2023-10-21 14:46:05
《ᠪᠣᠯᠪᠠᠰᠤᠷᠠᠯ᠎ᠢᠶᠠᠷ ᠳᠠᠮᠵᠢᠨ᠂ ᠪᠢ ᠪᠤᠰᠤᠳ ᠪᠠᠭ᠍ᠰᠢ ᠨᠠᠷ ᠲᠠᠶ ᠰᠠᠨᠠᠯ᠎ᠢᠶᠠᠨ ᠰᠣᠯᠢᠯᠴᠠᠵᠤ᠂ ᠨᠡᠢᠲᠡᠯᠢᠭ ᠬᠡᠯᠡᠨ᠎ᠦ ᠠᠪᠢᠶᠠᠯᠠᠭ᠎ᠠ᠎ᠶ᠋ᠢᠨ ᠲᠠᠯ᠎ᠠ᠎ᠪᠠᠷ ᠬᠢ ᠦᠪᠡᠷ᠎ᠤᠨ᠎ᠢᠶᠡᠨ ᠮᠠᠰᠢ ᠤᠯᠠᠨ ᠪᠠᠭᠤᠷᠠᠢ ᠲᠠᠯ᠎ᠠ ᠪᠠ ᠬᠦᠷᠦᠯᠴᠡᠬᠦ᠌ ᠦᠭᠡᠢ ᠲᠠᠯ᠎ᠠ᠎ᠪᠡᠨ ᠤᠯᠵᠤ ᠲᠠᠨᠢᠨ᠂ ᠮᠠᠰᠢ ᠶᠡᠬᠡ ᠣᠯᠤᠯᠲᠠ ᠲᠠᠶ ᠪᠣᠯᠵᠠᠢ᠃ ᠪᠢ ᠠᠯᠢ ᠬᠤᠷᠳᠤᠨ᠎ᠢᠶᠠᠷ ᠨᠡᠢᠲᠡᠯᠢᠭ ᠬᠡᠯᠡᠨ᠎ᠦ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠰᠤᠷᠤᠭ᠍ᠴᠢᠳ᠎ᠲᠤ ᠬᠢᠴᠢᠶᠡᠯ ᠵᠢᠡᠨ ᠨᠡᠩ ᠰᠠᠢᠳᠤᠷ ᠣᠷᠣᠨ᠎ᠠ》 ᠭᠡᠵᠦ᠍ ᠱᠢᠯᠢ᠎ᠶ᠋ᠢᠨ ᠭᠣᠣᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ᠎ᠶ᠋ᠢᠨ ᠪᠠᠭ᠍ᠰᠢ ᠸᠸᠨ ᠬᠤᠸᠠ ᠬᠡᠯᠡᠪᠡ᠃
ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠬᠣᠶᠠᠷ ᠵᠢᠯ᠎ᠳᠦ᠂ ᠲᠣᠰ ᠰᠤᠷᠭᠠᠭᠤᠯᠢ᠎ᠨᠢ ᠡᠳᠦᠷ ᠲᠤᠲᠤᠮ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠳᠤᠮᠳᠠ᠂ ᠰᠦᠯᠵᠢᠶ᠎ᠡ᠎ᠪᠡᠷ ᠰᠤᠳᠤᠯᠤᠨ ᠰᠤᠷᠤᠯᠴᠠᠬᠤ᠂ ᠲᠥᠪᠯᠡᠷᠡᠭᠦᠯᠦᠨ ᠨᠢᠭᠤᠷᠲᠠᠨ ᠵᠢᠭᠠᠬᠤ᠂ ᠦᠶ᠋ᠯᠡᠳᠦᠯᠭᠡᠵᠢᠭᠦᠯᠦᠨ ᠰᠤᠳᠤᠯᠬᠤ ᠵᠡᠷᠭᠡ ᠨᠠᠷᠢᠯᠢᠭ ᠤᠨᠤᠪᠴᠢᠲᠠᠢ᠂ ᠥᠪᠡᠷᠮᠢᠴᠡ ᠣᠨᠴᠠᠯᠢᠭ᠎ᠲᠠᠶ ᠪᠣᠯᠪᠠᠰᠤᠷᠠᠯ᠎ᠤᠨ ᠠᠷᠭ᠎ᠠ ᠮᠠᠶᠢᠭ᠎ᠢᠶᠠᠷ ᠳᠠᠮᠵᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠤᠭᠴᠠᠯᠠᠬᠤ᠂ ᠱᠢᠨ᠎ᠡ ᠬᠢᠴᠢᠶᠡᠯ᠎ᠦᠨ ᠪᠠᠷᠢᠮᠵᠢᠶ᠎ᠠ᠂ ᠵᠢᠭᠠᠬᠤ ᠮᠠᠲ᠋ᠧᠷᠢᠶᠠᠯ᠎ᠤᠨ ᠵᠢᠭᠠᠬᠤ ᠠᠷᠭ᠎ᠠ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠷᠡᠭ᠌ᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠡᠯ᠎ᠡ ᠲᠥᠷᠥᠯ᠎ᠦᠨ ᠪᠣᠯᠪᠠᠰᠤᠷᠠᠯ᠎ᠢ 30 ᠭᠠᠷᠤᠶ ᠤᠳᠠᠭ᠎ᠠ ᠥᠷᠨᠢᠭᠦᠯᠵᠦ᠍᠂ ᠪᠠᠭ᠍ᠰᠢ᠎ᠨᠠᠷ᠎ᠲᠤ 600 ᠭᠠᠷᠤᠶ ᠬᠥᠮᠦᠨ ᠤᠳᠠᠭ᠎ᠠ ᠪᠣᠯᠪᠠᠰᠤᠷᠠᠯ ᠬᠦᠷᠲᠡᠭᠡᠪᠡ᠃
ᠰᠤᠷᠭᠠᠭᠤᠯᠢ ᠡᠴᠡ ᠮᠡᠳᠡᠭ᠌ᠳᠡᠯ ᠪᠠᠭᠤᠯᠭᠠᠮᠠᠭᠴᠠ ᠸᠸᠨ ᠬᠤᠸᠠ ᠪᠠᠭ᠍ᠰᠢ ᠴᠠᠭ᠎ᠢᠶᠠᠨ ᠵᠣᠬᠢᠰᠲᠠᠶ ᠲᠣᠬᠢᠷᠠᠭᠤᠯᠵᠤ ᠪᠣᠯᠪᠠᠰᠤᠷᠠᠯ᠎ᠳᠤ ᠣᠷᠣᠯᠴᠠᠪᠠ᠃ ᠲᠡᠷᠡ᠂ ᠰᠤᠷᠭᠠᠭᠤᠯᠢ ᠶ᠋ᠢᠨ ᠬᠦᠷᠢᠶᠡᠨ᠎ᠦ ᠪᠣᠯᠪᠠᠰᠤᠷᠠᠯ᠎ᠨᠢ ᠪᠠᠭ᠍ᠰᠢ ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠬᠢᠴᠢᠶᠡᠯᠯᠡᠬᠦ᠌᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠶ᠋ᠢ ᠰᠠᠢᠲᠤᠷ ᠲᠠᠢᠯᠪᠤᠷᠢᠯᠠᠬᠤ᠎ᠳᠤ ᠲᠥᠪᠯᠡᠷᠡᠭᠦᠯᠦᠨ ᠪᠣᠯᠪᠠᠰᠤᠷᠠᠭᠤᠯᠬᠤ ᠲᠠᠪᠴᠠᠩ ᠬᠠᠩᠭᠠᠵᠤ᠂ ᠪᠠᠭ᠎ᠠ ᠬᠦᠴᠦ᠍ ᠣᠷᠣᠭᠤᠯᠵᠤ ᠶᠡᠬᠡ ᠦᠷ᠎ᠡ ᠪᠦᠲᠦᠮᠵᠢ ᠤᠯᠪᠠ ᠭᠡᠵᠡᠢ᠃
ᠰᠤᠷᠪᠤᠯᠵᠢᠯᠠᠭ᠎ᠠ ᠵᠢᠨ ᠳᠤᠮᠳᠠ ᠤᠢ᠍ᠢᠯᠠᠭᠠᠭ᠍ᠰᠠᠨ ᠵᠢᠡᠷ᠂ ᠵᠡᠭᠦᠨ ᠦᠵᠦᠮᠦᠴᠢᠨ ᠬᠣᠱᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠴᠢᠩᠭᠠᠳᠭᠠᠨ᠂ ᠪᠠᠭ᠍ᠰᠢ᠎ᠶ᠋ᠢᠨ ᠡᠩᠨᠡᠭᠡ᠎ᠶ᠋ᠢ ᠬᠦᠴᠦᠯᠡᠨ ᠪᠠᠢᠭᠤᠯᠵᠤ ᠴᠢᠩᠭᠠᠳᠭᠠᠨ᠂ ᠡᠩ᠎ᠦᠨ ᠵᠢᠭᠠᠨ ᠰᠤᠷᠭᠠᠯᠲᠠ᠎ᠶ᠋ᠢ ᠪᠣᠳᠠᠲᠠᠢ ᠠᠳᠭᠤᠵᠤ᠂ ᠰᠤᠷᠭᠠᠭᠤᠯᠢ ᠪᠡᠷ ᠦᠨᠳᠦᠰᠦ ᠪᠤᠯᠭᠠᠭᠰᠠᠨ ᠵᠢᠭᠠᠨ ᠰᠤᠳᠤᠯᠤᠯᠲᠠ᠎ᠶ᠋ᠢ ᠱᠢᠯᠢᠳᠡᠭ᠌ᠵᠢᠭᠦᠯᠦᠨ᠂ ᠬᠢᠴᠢᠶᠡᠯ᠎ᠦᠨ ᠲᠠᠩᠬᠢᠮ᠎ᠤᠨ ᠶᠠᠰᠤ ᠴᠢᠨᠠᠷ᠎ᠢ ᠳᠡᠭᠡᠭ᠌ᠰᠢᠯᠡᠭᠦᠯᠬᠦ ᠵᠢᠨ ᠲᠦᠯᠦᠭᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠪᠦᠬᠦ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠨ᠂ ᠪᠦᠬᠦ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠣᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠡᠭ᠌ᠯᠡᠬᠦ᠌ ᠴᠢᠳᠠᠪᠤᠷᠢ᠎ᠶ᠋ᠢᠨ ᠲᠦᠪᠱᠢᠨ᠎ᠢ ᠲᠦᠷᠭᠡᠨ ᠳᠡᠭᠡᠭ᠌ᠰᠢᠯᠡᠭᠦᠯᠪᠡ᠃
ᠰᠤᠷᠤᠭ᠍ᠴᠢᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠨᠠᠩ ᠰᠠᠢᠲᠤᠷ ᠡᠵᠡᠮᠱᠢᠭᠦᠯᠬᠦ᠌ᠶ᠋ᠢᠨ ᠲᠥᠯᠥᠭᠡ᠂ ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠬᠣᠶᠠᠳᠤᠭᠠᠷ ᠳᠤᠮᠳᠠᠳᠤ ᠰᠤᠷᠭᠠᠭᠤᠯᠢ ᠴᠤ᠌ ᠬᠢᠴᠢᠶᠡᠯ ᠲᠦᠷᠦᠯ᠎ᠦᠨ ᠪᠠᠭ᠍ᠰᠢ᠎ᠶ᠋ᠢᠨ ᠲᠦᠪᠯᠡᠷᠡᠬᠦᠯᠦᠭᠰᠡᠨ ᠪᠤᠯᠪᠠᠰᠤᠷᠠᠯ᠂ ᠲᠦᠪᠯᠡᠷᠡᠬᠦᠯᠦᠭᠰᠡᠨ ᠬᠢᠴᠢᠶᠡᠯ ᠪᠡᠯᠡᠳᠭᠡᠬᠦ᠌᠂ ᠪᠤᠰᠤᠳ ᠰᠤᠷᠭᠠᠭᠤᠯᠢ ᠲᠠᠶ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ᠌ ᠬᠡᠯᠪᠡᠷᠢ ᠪᠡᠷ ᠳᠠᠮᠵᠢᠭᠤᠯᠤᠨ ᠣᠷᠣᠨ ᠨᠤᠲᠤᠭ᠎ᠤᠨ ᠪᠣᠳᠠᠲᠤ ᠪᠠᠢᠳᠠᠯ᠎ᠳᠠᠭᠠᠨ ᠵᠣᠬᠢᠴᠠᠭ᠍ᠰᠠᠨ ᠵᠢᠭᠠᠨ ᠰᠤᠷᠭᠠᠯᠲᠠ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃
ᠵᠢᠭᠠᠨ ᠰᠤᠳᠤᠯᠤᠯᠲᠠ ᠵᠢᠭᠠᠨ ᠰᠤᠷᠭᠠᠯᠲᠠ ᠳᠤᠮᠳᠠ ᠲᠤᠰ ᠰᠤᠷᠭᠠᠭᠤᠯᠢ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠬᠥᠮᠦᠵᠢᠯ᠎ᠢ ᠲᠠᠰᠤᠷᠠᠯᠳᠠ ᠦᠭᠡᠢ ᠴᠢᠩᠭᠠᠳᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭ᠌ᠯᠡᠬᠦ᠌ ᠰᠠᠢ᠌ᠨ ᠰᠠᠢᠬᠠᠨ ᠣᠷᠴᠢᠨ ᠲᠣᠭᠣᠷᠢᠨ᠎ᠢ ᠪᠤᠢ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠴᠢᠩᠭᠠᠳᠭᠠᠪᠠ᠃ ᠡᠭᠦᠨ᠎ᠦ ᠬᠠᠮᠲᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠶ᠋ᠢ ᠳᠡᠯᠭᠡᠷᠡᠭᠦᠯᠦᠨ ᠲᠦᠭᠡᠮᠡᠯᠵᠢᠭᠦᠯᠬᠦ᠌ ᠲᠤᠬᠠᠶ ᠪᠠᠭ᠍ᠰᠢ᠎ᠶ᠋ᠢᠨ ᠲᠠᠨᠢᠯᠲᠠ᠎ᠶ᠋ᠢ ᠤᠯᠠᠮ ᠴᠢᠨᠠᠭᠰᠢᠳᠠ ᠳᠡᠭᠡᠭ᠌ᠰᠢᠯᠡᠭᠦᠯᠵᠦ᠍᠂ ᠪᠠᠭ᠍ᠰᠢ᠎ᠶ᠋ᠢᠨ ᠡᠩᠨᠡᠭᠡᠨ᠎ᠦ ᠪᠦᠬᠦᠯᠢ ᠴᠣᠭ᠍ᠴᠠ᠎ᠶ᠋ᠢᠨ ᠬᠡᠪ ᠪᠤᠯᠪᠠᠰᠤᠷᠠᠯ᠎ᠢ ᠴᠢᠩᠭᠠᠳᠭᠠᠨ᠂ ᠰᠤᠷᠭᠠᠭᠤᠯᠢ᠎ᠶ᠋ᠢᠨ ᠬᠦᠷᠢᠶᠡᠨ᠎ᠦ ᠤᠩᠱᠢᠯᠭ᠎ᠠ᠎ᠶ᠋ᠢᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠦᠭᠡ ᠬᠡᠯᠡ ᠦᠰᠦᠭ ᠪᠢᠴᠢᠭ᠎ᠦᠨ ᠳᠦᠷᠢᠮᠵᠢᠭᠦᠯᠦᠯᠲᠡ᠎ᠶ᠋ᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠡᠯ᠎ᠡ ᠭᠣᠭ᠍ᠴᠣᠭ᠎ᠠ᠎ᠳᠤ ᠠᠭᠤᠰᠤᠯᠴᠠᠭᠤᠯᠤᠨ᠂ ᠳᠤᠮᠳᠠᠳᠤ᠎ᠶ᠋ᠢᠨ ᠰᠣᠶᠣᠯ᠎ᠤᠨ ᠤᠤᠷ ᠲᠤᠨᠳᠠᠰᠤ ᠵᠢ ᠵᠤᠵᠠᠭᠠᠳᠭᠠᠨ᠂ ᠰᠣᠶᠣᠯ᠎ᠤᠨ ᠢᠲᠡᠭᠡᠯ᠎ᠢ ᠪᠠᠲᠤᠳᠬᠠᠪᠠ᠃
《ᠣᠢᠷ᠎ᠠ᠎ᠶ᠋ᠢᠨ ᠬᠡᠳᠦᠨ ᠵᠢᠯ᠎ᠳᠦ᠂ ᠮᠠᠨ᠎ᠤ ᠰᠤᠷᠭᠠᠭᠤᠯᠢ ᠨᠢᠭᠡᠳᠦᠯᠲᠡᠶ ᠨᠠᠢᠷᠠᠭᠤᠯᠤᠭ᠍ᠰᠠᠨ ᠬᠢᠴᠢᠶᠡᠯ ᠲᠥᠷᠥᠯ᠎ᠦᠨ ᠪᠠᠭ᠍ᠰᠢ᠎ᠶ᠋ᠢᠨ ᠲᠦᠪᠯᠡᠷᠡᠬᠦᠯᠦᠭᠰᠡᠨ ᠪᠤᠯᠪᠠᠰᠤᠷᠠᠯ᠎ᠳᠤ ᠤᠷᠤᠯᠴᠠᠬᠤ ᠵᠢ ᠢᠳᠡᠪᠬᠢᠲᠡᠶ ᠵᠣᠬᠢᠶᠠᠨ ᠪᠠᠢᠭᠤᠯᠵᠤ᠂ ᠬᠢᠴᠢᠶᠡᠯ ᠰᠣᠨᠣᠰᠭᠤ᠂ ᠬᠢᠴᠢᠶᠡᠯ ᠦᠨᠡᠯᠡᠬᠦ᠌᠂ ᠬᠠᠮᠲᠤ᠎ᠪᠠᠷ ᠬᠢᠴᠢᠶᠡᠯ ᠪᠡᠯᠡᠳᠭᠡᠬᠦ᠌ ᠵᠡᠷᠭᠡ ᠵᠢᠭᠠᠨ ᠰᠤᠳᠤᠯᠬᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲᠸᠷᠢᠶᠠᠯ᠎ᠢ ᠬᠡᠷᠡᠭᠯᠡᠬᠦ ᠬᠢᠴᠢᠶᠡᠯ ᠲᠥᠷᠥᠯ᠎ᠦᠨ ᠪᠠᠭ᠍ᠰᠢ᠎ᠶ᠋ᠢᠨ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ᠎ᠶ᠋ᠢᠨ ᠲᠦᠪᠱᠢᠨ᠎ᠢ ᠭᠤᠤᠯ ᠰᠡᠳᠦᠪ᠎ᠲᠡᠶ᠂ ᠴᠢᠭ᠌ᠯᠡᠯ᠎ᠲᠡᠶ᠎ᠪᠡᠷ ᠳᠡᠭᠡᠭ᠌ᠰᠢᠯᠡᠭᠦᠯᠪᠡ》᠃ ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠵᠠᠬᠢᠷᠤᠯ ᠪᠠᠭᠠᠲᠤᠷ ᠰᠤᠷᠪᠤᠯᠵᠢᠯᠠᠭ᠍ᠴᠢ᠎ᠳᠤ᠂ ᠲᠣᠰ ᠰᠤᠷᠭᠠᠭᠤᠯᠢ ᠨᠢ ᠬᠢᠴᠢᠶᠡᠯ ᠳᠡᠭᠡᠷ᠎ᠡ ᠬᠡᠦᠬᠡᠳ᠎ᠦᠳ᠎ᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠰᠤᠷᠬᠤ ᠰᠠᠢᠨ ᠰᠠᠢᠬᠠᠨ ᠣᠷᠴᠢᠨ ᠨᠥᠬᠥᠴᠡᠯ᠎ᠢ ᠬᠦᠴᠦᠯᠡᠨ ᠪᠣᠶ ᠪᠤᠯᠭᠠᠵᠤ ᠦᠭᠪᠡ᠃ ᠬᠢᠴᠢᠶᠡᠯ᠎ᠦᠨ ᠳᠠᠷᠠᠭ᠎ᠠ᠂ 《ᠳᠤᠮᠳᠠᠳᠤ᠎ᠶ᠋ᠢᠨ ᠰᠣᠩᠭᠣᠳᠠᠭ ᠵᠣᠬᠢᠶᠠᠯ᠎ᠢ ᠤᠩᠱᠢᠬᠤ ᠤᠷᠤᠯᠳᠤᠭᠠᠨ》᠂ 《ᠨᠤᠮ᠎ᠤᠨ ᠬᠡᠰᠢᠭ᠎ᠲᠤ ᠰᠤᠷᠭᠠᠭᠤᠯᠢ᠎ᠶ᠋ᠢᠨ ᠬᠦᠷᠢᠶ᠎ᠡ》 ᠵᠡᠷᠭᠡ ᠤᠨᠴᠠᠯᠢᠬ᠍ᠳᠤ ᠠᠵᠢᠯᠯᠠᠭ᠎ᠠ᠎ᠶ᠋ᠢ ᠥᠷᠨᠢᠭᠦᠯᠬᠦ᠌᠎ᠪᠡᠷ ᠳᠠᠮᠵᠢᠭᠤᠯᠤᠨ᠂ ᠰᠤᠷᠤᠭ᠍ᠴᠢᠳ᠎ᠢ ᠬᠠᠪᠰᠤᠷᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠮᠡᠳᠡᠯᠭᠡ ᠶ᠋ᠢ ᠨᠠᠩ ᠲᠦᠷᠭᠡᠨ ᠡᠵᠡᠮᠱᠢᠭᠦᠯᠬᠦ᠌ᠶ᠋ᠢᠨ ᠬᠠᠮᠲᠤ ᠪᠠᠰᠠ ᠲᠡᠳᠡᠨ᠎ᠦ ᠨᠡᠢᠲᠡᠯᠢᠭ ᠬᠡᠯᠡᠨ᠎ᠦ ᠲᠦᠪᠱᠢᠨ᠎ᠢ ᠲᠦᠷᠭᠡᠨ ᠳᠡᠭᠡᠭ᠌ᠰᠢᠯᠡᠭᠦᠯᠵᠦ᠍᠂ ᠲᠡᠳᠡᠨ᠎ᠳᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠠᠲᠠᠬᠤ ᠬᠦᠴᠦᠨ ᠪᠠ ᠳᠤᠮᠳᠠᠳᠤ᠎ᠶ᠋ᠢᠨ ᠰᠣᠶᠣᠯ᠎ᠤᠨ ᠥᠷᠭᠡᠨ ᠳᠡᠯᠭᠡᠷ ᠦᠯᠡᠮᠵᠢ ᠭᠦᠨ ᠤᠤᠠᠬ᠎ᠠ᠎ᠶ᠋ᠢ ᠭᠦᠶ᠋ᠴᠡᠳ ᠮᠡᠳᠡᠷᠡᠭᠦᠯᠪᠡ ᠭᠡᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃