2023-10-12 10:47:40
ᠤᠷᠠᠳ ᠤᠨ ᠳᠤᠮᠳᠠᠳᠤ ᠬᠣᠱᠢᠭᠤᠨ ᠤ ᠲᠤᠷᠱᠢᠯᠲᠠ ᠶ᠋ᠢᠨ ᠰᠤᠷᠭᠠᠭᠤᠯᠢ ᠶ᠋ᠢᠨ ᠳᠥᠷᠪᠡᠳᠦᠭᠡᠷ ᠤᠨ ᠤ ᠨᠢᠭᠡᠳᠦᠭᠡᠷ ᠠᠩᠭᠢ ᠶ᠋ᠢᠨ 《ᠠᠨᠠᠷ ᠤᠨ ᠦᠷ᠎ᠡ》 ᠵᠢᠵᠢᠭ ᠬᠢᠴᠢᠶᠡᠯ ᠦᠨ ᠲᠠᠩᠬᠢᠮ ᠳᠤ ᠠᠴᠢᠯᠠᠯ᠄ 《 ᠪᠢ 〈ᠠᠨᠠᠷ ᠤᠨ ᠦᠷ᠎ᠡ〉 ᠵᠢᠵᠢᠭ ᠬᠢᠴᠢᠶᠡᠯ ᠦᠨ ᠲᠠᠩᠬᠢᠮ ᠳᠤ ᠮᠠᠰᠢ ᠳᠤᠷᠠᠲᠠᠶ᠂ ᠪᠠᠭ᠍ᠰᠢ ᠶ᠋ᠢᠨ ᠵᠢᠭᠠᠨ ᠵᠢᠯᠣᠭᠣᠳᠣᠯᠭ᠎ᠠ ᠳᠤᠤᠷ᠎ᠠ ᠮᠢᠨᠦ᠍ ᠨᠡᠢᠲᠡᠯᠢᠭ ᠬᠡᠯᠡᠨ ᠦ ᠬᠢᠷᠢ ᠲᠦᠪᠱᠢᠨ ᠴᠦ᠍ ᠮᠠᠰᠢ ᠶᠡᠬᠡ ᠳᠡᠭᠡᠭ᠌ᠰᠢᠯᠡᠯᠲᠡ ᠲᠡᠶ ᠪᠣᠯᠵᠠᠶ᠃ ᠨᠡᠢᠲᠡᠯᠢᠭ ᠬᠡᠯᠡ ᠶ᠋ᠢ ᠰᠠᠢᠨ ᠰᠤᠷᠪᠠᠯ ᠪᠢ ᠪᠢᠴᠢᠬᠠᠨ ᠨᠠᠢᠵᠠ ᠨᠠᠷᠲᠠᠶᠪᠠᠨ ᠰᠣᠨᠢᠷᠬᠠᠯᠲᠠᠶ ᠵᠦᠢᠯᠡᠰᠢ ᠨᠠᠩ ᠰᠠᠢᠨ ᠬᠤᠪᠢᠶᠠᠯᠴᠠᠵᠤ ᠴᠢᠳᠠᠨ᠎ᠠ᠂ ᠲᠡᠷᠡ ᠮᠥᠷᠲᠡᠭᠡᠨ ᠤᠩᠱᠢᠵᠤ ᠲᠡᠢᠯᠬᠦ ᠨᠣᠮ ᠨᠡᠮᠡᠭ᠌ᠳᠡᠵᠦ᠍᠂ ᠮᠢᠨᠦ᠍ ᠤᠩᠱᠢᠯᠭ᠎ᠠ ᠶ᠋ᠢᠨ ᠬᠡᠪᠴᠢᠶ᠎ᠡ ᠶ᠋ᠢ ᠥᠷᠭᠡᠳᠭᠡᠵᠦ᠍᠂ ᠱᠢᠨ᠎ᠡ ᠶᠢᠷᠲᠢᠨᠴᠦ᠍ᠶ᠋ᠢ ᠨᠡᠭᠡᠭᠡᠵᠦ ᠦᠭᠴᠡᠢ》 ᠭᠡᠵᠦ ᠦᠨᠦᠳᠦᠷ ᠤᠨ ᠤᠩᠰᠢᠯᠭ᠎ᠠ ᠵᠢᠨ ᠲᠦᠷᠦᠭᠳᠡᠯ ᠵᠢᠡᠨ ᠨᠠᠷᠢᠨ ᠨᠢᠮᠪᠠᠢ ᠲᠡᠮᠲᠡᠭᠯᠡᠨ᠎ᠡ᠃
ᠨᠢᠭᠡ ᠲᠡᠷᠢᠭᠦᠨ ᠦ ᠵᠢᠱ᠌ᠢᠶᠡᠴᠢᠡᠴᠡ ᠰᠤᠷᠤᠯᠴᠠᠬᠤ᠂ ᠨᠢᠭᠡ ᠰᠣᠩᠭᠣᠳᠠᠭ ᠳᠠᠭᠤᠤ ᠰᠤᠷᠬᠤ᠂ ᠨᠢᠭᠡ ᠭᠤᠤᠯ ᠰᠡᠳᠦᠪᠲᠦ ᠵᠣᠬᠢᠶᠠᠯ ᠪᠢᠴᠢᠬᠦ᠂ ᠨᠢᠭᠡ ᠤᠳᠠᠭ᠎ᠠ ᠮᠡᠳᠡᠯᠭᠡ ᠶ᠋ᠢᠨ ᠦᠵᠡᠭᠦᠯᠭᠡ ᠲᠣᠭᠣᠷᠢᠨ ᠦᠵᠡᠵᠦ᠍᠂ ᠨᠢᠭᠡ ᠤᠳᠠᠭᠠᠨ ᠤ ᠭᠤᠤᠯ ᠰᠡᠳᠦᠪᠲᠦ ᠠᠩᠭᠢ ᠶ᠋ᠢᠨ ᠬᠤᠷᠠᠯ ᠬᠤᠷᠠᠯᠳᠤᠭᠤᠯᠬᠤ᠂ ᠨᠢᠭᠡ ᠤᠳᠠᠭᠠᠨ ᠤ ᠦᠶ᠋ᠯᠡᠳᠦᠯᠭᠡ ᠶ᠋ᠢᠨ ᠠᠵᠢᠯᠯᠠᠭ᠎ᠠ ᠳᠤ ᠣᠷᠣᠯᠴᠠᠬᠤ᠂ ᠨᠢᠭᠡ ᠤᠳᠠᠭᠠᠨ ᠤ《ᠠᠨᠠᠷ ᠤᠨ ᠦᠷ᠎ᠡ》ᠰᠤᠳᠤᠯᠤᠨ ᠰᠤᠷᠤᠯᠴᠠᠬᠤ ᠵᠢᠭᠤᠯᠴᠢᠯᠠᠯᠢ ᠵᠣᠬᠢᠶᠠᠨ ᠪᠠᠢᠭᠤᠯᠬᠤ᠂ ᠨᠢᠭᠡ 《ᠠᠨᠠᠷ ᠤᠨ ᠦᠷ᠎ᠡ》 ᠵᠢᠵᠢᠭ ᠬᠢᠴᠢᠶᠡᠯ ᠦᠨ ᠲᠠᠩᠬᠢᠮ ᠨᠡᠭᠡᠭᠡᠬᠦ — ᠤᠷᠠᠳ ᠤᠨ ᠳᠤᠮᠳᠠᠳᠤ ᠬᠣᠱᠢᠭᠤᠨ ᠤ ᠡᠯ᠎ᠡ ᠰᠤᠷᠭᠠᠭᠤᠯᠢ 《ᠨᠠᠶ᠋ᠮᠠᠨ ᠨᠢᠭᠡ》 ᠵᠢᠨ ᠠᠵᠢᠯᠯᠠᠭ᠎ᠠᠪᠠᠷ ᠭᠠᠷᠳᠠᠴᠠ ᠪᠣᠯᠭᠠᠵᠤ᠂ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠵᠢᠷᠤᠮᠵᠢᠭ᠍ᠰᠠᠨ ᠰᠤᠷᠭᠠᠭᠤᠯᠢ ᠪᠠᠷᠢᠮᠵᠢᠶ᠎ᠠ ᠳᠤ ᠭᠦᠷᠦᠭ᠌ᠰᠡᠨ ᠰᠤᠷᠭᠠᠭᠤᠯᠢᠶ᠋ᠢ ᠡᠭᠦᠳᠦᠨ ᠪᠠᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ᠣᠲᠣ ᠪᠣᠯᠲᠠᠯ᠎ᠠ᠂ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠢᠮᠵᠢᠶ᠎ᠠ ᠳᠤ ᠭᠦᠷᠦᠭ᠌ᠰᠡᠨ ᠰᠤᠷᠭᠠᠭᠤᠯᠢ 13 ᠪᠤᠯᠵᠤ᠂ ᠪᠠᠷᠢᠮᠵᠢᠶ᠎ᠠ ᠳᠤ ᠭᠦᠷᠦᠭ᠌ᠰᠡᠨ ᠨᠣᠷᠮᠠᠨᠢ 87.5% ᠳ᠋ᠤ ᠬᠦᠷᠴᠡᠶ᠃
ᠣᠢᠯᠠᠭᠠᠭ᠍ᠰᠠᠨ ᠢᠶᠠᠷ᠂ ᠤᠷᠠᠳ ᠤᠨ ᠳᠤᠮᠳᠠᠳᠤ ᠬᠣᠱᠢᠭᠤ ᠦᠭᠡ ᠬᠡᠯᠡ ᠥᠰᠥᠭ ᠪᠢᠴᠢᠭ ᠦᠨ ᠠᠵᠢᠯ ᠢ᠋ ᠪᠠᠭ᠍ᠰᠢ ᠶ᠋ᠢᠨ ᠦᠷᠭᠦᠯᠵᠢᠯᠡᠭ᠌ᠰᠡᠨ ᠰᠤᠷᠭᠠᠨ ᠬᠥᠮᠦᠵᠢᠯ ᠦᠨ ᠢᠨᠵᠧᠨᠧᠷᠢᠩ ᠳᠦ ᠣᠷᠣᠭᠤᠯᠵᠤ᠂ ᠪᠠᠭ᠍ᠰᠢ ᠶ᠋ᠢᠨ ᠦᠨᠳᠦᠰᠦᠨ ᠴᠢᠳᠠᠪᠤᠷᠢ ᠶ᠋ᠢᠨ ᠪᠣᠯᠪᠠᠰᠤᠷᠠᠯ᠂ ᠬᠢᠷᠢ ᠬᠡᠮ ᠦᠨ ᠦᠨᠡᠯᠡᠯᠳᠡ ᠪᠠ ᠲᠤᠱᠢᠶᠠᠯ ᠤᠨ ᠱᠢᠯᠭᠠᠷᠠᠭᠤᠯᠤᠯᠲᠠ ᠶ᠋ᠢᠨ ᠴᠢᠬᠤᠯᠠ ᠨᠥᠬᠥᠴᠡᠯ ᠪᠣᠯᠭᠠᠵᠤ᠂ ᠰᠤᠷᠭᠠᠭᠤᠯᠢ ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠡᠩ ᠦᠨ ᠬᠠᠮᠢᠶᠠᠷᠤᠯᠲᠠ ᠪᠠ ᠬᠢᠴᠢᠶᠡᠯ ᠦᠨ ᠲᠠᠩᠬᠢᠮ ᠤᠨ ᠵᠢᠭᠠᠨ ᠰᠤᠷᠭᠠᠯᠲᠠ ᠶ᠋ᠢᠨ ᠦᠨᠡᠯᠡᠯᠲᠡ ᠶ᠋ᠢᠨ ᠪᠠᠷᠢᠮᠵᠢᠶ᠎ᠠ ᠳᠤ ᠣᠷᠣᠭᠤᠯᠬᠤ ᠶ᠋ᠢᠨ ᠬᠠᠮᠲᠤ᠂ ᠰᠤᠷᠤᠭ᠍ᠴᠢᠳ ᠤᠨ ᠪᠥᠬᠥ᠌ ᠲᠠᠯ᠎ᠠ ᠵᠢᠨ ᠬᠦᠭᠵᠢᠯᠳᠡ ᠵᠢᠨ ᠰᠤᠷᠭᠠᠨ ᠬᠥᠮᠦᠵᠢᠯ ᠦᠨ ᠠᠵᠢᠯᠯᠠᠭ᠎ᠠ ᠳᠤ ᠨᠡᠪᠴᠢᠭᠦᠯᠪᠡ᠃ ᠤᠷᠠᠳ ᠤᠨ ᠳᠤᠮᠳᠠᠳᠤ ᠬᠣᠱᠢᠭᠤ ᠨᠡᠢᠲᠡᠯᠢᠭ ᠬᠡᠯᠡᠨ ᠦ ᠬᠢᠷᠢ ᠲᠦᠪᠱᠢᠨᠨᠢ ᠬᠣᠶᠠᠳᠤᠭᠠᠷ ᠳᠡᠰ ᠤᠨ ᠬᠥᠬᠡᠭ᠌ᠴᠢᠨ ᠲᠠᠰᠠᠴᠠ ᠳᠣᠷᠣᠭ᠍ᠰᠢᠬᠢ ᠪᠤᠶᠤ ᠨᠡᠢᠲᠡᠯᠢᠭ ᠬᠡᠯᠡᠨ ᠦ ᠦᠨᠡᠮᠯᠡᠯ ᠥᠬᠡᠶ ᠪᠠᠭ᠍ᠰᠢ ᠳᠤ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠵᠢ ᠤᠶᠠᠯᠳᠤᠭᠤᠯᠬᠤ ᠬᠡᠯᠪᠡᠷᠢ ᠪᠡᠷ ᠲᠥᠪᠯᠡᠷᠡᠩᠭᠦᠶ ᠪᠣᠯᠪᠠᠰᠤᠷᠠᠯ ᠬᠢᠵᠦ᠍᠂ 92 ᠪᠠᠭ᠍ᠰᠢ ᠵᠢ ᠨᠡᠢᠲᠡᠯᠢᠭ ᠬᠡᠯᠡᠨ ᠦ ᠱᠢᠯᠭᠠᠯᠲᠠ ᠳᠤ ᠤᠷᠤᠯᠴᠠᠭᠤᠯᠵᠤ᠂ ᠱᠢᠯᠭᠠᠯᠲᠠ ᠶ᠋ᠢᠨ ᠪᠠᠷᠢᠮᠵᠢᠶ᠎ᠠ ᠳᠤ ᠬᠦᠷᠦᠭ᠌ᠰᠡᠨ ᠨᠣᠷᠮᠠᠨᠢ 87% ᠳ᠋ᠤ ᠬᠦᠷᠴᠡᠶ᠃
《ᠪᠢᠳᠡ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠪᠦᠬᠦ᠌ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠬᠦ᠌ ᠶ᠋ᠢ ᠤᠷᠳᠤ ᠬᠤᠭᠤᠴᠠᠭᠠᠨ ᠤ ᠠᠵᠢᠯ ᠪᠣᠯᠭᠠᠵᠤ᠂ ᠳᠡᠯᠭᠡᠷᠡᠭᠦᠯᠬᠦ᠌ ᠡᠷᠴᠢᠮ ᠢᠶᠡᠨ ᠴᠢᠩᠭᠠᠷᠠᠭᠤᠯᠵᠤ᠂ ᠳᠤᠮᠳᠠᠳᠤ ᠶ᠋ᠢᠨ ᠦᠭᠡ ᠬᠡᠯᠡ ᠰᠣᠶᠣᠯ ᠢ ᠤᠯᠠᠮᠵᠢᠯᠠᠨ ᠪᠠᠳᠠᠷᠠᠭᠤᠯᠵᠤ᠂ ᠬᠢᠯᠢ ᠬᠢᠵᠠᠭᠠᠷ ᠣᠷᠣᠨ ᠤ ᠰᠤᠷᠤᠭ᠍ᠴᠢᠳ ᠤᠨ ᠨᠠᠰᠤᠨ ᠲᠤᠷᠱᠢᠳᠠ ᠶ᠋ᠢᠨ ᠬᠥᠭ᠌ᠵᠢᠯᠲᠡ ᠳᠦ ᠪᠠᠲᠤ ᠰᠠᠭᠤᠷᠢ ᠲᠠᠯᠪᠢᠵᠤ᠂ ᠪᠦᠬᠦ᠌ ᠨᠡᠢᠭᠡᠮ ᠳᠦ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠰᠤᠷᠤᠯᠴᠠᠨ ᠬᠡᠷᠡᠭ᠌ᠯᠡᠬᠦ᠌ ᠭᠦᠨ ᠵᠤᠵᠠᠭᠠᠨ ᠠᠭᠤᠷ ᠠᠮᠢᠰᠭᠤᠯ ᠢ ᠪᠤᠢ ᠪᠣᠯᠭᠠᠨ᠎ᠠ》ᠭᠡᠵᠦ ᠤᠷᠠᠳᠤᠨ ᠳᠤᠮᠳᠠᠳᠤ ᠬᠣᠱᠢᠭᠤᠨ ᠤ ᠰᠤᠷᠭᠠᠨ ᠬᠥᠮᠦᠵᠢᠯ ᠦᠨ ᠲᠣᠪᠴᠢᠶᠠᠨ ᠳᠠᠷᠤᠭ᠎ᠠ ᠶᠠᠩ ᡁᠢ ᠶᠠᠷᠢᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃