᠢᠭᠤᠯᠤᠨ᠂ ᠰᠤᠷᠤᠭ᠍ᠴᠢᠳ᠎ᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠰᠠᠢᠲᠤᠷ ᠬᠡᠷᠡᠭ᠌ᠯᠡᠵᠦ᠂ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ ᠰᠠᠢᠲᠤᠷ ᠰᠤᠷᠤᠯᠴᠠᠬᠤ ᠵᠢ ᠬᠦᠳᠦᠯᠦᠨ ᠵᠢᠯᠤᠭᠤᠳᠴᠤ᠂ ᠰᠤᠷᠤᠭ᠍ᠴᠢᠳ᠎ᠲᠤ ᠨᠠᠩ ᠴᠢᠨᠠᠷ ᠰᠠᠢᠲᠠᠶ ᠣᠳᠣᠬᠢᠴᠢᠯᠠᠭ᠍ᠰᠠᠨ ᠰᠤᠷᠭᠠᠨ ᠬᠥᠮᠦᠵᠢᠯ ᠬᠦᠷᠲᠡᠭᠡᠵᠦ᠍᠂ ᠰᠤᠷᠤᠭᠴᠢᠳ᠎ᠤᠨ ᠱᠢᠨᠵᠢᠯᠡᠬᠦ᠌ ᠤᠬᠠᠭᠠᠨ ᠰᠣᠶᠣᠯ᠎ᠤᠨ ᠬᠡᠪ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠦᠨ᠎ᠡ᠃
ᠳ᠋ᠠ ᠯᠢᠨ ᠪᠠᠯᠭᠠᠰᠤᠨ᠎ᠤ ᠪᠦᠦ ᠯᠢᠨ ᠰᠤᠷᠭᠠᠭᠤᠯᠢ᠎ᠶ᠋ᠢᠨ ᠵᠠᠬᠢᠷᠤᠯ ᠬᠠᠨ ᠴᠢᠤᠸᠠᠨ ᠰᠢ᠄ 《ᠬᠡᠦᠬᠡᠳ ᠰᠣᠨᠣᠰᠴᠤ᠌ ᠪᠢᠴᠢᠬᠦ᠌ ᠤᠷᠤᠯᠳᠤᠭᠠᠨ ᠤ ᠳᠤᠮᠳᠠ ᠰᠠᠢᠳᠤᠷ ᠰᠣᠨᠣᠰᠴᠤ᠌᠂ ᠨᠢᠮᠪᠠᠢ ᠲᠤᠨᠭᠭᠠᠵᠤ᠂ ᠨᠠᠷᠢᠨ ᠬᠢᠨᠠᠮᠠᠭᠠᠢ ᠪᠢᠴᠢᠵᠦ᠍᠂ ᠳᠤᠮᠳᠠᠳᠤ ᠶ᠋ᠢᠨ ᠰᠣᠶᠣᠯ᠎ᠤᠨ ᠭᠤᠤ᠎ᠠ ᠰᠠᠢᠬᠠᠨ᠎ᠢ ᠦᠨᠡᠨ ᠬᠦ᠌ ᠮᠡᠳᠡᠷᠡᠵᠦ ᠴᠢᠳᠠᠨ᠎ᠡ᠃ ᠡᠢᠮᠦᠷᠬᠦᠦ ᠤᠷᠤᠯᠳᠤᠭᠠᠨ᠎ᠢᠶᠠᠷ ᠳᠠᠮᠵᠢᠨ᠂ ᠰᠤᠷᠤᠭ᠍ᠴᠢᠳ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠵᠤ᠂ ᠡᠬᠡ ᠤᠯᠤᠰ᠎ᠤᠨ ᠱᠢᠯᠢᠳᠡᠭ ᠰᠣᠶᠣᠯ᠎ᠢ ᠨᠠᠩ ᠰᠠᠢᠲᠤᠷ ᠤᠯᠠᠮᠵᠢᠯᠠᠨ ᠵᠠᠯᠭᠠᠮᠵᠢᠯᠠᠵᠤ ᠴᠢᠳᠠᠨ᠎ᠠ》 ᠬᠡᠵᠠᠢ᠃
ᠤᠢ᠍ᠢᠷ᠎ᠠ᠎ᠶ᠋ᠢᠨ ᠵᠢᠯ ᠡᠴᠡ ᠬᠣᠷᠴᠢᠨ ᠲᠣᠭᠣᠷᠢᠭ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠤᠯᠤᠰ ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠪᠣᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠠᠵᠢᠯ᠎ᠢ ᠪᠦᠬᠦ᠌ ᠲᠠᠯ᠎ᠠ ᠪᠠᠷ ᠰᠠᠢᠲᠤᠷ ᠬᠢᠵᠦ᠍᠂ ᠳᠤᠮᠳᠠᠳᠤ᠎ᠶ᠋ᠢᠨ ᠦᠨᠳᠦᠰᠦᠲᠡᠨ ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠬᠡᠦᠬᠡᠳ᠎ᠦᠨ ᠢᠷᠡᠭᠡᠳᠦᠢ᠎ᠳᠦ ᠨᠡᠩ ᠤᠯᠠᠨ ᠰᠣᠩᠭᠣᠯᠲᠠ᠎ᠲᠠᠶ ᠪᠣᠯᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃