2023-10-04 16:25:38
《ᠪᠠᠭᠠᠴᠤᠳ ᠬᠦᠴᠦᠷᠬᠡᠭ᠌ᠵᠢᠪᠡᠯ ᠤᠯᠤᠰ ᠬᠦᠴᠦᠷᠬᠡᠭ᠌ᠵᠢᠨᠡ᠂ ᠪᠠᠭᠠᠴᠤᠳ ᠪᠡᠶ᠎ᠡ ᠪᠠᠨ ᠲᠠᠭᠠᠭᠠᠪᠠᠯ ᠤᠯᠤᠰ ᠭᠡᠷ ᠪᠡᠶ᠎ᠡ ᠪᠡᠨ ᠲᠠᠭᠠᠭᠠᠵᠤ ᠴᠢᠳᠠᠨ᠎ᠠ 》 ᠃ 9 ᠰᠠᠷ᠎ᠠ ᠶ᠋ᠢᠨ 19 ᠤ᠋ ᠦᠳᠡ ᠶ᠋ᠢᠨ ᠡᠮᠦᠨ᠎ᠡ᠂ ᠪᠤᠭᠤᠲᠤ ᠬᠤᠳᠠ ᠶ᠋ᠢᠨ ᠵᠢᠦᠶᠤᠸᠠᠨ ᠲᠣᠭᠣᠷᠢᠭ ᠤᠨ ᠭᠤᠷᠪᠠᠳᠤᠭᠠᠷ ᠲᠤᠷᠱᠢᠯᠲᠠ ᠶ᠋ᠢᠨ ᠪᠠᠭ᠎ᠠ ᠰᠤᠷᠭᠠᠭᠤᠯᠢ ᠶ᠋ᠢᠨ ᠲᠠᠪᠤᠳᠤᠭᠠᠷ ᠣᠨ ᠤ ᠬᠣᠶᠠᠳᠤᠭᠠᠷ ᠠᠩᠬᠢ ᠶ᠋ᠢᠨ ᠬᠢᠴᠢᠶᠡᠯ ᠳᠡᠭᠡᠷ᠎ᠡ ᠵᠦ᠍ ᠶᠠᠨ ᠹᠠᠩ ᠪᠠᠭ᠍ᠰᠢ 《ᠪᠠᠭᠠᠴᠤᠳᠤᠨ ᠬᠠᠷᠠᠭᠠᠨ ᠳ᠋ᠡᠬᠢ ᠲᠤᠮᠳᠠᠳᠤ ᠤᠯᠤᠰ》 (ᠬᠡᠰᠡᠭ᠌ᠯᠡᠯ) ᠭᠡᠬᠦ᠌ ᠬᠢᠴᠢᠶᠡᠯ ᠢ ᠭᠦᠨᠵᠡᠭᠡᠢ ᠲᠠᠢᠯᠪᠤᠷᠢᠯᠠᠵᠤ᠂ ᠰᠤᠷᠤᠭ᠍ᠴᠢᠳ ᠢ ᠵᠣᠬᠢᠶᠠᠨ ᠪᠠᠢᠭᠤᠯᠤᠨ ᠭᠦᠨ ᠰᠡᠳᠭᠢᠯᠭᠡ ᠲᠡᠶᠪᠡᠷ ᠤᠶᠠᠩᠭᠠᠯᠠᠵᠤ᠂ ᠵᠣᠬᠢᠶᠠᠭ᠍ᠴᠢ ᠶ᠋ᠢᠨ ᠡᠬᠡ ᠤᠯᠤᠰ ᠢᠶᠠᠨ ᠬᠠᠢᠷᠠᠯᠠᠬᠤ᠂ ᠬᠦᠰᠡᠯᠡᠩ ᠢᠶᠡᠨ ᠬᠥᠭᠡᠭᠡᠴᠡᠯᠳᠦᠬᠦ᠌ ᠰᠡᠳᠭᠢᠯᠭᠡ ᠶ᠋ᠢ ᠮᠡᠳᠡᠷᠡᠭᠦᠯᠵᠦ ᠪᠠᠢᠯ᠎ᠠ᠃
《 〈ᠪᠠᠭᠠᠴᠤᠳᠤᠨ ᠬᠠᠷᠠᠭᠠᠨ ᠳ᠋ᠡᠬᠢ ᠲᠤᠮᠳᠠᠳᠤ ᠤᠯᠤᠰ〉 ᠲᠡᠬᠢ ᠪᠠᠭᠠᠴᠤᠳ ᠪᠣᠯ ᠳᠠᠷᠤᠶ ᠣᠲᠣ ᠦᠶᠡᠶ᠋ᠢᠨ ᠪᠢᠳᠡ ᠮᠥᠨ᠂ ᠬᠣᠵᠢᠮ ᠪᠢᠳᠡ ᠵᠠᠪᠠᠯ ᠡᠬᠡ ᠤᠯᠤᠰ ᠢᠶᠠᠨ ᠪᠥᠲᠥᠭᠡᠨ ᠪᠠᠢᠭᠤᠯᠬᠤ ᠬᠠᠷᠢᠭᠤᠴᠠᠯᠭ᠎ᠠ ᠶ᠋ᠢ ᠡᠭᠦᠷᠭᠡᠯᠡᠬᠦ᠌ ᠬᠡᠷᠡᠭ᠌ᠲᠡᠶ》 ᠭᠡᠵᠦ ᠰᠤᠷᠤᠭ᠍ᠴᠢ ᠰᠠᠷᠠᠨ᠎ᠠ ᠰᠡᠳᠭᠢᠯ ᠳᠣᠭ᠍ᠳᠣᠯᠤᠨ ᠬᠡᠯᠡᠨ᠎ᠡ᠃
ᠤᠯᠤᠰᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠳᠤ ᠲᠡᠦᠬᠡ ᠪᠠ ᠪᠣᠳᠠᠲᠤ ᠠᠬᠤᠶ ᠵᠢ ᠰᠣᠯᠪᠢᠴᠠᠭᠤᠯᠵᠤ᠂ ᠰᠡᠳᠭᠢᠬᠦ᠌ ᠰᠡᠳᠦᠪ ᠡᠴᠡ ᠨᠠᠷᠠᠲᠤ ᠪᠦᠲᠦᠭᠡᠯ ᠦᠨ ᠤᠳᠤᠷᠢᠳᠤᠮᠵᠢ ᠬᠦᠷᠲᠡᠯ᠎ᠡ᠂ ᠰᠤᠷᠤᠭ᠍ᠴᠢᠳᠢ ᠱᠢᠰᠲ᠋ᠧᠮ ᠲᠡᠶ ᠰᠤᠷᠤᠯᠴᠠᠬᠤ ᠳᠤᠮᠳᠠ ᠣᠲᠣᠬᠢ ᠶ᠋ᠢ ᠪᠣᠳᠣᠯᠬᠢᠯᠠᠵᠤ ᠂ ᠢᠷᠡᠭᠡᠳᠦᠶ ᠪᠠᠨ ᠪᠠᠷᠠᠯᠠᠬᠤ ᠵᠢ ᠬᠥᠲᠥᠯᠥᠨ ᠵᠢᠯᠣᠭᠣᠳᠤᠨ᠎ᠠ᠃ ᠵᠦ᠍ ᠶᠠᠨ ᠹᠠᠩ᠄ 《ᠪᠢᠳᠡ ᠰᠤᠷᠤᠭ᠍ᠴᠢ ᠨᠢᠭᠡᠪᠦᠷᠢᠪᠡᠷ ᠬᠢᠴᠢᠶᠡᠯ ᠦᠨ ᠲᠤᠬᠠᠶ ᠣᠢᠯᠠᠭᠠᠯᠲᠠ᠂ ᠵᠣᠬᠢᠶᠠᠯ ᠤᠨ ᠬᠡᠰᠡᠭ ᠪᠦᠯᠦᠭᠦᠨ ᠲᠤᠬᠠᠶ ᠣᠢᠯᠠᠭᠠᠯᠲᠠᠶ᠋ᠢ ᠨᠢ ᠶᠠᠷᠢᠭᠤᠯᠵᠤ᠂ ᠲᠡᠳᠡᠨ ᠢ ᠬᠠᠷᠠᠬᠠᠨ ᠪᠠᠭᠠᠠᠴᠠᠨᠢ ᠤᠯᠤᠰ ᠵᠢᠡᠨ ᠬᠠᠢᠷᠠᠯᠠᠬᠤ ᠦᠵᠡᠯ ᠲᠠᠢ ᠪᠤᠯᠭᠠᠨ᠎ᠠ》 ᠭᠡᠪᠡ᠃
ᠵᠥᠪᠬᠡᠨ ᠬᠢᠴᠢᠶᠡᠯ ᠦᠨ ᠲᠠᠩᠬᠢᠮᠤᠨ ᠵᠢᠭᠠᠨ ᠰᠤᠷᠭᠠᠯᠲᠠᠳᠤ ᠯᠠ ᠬᠢᠵᠠᠭᠠᠷᠯᠠᠭ᠍ᠳᠠᠬᠤ ᠪᠢᠰᠢ᠂ ᠰᠤᠷᠭᠠᠭᠤᠯᠢ ᠨᠢ ᠪᠠᠰᠠ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠶ᠋ᠢ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠪᠦᠬᠦ᠌ ᠶᠠᠪᠤᠴᠠ ᠳᠤ ᠠᠭᠤᠰᠤᠯᠴᠠᠭᠤᠯᠵᠤ᠂ ᠬᠢᠴᠢᠶᠡᠯ ᠦᠨ ᠪᠢᠴᠢᠭ ᠳᠡᠭᠡᠷᠡᠬᠢ ᠮᠡᠳᠡᠯᠭᠡ ᠶ᠋ᠢ ᠦᠨᠡᠨ ᠬᠦ᠌ 《ᠠᠮᠢᠳᠤᠯᠢᠭ》 ᠪᠤᠯᠭᠠᠵᠠᠢ᠃ 9 ᠰᠠᠷ᠎ᠠ ᠶ᠋ᠢᠨ 16 ᠤ᠋ ᠡᠳᠦᠷ᠂ ᠭᠤᠷᠪᠠᠳᠤᠭᠠᠷ ᠣᠨ ᠤ ᠬᠣᠶᠠᠳᠤᠭᠠᠷ ᠠᠩᠭᠢ ᠶ᠋ᠢᠨ ᠰᠤᠷᠤᠭ᠍ᠴᠢᠳ ᠠᠩᠭᠢ ᠶ᠋ᠢᠨ ᠡᠷᠬᠢᠯᠡᠭ᠌ᠴᠢ ᠶ᠋ᠢᠨ ᠵᠢᠡᠨ ᠳᠠᠭᠠᠭᠤᠯᠭ᠎ᠠ ᠪᠠᠷ ᠪᠤᠭᠤᠲᠤ ᠬᠣᠲᠠ ᠶ᠋ᠢᠨ ᠤᠮᠠᠷᠠᠲᠤ ᠶ᠋ᠢᠨ ᠴᠡᠷᠢᠭ ᠦᠨ ᠵᠡᠪᠰᠡᠭ ᠦᠨ ᠬᠣᠲᠠ ᠳᠤ ᠬᠦᠷᠴᠦ᠍ ᠂ ᠲᠤᠬᠠᠢ ᠵᠢᠨ ᠭᠠᠵᠠᠷ᠎ᠲᠤ ᠲᠤᠭᠤᠷᠢᠨ ᠦᠵᠡᠬᠦ ᠪᠡᠷ ᠳᠠᠮᠵᠢᠨ᠂ ᠦᠨᠳᠦᠰᠦᠲᠡᠨ ᠨᠤᠭᠦᠳ ᠤᠨ ᠪᠦᠯᠬᠦᠮᠳᠡᠨ ᠲᠡᠮᠡᠴᠡᠭ᠌ᠰᠡᠨ ᠲᠡᠦᠬᠡ ᠪᠠ ᠤᠯᠤᠰ ᠵᠢᠡᠨ ᠬᠠᠢᠷᠠᠯᠠᠬᠤ ᠦᠵᠡᠯ ᠦᠨ ᠵᠣᠷᠢᠭ ᠰᠠᠨᠠᠭ᠎ᠠ ᠶ᠋ᠢ ᠨᠠᠩ ᠱᠢᠭᠤᠳ ᠪᠥᠭᠡᠳ ᠨᠠᠩ ᠲᠣᠳᠣᠷᠬᠠᠶ ᠣᠢᠯᠠᠭᠠᠪᠠ᠃
37 ᠮᠢᠯᠢᠮᠧᠲᠷ ᠤᠨ ᠥᠨᠳᠥᠷ ᠫᠤᠤᠳᠠᠬᠤ ᠫᠤᠤ᠂ 57 ᠮᠢᠯᠢᠮᠧᠲᠷ ᠤᠨ ᠥᠨᠳᠥᠷ ᠫᠤᠤᠳᠠᠬᠤ ᠫᠤᠤ᠂ 100 ᠮᠢᠯᠢᠮᠧᠲᠷᠤᠨ ᠥᠨᠳᠥᠷ ᠫᠤᠤᠳᠠᠬᠤ ᠫᠤᠤ᠂ 85 ᠬᠡᠯᠪᠡᠷᠢ ᠵᠢᠨ ᠤᠭᠤᠷ ᠫᠤᠤ ᠁ ᠠᠮᠧᠷᠢᠺᠠ ᠶ᠋ᠢ ᠡᠰᠡᠷᠭᠦᠴᠡᠵᠦ᠍ ᠰᠣᠯᠣᠩᠭᠣᠰ ᠢ ᠲᠤᠰᠠᠯᠠᠭ᠍ᠰᠠᠨ ᠠᠬᠠᠮᠠᠳ ᠪᠠᠢᠯᠳᠤᠭ᠍ᠴᠢ ᠶᠠᠩ ᠱᠦᠨ ᠴᠧᠩ ᠰᠤᠷᠤᠭ᠍ᠴᠢᠳ ᠲᠤ ᠴᠡᠷᠢᠭ ᠦᠨ ᠵᠡᠪᠰᠡᠭ ᠦᠨ ᠬᠤᠳᠠ ᠶ᠋ᠢᠨ ᠡᠯ᠎ᠡ ᠵᠦᠢᠯ ᠦᠨ ᠵᠡᠷ ᠵᠡᠪᠰᠡᠭ ᠢ ᠬᠦᠯᠢᠴᠡᠩᠭᠦᠢ ᠪᠡᠷ ᠲᠠᠨᠢᠯᠴᠠᠭᠤᠯᠵᠤ᠂ ᠴᠡᠷᠢᠭ ᠦᠨ ᠵᠡᠪᠰᠡᠭ ᠦᠨ ᠠᠷᠤᠳᠠᠬᠢ ᠦᠯᠢᠬᠡᠷᠦᠳ ᠢ ᠶᠠᠷᠢᠵᠤ ᠥᠭ᠌ᠴᠦ ᠪᠠᠢᠯ᠎ᠠ᠃ ᠦᠨᠡᠨ ᠪᠤᠳᠠᠲᠠᠢ ᠦᠵᠡᠭᠦᠯᠭᠡ ᠵᠢᠨ ᠪᠤᠳᠠᠰ᠂ ᠠᠮᠢᠳᠤᠯᠢᠭ ᠪᠤᠳᠠᠲᠠᠢ ᠦᠯᠢᠭᠡᠷ ᠤᠳ ᠨᠢ ᠳᠤᠮᠳᠠᠳᠤ ᠤᠯᠤᠰ ᠤᠨ ᠴᠡᠷᠢᠭ ᠦᠨ ᠵᠡᠪᠰᠡᠭ ᠦᠨ ᠠᠵᠤ ᠦᠢᠯᠡᠳᠪᠦᠷᠢ ᠵᠢᠨ ᠦᠭᠡᠶ ᠪᠠᠢᠭ᠍ᠰᠠᠨ ᠡᠴᠠᠪᠠᠨ ᠪᠠᠢᠬᠤ ᠪᠣᠯᠵᠤ᠂ ᠪᠠᠭ᠎ᠠ ᠪᠠᠢᠭ᠍ᠰᠠᠨ ᠠᠴᠠᠪᠠᠨ ᠶᠡᠬᠡ ᠪᠣᠯᠵᠤ᠂ ᠪᠠᠭᠤᠷᠠᠶ ᠪᠠᠢᠭ᠍ᠰᠠᠨ ᠠᠴᠠᠪᠠᠨ ᠬᠦᠴᠦᠷᠬᠡᠭ ᠪᠣᠯᠤᠭ᠍ᠰᠠᠨ ᠬᠥᠭ᠌ᠵᠢᠯᠲᠡ ᠶ᠋ᠢᠨ ᠲᠡᠦᠬᠡᠨ ᠶᠠᠪᠤᠴᠠᠶ᠋ᠢ ᠳᠦᠷᠰᠦᠯᠢᠭ ᠰᠠᠢᠬᠠᠨ ᠬᠠᠷᠠᠭᠤᠯᠤᠭ᠍ᠰᠠᠨ ᠪᠠᠢᠨ᠎ᠠ᠃ ᠨᠥᠬᠥᠳ ᠨᠠᠷ ᠰᠣᠨᠣᠰᠴᠤ᠌᠂ ᠦᠵᠡᠵᠦ᠍᠂ ᠲᠡᠮᠲᠡᠷᠢᠬᠦ ᠵᠢᠨ ᠳᠠᠭᠠᠤ ᠡᠷᠭᠡ ᠦᠭᠡᠢ ᠰᠡᠳᠭᠢᠯ ᠳᠣᠭ᠍ᠳᠣᠯᠤᠨᠠ᠃ ᠲᠡᠳᠡ᠄《ᠪᠢᠳᠡ ᠡᠨᠳᠡ ᠮᠠᠰᠢ ᠣᠯᠠᠨ ᠴᠡᠷᠢᠭ ᠦᠨ ᠵᠡᠪᠰᠡᠭ ᠢ ᠲᠠᠨᠢᠵᠠᠢ᠂ ᠡᠳᠡᠭᠡᠷ ᠴᠡᠷᠢᠭ ᠦᠨ ᠵᠡᠪᠰᠡᠭ ᠨᠢ ᠪᠢᠳᠡᠨ ᠢ ᠶᠠᠭ ᠯᠠ ᠪᠠᠭ᠍ᠰᠢ ᠶ᠋ᠢᠨ ᠬᠢᠴᠢᠶᠡᠯ ᠳᠡᠭᠡᠷ᠎ᠡ ᠶᠠᠷᠢᠭ᠍ᠰᠠᠨ ᠴᠢᠯᠥᠭᠡᠯᠡᠬᠦ᠌ ᠳᠠᠢᠨ᠂ ᠠᠮᠧᠷᠢᠺᠠ ᠶ᠋ᠢ ᠡᠰᠡᠷᠭᠦᠴᠡᠵᠦ᠍ ᠰᠣᠯᠣᠩᠭᠣᠰ ᠢ ᠲᠤᠰᠠᠯᠠᠬᠤ ᠳᠠᠢᠨ ᠦ ᠴᠠᠭ ᠦᠶ᠎ᠡ ᠳᠦ ᠠᠪᠠᠴᠢᠭ᠍ᠰᠠᠨ ᠱᠢᠭ᠋ ᠪᠠᠢᠨ᠎ᠠ᠂ ᠪᠢᠳᠡ ᠯᠠᠪᠲᠠᠶ ᠲᠡᠷᠡ ᠬᠡᠰᠡᠭ ᠲᠡᠦᠬᠡ ᠶ᠋ᠢ ᠪᠠᠲᠤ ᠴᠡᠭᠡᠵᠢᠯᠡᠵᠦ᠍᠂ ᠲᠡᠳᠡᠭᠡᠷ ᠡᠷᠡᠯᠬᠡᠭ ᠪᠠᠭᠠᠲᠤᠷᠯᠢᠭᠢᠶᠠᠷ ᠲᠡᠮᠡᠴᠡᠵᠦ᠍᠂ ᠦᠷᠡᠭᠳᠡᠬᠦ ᠡᠴᠡ ᠠᠶᠤᠬᠤ ᠦᠭᠡᠶ ᠪᠠᠭᠠᠲᠤᠷᠴᠤᠳ ᠢ ᠪᠠᠲᠤ ᠴᠡᠭᠡᠵᠢᠯᠡᠬᠦ᠌ ᠶᠤᠮ》 ᠭᠡᠵᠡᠭᠡᠨ᠎ᠡ᠃
ᠬᠥᠮᠦᠵᠢᠯ ᠦᠢᠯᠡᠳᠦᠯᠭᠡ ᠶ᠋ᠢᠨ ᠠᠵᠢᠯᠯᠠᠭ᠎ᠠ ᠥᠷᠨᠢᠭᠦᠯᠬᠦ᠌ ᠡᠴᠡ ᠭᠠᠳᠠᠨ᠎ᠠ᠂ ᠵᠢᠦᠶᠤᠸᠠᠨ ᠲᠣᠭᠣᠷᠢᠭ ᠤᠨ ᠭᠤᠷᠪᠠᠳᠤᠭᠠᠷ ᠲᠤᠷᠱᠢᠯᠲᠠ ᠶ᠋ᠢᠨ ᠪᠠᠭ᠎ᠠ ᠰᠤᠷᠭᠠᠭᠤᠯᠢ ᠪᠠᠰᠠ ᠭᠣᠣᠯ ᠰᠡᠳᠦᠪᠲᠦ ᠡᠬᠡ ᠪᠢᠴᠢᠭ ᠡᠯᠰᠡᠬᠦ᠌᠂ ᠭᠣᠣᠯ ᠰᠡᠳᠦᠪᠲᠦ ᠪᠢᠴᠢᠮᠡᠯ ᠰᠣᠨᠢᠨᠤ ᠤᠷᠤᠯᠳᠤᠭᠠᠨ ᠡᠷᠬᠢᠯᠡᠬᠦ᠌᠂ ᠳᠤᠮᠳᠠᠳᠤ ᠶ᠋ᠢᠨ ᠰᠣᠩᠭᠣᠳᠠᠭ ᠵᠣᠬᠢᠶᠠᠯ ᠢ ᠤᠩᠱᠢᠵᠤ ᠪᠢᠴᠢᠬᠦ᠌ ᠵᠡᠷᠭᠡ ᠪᠠᠶᠠᠯᠢᠭ ᠤᠯᠠᠨ ᠶᠠᠩᠵᠤᠶ᠋ᠢᠨ ᠠᠵᠢᠯᠯᠠᠭ᠎ᠠ ᠥᠷᠨᠢᠭᠦᠯᠬᠦ᠌ ᠪᠡᠷ ᠳᠠᠮᠵᠢᠭᠤᠯᠤᠨ᠂ ᠰᠤᠷᠤᠭ᠍ᠴᠢᠳ ᠤᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠵᠢᠷᠤᠮᠵᠢᠭᠤᠨ ᠬᠡᠷᠡᠭ᠌ᠯᠡᠬᠦ᠌ ᠴᠢᠳᠠᠪᠤᠷᠢ ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠳᠤᠮᠳᠠᠳᠤ ᠶ᠋ᠢᠨ ᠦᠨᠳᠦᠰᠦᠲᠡᠨ ᠦ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠪᠠ᠃
ᠪᠠᠭ᠍ᠰᠢ ᠰᠠᠢᠨ ᠵᠢᠭᠠᠪᠠᠯ ᠰᠤᠷᠤᠭ᠍ᠴᠢ ᠰᠠᠶᠢ ᠰᠠᠢᠨ ᠰᠤᠷᠴᠤ᠌ ᠴᠢᠳᠠᠨ᠎ᠠ᠃ ᠣᠢᠯᠠᠭᠠᠭ᠍ᠰᠠᠨ ᠢᠶᠠᠷ᠂ ᠤᠯᠤᠰ ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠤᠨ ᠬᠡᠷᠡᠭ᠌ᠯᠡᠯᠲᠡ ᠶ᠋ᠢ ᠤᠯᠠᠮ ᠴᠢᠨᠠᠭ᠍ᠰᠢᠳᠠ ᠠᠬᠢᠭᠤᠯᠵᠤ᠂ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭᠦᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠠᠵᠢᠯᠤᠨ ᠤᠷᠤᠭ᠍ᠰᠢᠲᠠᠶ ᠶᠠᠪᠤᠭ᠍ᠳᠠᠬᠤᠶ᠋ᠢ ᠠᠬᠢᠭᠤᠯᠬᠤ ᠶ᠋ᠢᠨ ᠲᠥᠯᠥᠭᠡ᠂ ᠵᠢᠦᠶᠤᠸᠠᠨ ᠲᠣᠭᠣᠷᠢᠭᠤᠨ ᠰᠤᠷᠭᠠᠨ ᠬᠥᠮᠦᠵᠢᠯ ᠦᠨ ᠲᠣᠪᠴᠢᠶ᠎ᠠ ᠡᠨᠡ ᠵᠢᠯᠡᠴᠡ ᠨᠠᠭᠠᠰᠢ ᠭᠤᠷᠪᠠᠳᠤᠭᠠᠷ ᠲᠤᠷᠱᠢᠯᠲᠠ ᠶ᠋ᠢᠨ ᠪᠠᠭ᠎ᠠ ᠰᠤᠷᠭᠠᠭᠤᠯᠢ ᠳᠤ ᠰᠤᠷᠭᠠᠭᠤᠯᠢ ᠶ᠋ᠢᠨ ᠲᠠᠰ ᠤᠨ 3 ᠺᠠᠳ᠋ᠷ᠂ ᠬᠡᠯᠡ ᠪᠢᠴᠢᠭ᠂ ᠲᠣᠭᠠᠨᠤ ᠤᠬᠠᠭᠠᠨᠤ ᠱᠢᠨᠵᠢᠯᠡᠭᠡᠨ ᠦ 5 ᠱᠢᠯᠢᠳᠡᠭ ᠪᠠᠭ᠍ᠰᠢ ᠶ᠋ᠢ ᠰᠣᠯᠢᠯᠴᠠᠨ ᠲᠤᠬᠢᠷᠠᠭᠤᠯᠵᠤ ᠪᠠᠭ᠍ᠰᠢᠶ᠋ᠢᠨ ᠬᠦᠴᠦᠨ ᠢ ᠨᠡᠮᠡᠭ᠌ᠳᠡᠭᠦᠯᠪᠡ᠃ ᠡᠭᠦᠨ ᠦ ᠬᠠᠮᠲᠤ᠂ ᠵᠢᠦᠶᠤᠸᠠᠨ ᠲᠣᠭᠣᠷᠢᠭᠤᠨ ᠭᠤᠷᠪᠠᠳᠤᠭᠠᠷ ᠲᠤᠷᠱᠢᠯᠲᠠ ᠶ᠋ᠢᠨ ᠪᠠᠭ᠎ᠠ ᠰᠤᠷᠭᠠᠭᠤᠯᠢ ᠪᠠᠰᠠ ᠲᠣᠰ ᠰᠤᠷᠤᠯᠭ᠎ᠠ ᠶ᠋ᠢᠨ ᠬᠤᠭᠤᠴᠠᠭᠠᠨ ᠳᠤ 6 ᠱᠢᠨᠵᠢᠯᠡᠭᠡᠨ ᠦ ᠰᠠᠯᠠᠭᠠᠨ ᠤ ᠨᠠᠮ ᠤᠨ ᠭᠡᠱᠢᠭᠦᠨ ᠨᠠᠷᠠᠲᠤ ᠪᠠᠭ᠍ᠰᠢᠶ᠋ᠢᠨ ᠠᠵᠢᠯᠯᠠᠬᠤ ᠲᠠᠰᠤᠭᠢ ᠪᠠᠢᠭᠤᠯᠵᠤ᠂ ᠤᠯᠤᠰᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠬᠦ᠌ ᠶᠠᠪᠤᠴᠠᠳᠤ ᠣᠷᠣᠱᠢᠵᠤ ᠪᠠᠢᠭ᠎ᠠ ᠪᠣᠳᠠᠲᠠᠶ ᠠᠰᠠᠭᠤᠳᠠᠯ ᠤᠨ ᠲᠤᠬᠠᠶ ᠰᠤᠳᠤᠯᠭᠠᠨ ᠬᠢᠪᠠ᠃
《ᠬᠣᠢᠱᠢᠳᠠ ᠪᠢᠳᠡ ᠦᠷᠭᠦᠯᠵᠢᠯᠡᠨ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠵᠢ ᠲᠡᠯᠭᠡᠷᠡᠬᠦᠯᠦᠨ ᠬᠡᠷᠡᠭᠯᠡᠬᠦ᠂ ᠦᠨᠳᠦᠰᠦᠲᠡᠨ ᠦ ᠪᠦᠯᠬᠦᠮᠳᠡᠯ ᠲᠠᠪᠱᠢᠯᠳᠠ ᠶ᠋ᠢᠨ ᠬᠥᠮᠦᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠠᠵᠢᠯ ᠤᠨ ᠪᠦᠬᠦ᠌ ᠶᠠᠪᠤᠴᠠᠳᠤ ᠲᠤᠭᠤᠱᠢᠯᠠᠭᠤᠯᠤᠨᠠ᠃ ᠰᠤᠷᠭᠠᠭᠤᠯᠢᠶ᠋ᠢᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠦᠷᠭᠦᠯᠵᠢᠯᠡᠨ ᠴᠢᠩᠭᠠᠳᠭᠠᠵᠤ᠂ ᠰᠤᠷᠭᠠᠭᠤᠯᠢ ᠶ᠋ᠢᠨ ᠬᠣᠭᠣᠷᠣᠨᠳᠣᠬᠢ ᠪᠠᠭ᠍ᠰᠢ ᠰᠤᠷᠤᠭ᠍ᠴᠢᠳᠤᠨ ᠬᠠᠷᠢᠯᠴᠠᠨ ᠬᠠᠪᠰᠤᠷᠤᠯᠴᠠᠨ ᠬᠠᠷᠢᠯᠴᠠᠨ ᠰᠤᠷᠤᠯᠴᠠᠬᠤ᠂ ᠬᠠᠮᠲᠤ ᠪᠠᠷ ᠳᠠᠪᠱᠢᠬᠤᠶ᠋ᠢ ᠠᠬᠢᠭᠤᠯᠤᠨ᠎ᠠ᠃ ᠡᠭᠦᠨ ᠦ ᠬᠠᠮᠲᠤ᠂ ᠦᠨᠳᠦᠰᠦᠲᠡᠨᠦ ᠪᠦᠯᠬᠦᠮᠳᠡᠯ ᠳᠠᠪᠱᠢᠯᠲᠠᠶ᠋ᠢᠨ ᠬᠥᠮᠦᠵᠢᠯ ᠦᠨ ᠠᠵᠢᠯᠯᠠᠭ᠎ᠠ ᠶ᠋ᠢᠨ ᠬᠡᠯᠪᠡᠷᠢ ᠶ᠋ᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠬᠢᠴᠢᠶᠡᠯ ᠦᠨ ᠲᠠᠩᠬᠢᠮ᠂ ᠰᠤᠷᠭᠠᠭᠤᠯᠢ ᠶ᠋ᠢᠨ ᠬᠦᠷᠢᠶ᠎ᠡ᠂ ᠬᠡᠷ ᠪᠦᠯᠢ ᠂ ᠨᠡᠢᠭᠡᠮ ᠢ ᠨᠢᠭᠡ ᠴᠣᠭ᠍ᠴᠠᠵᠢᠭᠤᠯᠤᠭ᠍ᠰᠠᠨ ᠦᠵᠡᠯ ᠰᠠᠨᠠᠭ᠎ᠠ ᠤᠯᠤᠰ ᠲᠥᠷᠥ ᠶ᠋ᠢᠨ ᠬᠢᠴᠢᠶᠡᠯ ᠦᠨ ᠲᠠᠩᠬᠢᠮ ᠢ ᠪᠦᠷᠢᠯᠳᠦᠭᠦᠯᠵᠦ᠍᠂ ᠦᠨᠳᠦᠰᠦᠲᠡᠨᠨᠦᠭᠦᠳ ᠦᠨ ᠪᠠᠭ᠍ᠰᠢ ᠰᠤᠷᠤᠭ᠍ᠴᠢᠳᠢ ᠬᠥᠲᠥᠯᠥᠨ ᠵᠢᠯᠣᠭᠣᠳᠴᠤ᠌ ᠰᠣᠶᠣᠯᠤᠨ ᠢᠲᠡᠭᠡᠯ ᠢᠨᠢ ᠪᠠᠲᠤᠳᠭᠠᠵᠤ᠂ ᠲᠥᠪᠯᠡᠷᠡᠩᠭᠦᠶ ᠬᠦᠴᠦᠨ ᠪᠠ ᠨᠢᠭ᠍ᠲᠠᠷᠠᠯᠤᠨ ᠬᠦᠴᠦᠨ ᠢᠨᠢ ᠴᠢᠩᠭᠠᠷᠠᠭᠤᠯᠤᠨ᠎ᠠ》 ᠭᠡᠵᠦ᠍ ᠵᠢᠦᠶᠤᠸᠠᠨ ᠲᠣᠭᠣᠷᠢᠭ ᠤᠨ ᠭᠤᠷᠪᠠᠳᠤᠭᠠᠷ ᠲᠤᠷᠱᠢᠯᠲᠠ ᠶ᠋ᠢᠨ ᠪᠠᠭ᠎ᠠ ᠰᠤᠷᠭᠠᠭᠤᠯᠢ ᠶ᠋ᠢᠨ ᠵᠠᠬᠢᠷᠤᠯ ᠸᠠᠩ ᠬᠤᠢ ᠶᠠᠷᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃