2023-11-20 11:02:45
《 ᠪᠢ ᠴᠣᠩᠬᠣᠨ ᠲᠠᠢᠰᠠᠨ ᠳᠡᠭᠡᠷ᠎ᠡ ᠡᠯᠢᠭᠡᠲᠡᠨ ᠬᠡᠪᠲᠡᠵᠦ᠍᠂ ᠨᠡᠯᠦᠭᠡᠷ ᠶᠡᠬᠡ ᠤᠳᠤᠨ ᠣᠭ᠍ᠲᠠᠷᠭᠤᠢ᠎ᠶᠢ ᠬᠠᠷᠠᠬᠤ᠎ᠳᠤ᠂ ᠤᠳᠤᠨ ᠭᠡᠷᠡᠯ ᠮᠢᠨᠦ᠍ ᠨᠢᠳᠦᠨ᠎ᠳᠦ ᠲᠤᠰᠴᠤ᠂ ᠨᠠᠳᠠ᠎ᠳᠤ ᠨᠢᠭᠡᠨ ᠨᠢᠭᠤᠴᠠ ᠶᠠᠷᠢᠨ᠎ᠠ᠄ ᠠᠯᠤᠰ ᠬᠤᠯᠠ᠎ᠵᠢᠨ ᠭᠠᠵᠠᠷ᠎ᠲᠤ᠂ ᠣᠷᠴᠢᠯᠠᠩ᠎ᠤᠨ ᠭᠠᠳᠠᠨ᠎ᠠ ᠁》 ᠤᠯᠠᠭᠠᠨᠴᠠᠪ ᠬᠤᠳᠠ᠎ᠶ᠋ᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠦᠨᠳᠦᠰᠦᠲᠡᠨ᠎ᠦ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠨᠢᠭᠡᠳᠦᠭᠡᠷ ᠠᠩᠬᠢ᠎ᠶ᠋ᠢᠨ ᠬᠡᠯᠡ ᠪᠢᠴᠢᠭ᠎ᠦᠨ ᠬᠢᠴᠢᠶᠡᠯ ᠳᠡᠭᠡᠷ᠎ᠡ ᠰᠤᠷᠤᠭ᠍ᠴᠢᠳ ᠶᠠᠭ ᠰᠠᠢᠬᠠᠨ 《ᠣᠷᠴᠢᠯᠠᠩ᠎ᠤᠨ ᠭᠠᠳᠠᠨ᠎ᠠ》 ᠭᠡᠬᠦ᠌ ᠬᠢᠴᠢᠶᠡᠯ᠎ᠢ ᠤᠩᠱᠢᠵᠤ᠂ ᠨᠢᠭᠡ ᠦᠰᠦᠭ ᠨᠢᠭᠡ ᠦᠭᠦᠯᠡᠪᠦᠷᠢ᠎ᠡᠴᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠷᠢᠳᠢ ᠱᠢᠳᠢ᠎ᠶ᠋ᠢ ᠮᠡᠳᠡᠷᠡᠵᠦ᠍ ᠪᠠᠢᠯ᠎ᠠ᠃
ᠡᠨᠡ ᠵᠢᠯ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠦᠨᠳᠦᠰᠦᠲᠡᠨ᠎ᠦ ᠰᠤᠷᠭᠠᠭᠤᠯᠢ᠎ᠨᠢ ᠡᠯ᠎ᠡ ᠵᠦᠶ᠋ᠯ᠎ᠦᠨ ᠣᠨᠴᠠᠯᠢᠭ᠍ᠲᠤ ᠬᠢᠴᠢᠶᠡᠯ ᠪᠠ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠬᠦ᠌᠎ᠪᠡᠷ ᠳᠠᠮᠵᠢᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠰᠤᠷᠭᠠᠭᠤᠯᠢ᠎ᠶ᠋ᠢᠨ ᠵᠢᠭᠠᠨ ᠰᠤᠳᠤᠯᠬᠤ᠂ ᠡᠳᠦᠷ ᠲᠤᠲᠤᠮ᠎ᠤᠨ ᠵᠢᠭᠠᠨ ᠰᠤᠷᠭᠠᠯᠲᠠ ᠵᠡᠷᠭᠡ ᠪᠥᠬᠥ᠌ ᠶᠠᠪᠤᠴᠠ᠎ᠳᠤ ᠠᠭᠤᠰᠤᠯᠴᠠᠭᠤᠯᠵᠤ᠂ ᠪᠠᠶᠠᠯᠢᠭ ᠰᠠᠢᠬᠠᠨ ᠠᠵᠢᠯᠯᠠᠭ᠎ᠠ ᠪᠠ ᠵᠢᠭᠠᠨ ᠰᠤᠷᠭᠠᠯᠲᠠ᠎ᠶ᠋ᠢᠨ ᠲᠣᠬᠢᠷᠠᠭᠤᠯᠤᠯᠲᠠ᠎ᠪᠠᠷ ᠳᠠᠮᠵᠢᠭᠤᠯᠤᠨ᠂ ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠠᠶᠠᠨᠳᠠᠭᠠᠨ᠎ᠤ ᠲᠤᠮᠳᠠ ᠰᠤᠷᠭᠠᠵᠤ᠂ ᠶᠠᠷᠢᠭᠤᠯᠵᠤ᠂ ᠬᠡᠷᠡᠭ᠌ᠯᠡᠭᠦᠯᠵᠦ᠍᠂ ᠰᠠᠢᠨ ᠰᠠᠢᠬᠠᠨ ᠰᠤᠷᠤᠯᠴᠠᠬᠤ ᠠᠭᠤᠷ ᠠᠮᠢᠰᠭᠤᠯ᠎ᠢ ᠪᠣᠶ ᠪᠣᠯᠭᠠᠪᠠ᠃ 《ᠪᠠᠭ᠍ᠰᠢ ᠬᠢᠴᠢᠶᠡᠯ ᠳᠡᠭᠡᠷ᠎ᠡ ᠴᠥᠮ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠬᠢᠴᠢᠶᠡᠯᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠮᠢᠨᠦ᠍ ᠬᠠᠷᠠᠭ᠎ᠠ᠎ᠶ᠋ᠢ ᠲᠡᠯᠡᠭᠰᠡᠨ᠎ᠢᠶᠡᠷ ᠪᠠᠷᠠᠬᠤ ᠦᠭᠡᠢ ᠪᠠᠰᠠ ᠨᠠᠮᠠᠶ᠋ᠢ ᠬᠠᠮᠲᠤ ᠰᠤᠷᠤᠭ᠍ᠴᠢ᠂ ᠠᠪᠤ ᠡᠵᠢ᠎ᠲᠡᠶ᠎ᠪᠡᠨ ᠨᠡᠩ ᠰᠠᠢ᠌ᠨ ᠰᠣᠯᠢᠯᠴᠠᠵᠤ ᠤᠢᠯᠠᠭᠠᠯᠴᠠᠬᠤ ᠪᠤᠯᠭᠠᠪᠠ》 ᠭᠡᠵᠦ ᠭᠤᠷᠪᠠᠳᠤᠭᠠᠷ ᠣᠨ᠎ᠤ ᠰᠤᠷᠤᠭ᠍ᠴᠢ ᠯᠢ ᠶᠤᠸᠠᠨ ᠬᠡᠯᠡᠪᠡ᠃
ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤ ᠬᠡᠦᠬᠡᠳ ᠪᠣᠯᠤᠨ ᠨᠠᠰᠤᠨ᠎ᠳᠤ ᠬᠦᠷᠦᠭ᠌ᠰᠡᠳ᠎ᠦᠨ ᠬᠣᠶᠠᠷ ᠲᠠᠯ᠎ᠠ᠎ᠡᠴᠡ ᠭᠠᠷᠳᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠪᠣᠯᠤᠨ ᠡᠳᠦᠷ ᠳᠤᠳᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠢᠳᠡᠪᠬᠢᠲᠡᠢ ᠳᠡᠯᠭᠡᠷᠡᠭᠦᠯᠦᠨ ᠬᠡᠷᠡᠭ᠌ᠯᠡᠪᠡ᠃
《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠨᠢ ᠮᠢᠨᠦ᠍ ᠠᠮᠢᠳᠤᠷᠠᠯ᠎ᠳᠤ ᠨᠡᠩ ᠳᠥᠭᠥᠮ ᠥᠵᠡᠬᠥᠯᠵᠠᠢ》 ᠬᠡᠵᠤ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠪᠠᠶᠠᠨᠰᠦ᠋ᠮᠪᠦᠷ ᠦᠨᠳᠦᠰᠦᠲᠡᠨ᠎ᠦ ᠬᠤᠪᠴᠠᠰᠤ ᠵᠠᠰᠠᠯ᠎ᠤᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠨᠠᠷᠠᠨᠲᠤᠶᠠᠭ᠎ᠠ ᠶᠠᠷᠢᠬᠤ ᠶᠤᠮ᠃ ᠲᠡᠷᠡ ᠪᠡᠷ᠄ 《ᠪᠢ ᠨᠡᠢᠲᠡᠯᠢᠭ ᠬᠡᠯᠡ᠎ᠪᠡᠷ ᠰᠠᠢᠬᠠᠨ ᠶᠠᠷᠢᠵᠤ ᠴᠢᠳᠠᠬᠤ ᠤᠴᠢᠷ᠎ᠡᠴᠡ ᠪᠤᠰᠤᠳ᠎ᠲᠠᠶ ᠤᠯᠤᠯᠴᠠᠬᠤ᠎ᠳᠤ ᠮᠠᠰᠢ ᠠᠮᠠᠷᠬᠠᠨ᠂ ᠠᠵᠤ ᠠᠬᠤᠢᠯᠠᠯ ᠡᠵᠡᠩᠨᠡᠬᠦ᠎ᠳᠤ ᠴᠤ᠌ ᠨᠡᠩ ᠳᠠᠳᠮᠠᠭᠠᠢ ᠪᠣᠯᠵᠠᠢ᠃ ᠡᠢᠮᠦ᠍᠎ᠡᠴᠡ ᠪᠢ ᠦᠷᠭᠦᠯᠵᠢᠯᠡᠨ ᠠᠮᠢᠳᠤᠯᠢᠭ᠎ᠢᠶᠠᠷ ᠰᠤᠷᠴᠤ᠌ ᠠᠮᠢᠳᠤᠯᠢᠭ᠎ᠢᠶᠠᠷ ᠬᠡᠷᠡᠭ᠌ᠯᠡᠨ᠂ ᠥᠪᠡᠷ᠎ᠤᠨ ᠨᠡᠢᠲᠡᠯᠢᠭ ᠬᠡᠯᠡᠨ᠎ᠦ ᠲᠦᠪᠰᠢᠨ᠎ᠢᠶᠡᠨ ᠴᠢᠷᠮᠠᠢᠨ ᠳᠡᠭᠡᠭ᠌ᠰᠢᠯᠡᠭᠦᠯᠦᠨ᠎ᠡ》 ᠭᠡᠵᠦ ᠭᠦᠨ ᠰᠡᠳᠬᠢᠯᠭᠡ ᠲᠠᠢ ᠬᠡᠯᠡᠯ᠎ᠡ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ᠌ ᠨᠢ ᠤᠳᠤ ᠦᠶ᠎ᠡ᠎ᠳᠦ ᠠᠴᠢ ᠲᠠᠶ᠂ ᠠᠯᠤᠰ ᠢᠷᠡᠭᠡᠳᠦᠢ᠎ᠳᠦ ᠠᠱᠢᠭ᠍ᠲᠠᠢ ᠶᠤᠮ᠃ ᠲᠠᠷᠠᠭᠠᠴᠢ᠎ᠶ᠋ᠢᠨ ᠠᠯᠬᠤᠮ᠎ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤ ᠦᠷᠭᠦᠯᠵᠢᠯᠡᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠰᠢᠵᠢᠮ᠎ᠤᠨ ᠲᠣᠭᠣᠷᠢᠨ᠎ᠳᠤ᠂ ᠣᠯᠠᠨ ᠲᠦᠮᠡᠨ᠎ᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠷᠡᠭ᠌ᠯᠡᠬᠦ᠌ ᠴᠢᠳᠠᠪᠤᠷᠢ ᠪᠠ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠪᠥᠬᠥ᠌ ᠨᠡᠢᠭᠡᠮ᠎ᠢᠶᠡᠷ᠎ᠢᠶᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠤᠷᠤᠯᠴᠠᠬᠤ᠂ ᠶᠠᠷᠢᠬᠤ᠂ ᠬᠡᠷᠡᠭ᠌ᠯᠡᠬᠦ᠌ ᠰᠠᠢᠨ ᠰᠠᠢᠬᠠᠨ ᠠᠭᠤᠷ ᠠᠮᠢᠰᠭᠤᠯ᠎ᠢ ᠢᠳᠡᠪᠬᠢᠲᠡᠶ ᠪᠣᠶ ᠪᠣᠯᠭᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃