2023-09-28 17:05:06
《ᠰᠠᠢᠨ ᠪᠠᠢᠵᠠᠭᠠᠨ᠎ᠠ ᠦᠦ! ᠪᠢ ᠪᠣᠯ ᠨᠠᠬᠢᠶ᠎ᠠ ᠭᠤᠷᠪᠠᠳᠤᠭᠠᠷ ᠠᠩᠭᠢ᠎ᠶ᠋ᠢᠨ ᠾᠧ ᠴᠢᠨ ᠢ ᠪᠠᠢᠨ᠎ᠠ ᠃ ᠡᠨᠡ ᠵᠢᠯ ᠲᠠᠪᠤᠨ ᠨᠠᠰᠤᠲᠠᠢ᠂ ᠵᠢᠷᠤᠭ ᠵᠢᠷᠤᠬᠤ᠂ ᠦᠯᠢᠭᠡᠷ ᠶᠠᠷᠢᠬᠤ ᠳ᠋ᠤ ᠬᠠᠮᠤᠭ᠎ᠤᠨ ᠲᠤᠷᠠᠳᠠᠢ ᠂ ᠥᠨᠥᠳᠦᠷ ᠪᠢ ᠲᠠ᠎ᠨᠠᠷ ᠲᠠᠶ ᠬᠠᠮᠲᠤ 〈 ᠪᠢᠴᠢᠬᠠᠨ ᠤᠯᠠᠭᠠᠨ ᠴᠡᠷᠢᠭ〉 ᠭᠡᠬᠦ ᠬᠤᠪᠢᠰᠭᠠᠯᠳᠤ ᠦᠯᠢᠭᠡᠷ ᠢ᠋ ᠳᠠᠬᠢᠨᠳᠠ ᠡᠷᠭᠢᠴᠡᠭᠦᠯᠦᠶ᠎ᠡ ᠁》 9 ᠰᠠᠷ᠎ᠠ᠎ᠶ᠋ᠢᠨ 18 ᠤ᠋ ᠡᠳᠦᠷ᠂ ᠣᠷᠳᠣᠰ ᠬᠣᠲᠠ᠎ᠶ᠋ᠢᠨ ᠣᠲᠣᠭ᠎ᠤᠨ ᠡᠮᠦᠨᠡᠲᠦ ᠬᠣᠱᠢᠭᠤᠨ᠎ᠤ ᠪᠤᠷᠤᠪᠠᠯᠭᠠᠰᠤ ᠬᠡᠦᠬᠡᠳ᠎ᠦᠨ ᠴᠡᠴᠡᠷᠯᠢᠭ᠎ᠦᠨ ᠬᠡᠯᠡ ᠶᠠᠷᠢᠶᠠᠨ᠎ᠦ ᠦᠶ᠋ᠯᠡᠳᠦᠯᠭᠡ᠎ᠶ᠋ᠢᠨ ᠬᠢᠴᠢᠶᠡᠯ ᠳᠡᠭᠡᠷ᠎ᠡ᠂ ᠳᠤᠮᠳᠠ ᠠᠩᠭᠢ᠎ᠶ᠋ᠢᠨ ᠪᠢᠴᠢᠬᠠᠨ ᠨᠠᠢᠵᠠ᠎ᠨᠠᠷ ᠤᠷᠤᠰᠤᠮ᠎ᠠ ᠰᠠᠢᠬᠠᠨ ᠨᠡᠢᠲᠡᠯᠢᠭ ᠬᠡᠯᠡ᠎ᠪᠡᠷ ᠶᠠᠷᠢᠬᠤ ᠨᠢ ᠬᠥᠮᠦᠰ᠎ᠢ ᠡᠷᠭᠡ ᠦᠭᠡᠢ ᠱᠠᠭᠰᠢᠭᠤᠯᠤᠨᠠ᠃
ᠦᠨᠳᠦᠰᠦᠲᠡᠨ ᠦ ᠭᠠᠵᠠᠷ ᠣᠷᠣᠨ ᠤ ᠬᠡᠦᠬᠡᠳ ᠦᠨ ᠴᠡᠴᠡᠷᠯᠢᠭ ᠪᠣᠯᠤᠭ᠍ᠰᠠᠨ᠎ᠤ ᠬᠤᠪᠢ᠎ᠳᠤ᠂ ᠪᠤᠷᠤᠪᠠᠯᠭᠠᠰᠤ ᠵᠢᠨ ᠬᠡᠦᠬᠡᠳ᠎ᠦᠨ ᠴᠡᠴᠡᠷᠯᠢᠭ ᠬᠤᠪᠢᠰᠭᠠᠯᠳᠤ ᠰᠣᠶᠣᠯ᠎ᠤᠨ ᠳᠠᠪᠠᠭᠤᠯᠢᠭ ᠪᠠ ᠴᠡᠴᠡᠷᠯᠢᠭ ᠡᠷᠬᠢᠯᠡᠬᠦ᠌ ᠣᠢᠯᠠᠭᠠᠭ᠍ᠳᠠᠬᠤᠨ᠎ᠳᠤ ᠰᠠᠭᠤᠷᠢᠯᠠᠵᠤ ᠂ ᠤᠯᠠᠨ ᠵᠢᠯ᠎ᠦᠨ ᠰᠦᠪᠡᠭ᠌ᠴᠢᠯᠡᠯᠳᠡ ᠪᠠ ᠱᠢᠨ᠎ᠡ᠎ᠶ᠋ᠢ ᠡᠭᠦᠳᠬᠦ᠌ ᠦᠢᠯᠡᠳᠦᠯᠭᠡ᠎ᠪᠡᠷ ᠳᠠᠮᠵᠢᠨ᠂ 《ᠤᠯᠠᠭᠠᠨ ᠤᠳᠤ ᠬᠡᠦᠬᠡᠳ᠎ᠤᠨ ᠢᠷᠡᠭᠡᠳᠦᠢ᠎ᠵᠢ ᠭᠡᠷᠡᠯᠳᠦᠬᠦᠯᠦᠨ᠎ᠡ》ᠭᠡᠬᠦ ᠦᠭᠡ ᠬᠡᠯᠡ ᠦᠰᠦᠭ ᠪᠢᠴᠢᠭ᠎ᠦᠨ ᠤᠨᠴᠠᠯᠢᠬ᠍ᠳᠤ ᠲᠦᠷᠦᠯ ᠲᠡᠮᠳᠡᠭ᠎ᠢ ᠪᠦᠷᠢᠯᠳᠦᠭᠦᠯᠵᠠᠢ᠃
ᠦᠶ᠋ᠯᠡᠳᠦᠯᠭᠡ ᠪᠠ ᠬᠢᠴᠢᠶᠡᠯ᠎ᠢ ᠭᠦᠶ᠋ᠴᠡᠳ ᠠᠭᠤᠰᠤᠯᠴᠠᠭᠤᠯᠪᠠ᠃ ᠬᠤᠪᠢᠰᠭᠠᠯᠳᠤ ᠬᠥᠮᠦᠵᠢᠯ᠎ᠦᠨ ᠰᠠᠭᠤᠷᠢᠨ ᠭᠠᠵᠠᠷ᠎ᠲᠤ ᠲᠦᠱᠢᠭ᠌ᠯᠡᠨ᠂ ᠪᠠᠶᠠᠯᠢᠭ ᠰᠠᠢᠬᠠᠨ ᠤᠯᠠᠭᠠᠨ ᠣᠳᠣᠨ ᠦᠶ᠋ᠯᠡᠳᠦᠯᠭᠡ᠂ ᠬᠤᠪᠢᠰᠭᠠᠯᠳᠤ ᠲᠤᠷᠠᠰᠬᠠᠯ᠎ᠤᠨ ᠡᠳᠦᠷ᠂ ᠬᠤᠪᠢᠰᠭᠠᠯᠳᠤ ᠬᠦᠮᠦᠵᠢᠯ᠎ᠤᠨ ᠤᠷᠠᠨ ᠤᠩᠱᠢᠯᠭ᠎ᠠ᠂ ᠤᠯᠠᠭᠠᠨ ᠣᠳᠣᠳᠤ ᠪᠡᠶᠡᠴᠢᠯᠡᠨ ᠣᠢᠯᠠᠭᠠᠬᠤ ᠠᠵᠢᠯᠯᠠᠭ᠎ᠠ ᠵᠡᠷᠭᠡ ᠶ᠋ᠢ ᠥᠷᠨᠢᠭᠦᠯᠵᠦ᠍᠂ ᠬᠡᠦᠬᠡᠳ ᠦᠨ ᠲᠤᠷ᠎ᠠ ᠰᠤᠨᠢᠷᠬᠠᠯ ᠢ ᠬᠥᠭ᠌ᠵᠢᠭᠡᠨ᠂ ᠢᠳᠡᠪᠬᠢᠵᠢᠯ ᠢ ᠨᠢ ᠳᠠᠢᠴᠢᠯᠠᠬᠤ᠎ᠶ᠋ᠢᠨ ᠬᠠᠮᠲᠤ᠂ ᠪᠠᠭ᠍ᠰᠢ ᠬᠡᠦᠬᠡᠳ ᠦᠨ ᠬᠣᠭᠣᠷᠣᠨᠳᠣᠬᠢ ᠰᠣᠯᠢᠯᠴᠠᠭ᠎ᠠ ᠪᠠ ᠦᠶ᠋ᠯᠡᠳᠦᠯᠴᠡᠯᠢ ᠠᠬᠢᠭᠤᠯᠵᠤ᠂ ᠬᠡᠦᠬᠡᠳ᠎ᠢᠶᠡᠷ ᠭᠤᠤᠯ ᠴᠣᠭ᠍ᠴᠠ ᠪᠣᠯᠭᠠᠭ᠍ᠰᠠᠨ ᠡᠶ᠎ᠡ ᠵᠣᠬᠢᠴᠠᠩᠭᠤᠢ ᠰᠤᠷᠤᠯᠴᠠᠬᠤ ᠣᠷᠴᠢᠨ ᠨᠥᠬᠥᠴᠡᠯ᠎ᠢ ᠪᠤᠢ ᠪᠤᠯᠭᠠᠵᠤ᠂ ᠬᠡᠦᠬᠡᠳ᠎ᠦᠨ ᠪᠤᠳᠠᠭᠠᠯᠢ ᠬᠥᠭ᠌ᠵᠢᠯᠲᠡ ᠬᠢᠭᠡᠳ ᠬᠡᠯᠡ ᠶᠠᠷᠢᠶᠠᠨ᠎ᠦ ᠴᠢᠳᠠᠪᠤᠷᠢ᠎ᠵᠢ ᠲᠡᠭᠡᠭᠰᠢᠯᠡᠬᠦᠯᠬᠦ᠎ᠳᠦ ᠰᠠᠢᠨ ᠰᠠᠢᠬᠠᠨ ᠠᠬᠢᠭᠤᠯᠬᠤ ᠦᠶ᠋ᠯᠡᠳᠦᠯ ᠦᠵᠡᠭᠦᠯᠪᠡ᠃
ᠴᠢᠳᠠᠪᠤᠷᠢ ᠶ᠋ᠢ ᠬᠢᠨᠠᠨ ᠬᠡᠮᠵᠢᠬᠦ ᠲᠥᠷᠥᠯ ᠵᠦᠶ᠋ᠯ᠎ᠢ ᠡᠩ ᠦᠨ ᠳᠦᠷᠢᠮᠪᠤᠯᠭᠠᠪᠠ᠃ ᠰᠤᠷᠭᠠᠨ ᠬᠥᠮᠦᠵᠢᠯ᠎ᠦᠨ ᠶᠠᠮᠤᠨ᠎ᠤ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠨᠡᠢᠲᠡᠯᠢᠭ ᠬᠡᠯᠡ᠎ᠶ᠋ᠢ ᠬᠢᠨᠠᠨ ᠬᠡᠮᠵᠢᠬᠦ᠌ ᠱᠢᠰᠲ᠋ᠧᠮ᠎ᠢᠶᠡᠷ ᠳᠠᠮᠵᠢᠭᠤᠯᠤᠨ ᠬᠡᠦᠬᠡᠳ᠎ᠦᠨ ᠨᠡᠢᠲᠡᠯᠢᠭ ᠬᠡᠯᠡᠨ᠎ᠦ ᠲᠦᠪᠰᠢᠨ᠎ᠢ ᠣᠨᠣᠪᠴᠢᠲᠠᠶ ᠬᠢᠨᠠᠨ ᠬᠡᠮᠵᠢᠬᠦ᠌᠎ᠶ᠋ᠢᠨ ᠬᠠᠮᠲᠤ᠂ ᠬᠡᠦᠬᠡᠳ᠎ᠦᠨ ᠨᠡᠢᠲᠡᠯᠢᠭ ᠬᠡᠯᠡᠨ᠎ᠦ ᠲᠦᠪᠰᠢᠨ᠎ᠢ ᠦᠨᠡᠯᠡᠨ ᠵᠢᠱ᠌ᠢᠬᠦ᠌ ᠪᠠᠷᠢᠮᠵᠢᠶ᠎ᠠ᠎ᠶ᠋ᠢ ᠣᠨᠣᠪᠴᠢᠲᠠᠶ ᠡᠵᠡᠮᠱᠢᠵᠦ᠍᠂ ᠠᠰᠠᠷᠠᠨ ᠬᠥᠮᠦᠵᠢᠭᠦᠯᠬᠦ᠌ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠦ ᠦᠨ᠎ᠡ ᠥᠷᠲᠡᠭ᠎ᠲᠡᠶ ᠯᠠᠪᠯᠠᠯᠲᠠ ᠬᠠᠨᠭᠭᠠᠪᠠ᠃
《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠲᠦᠷᠦᠯ ᠵᠦᠢᠯ》 ᠢ᠋ ᠵᠢᠭᠠᠨ ᠰᠤᠷᠭᠠᠯᠲᠠ᠎ᠳᠤ ᠠᠭᠤᠰᠭᠠᠨ ᠣᠷᠣᠭᠤᠯᠪᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠦᠷᠦᠯ ᠵᠦᠢᠯ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ ᠤᠨ ᠳᠤᠮᠳᠠᠬᠢ ᠮᠡᠳᠡᠭᠡ ᠵᠠᠩᠭᠢ᠎ᠶ᠋ᠢᠨ ᠮᠡᠷᠭᠡᠵᠢᠯ ᠪᠣᠯᠤᠨ ᠲᠤᠮᠤ ᠳ᠋ᠠᠢᠲ᠋ᠠ᠎ᠶ᠋ᠢᠨ ᠢᠳᠡᠪᠬᠢ ᠦᠢᠯᠡᠳᠦᠯ ᠢ ᠭᠦᠢᠴᠡᠳ ᠠᠱᠢᠭ᠍ᠯᠠᠵᠤ᠂ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠤᠶᠤᠨᠴᠢ ᠲᠤᠰᠠᠯᠠᠬᠤ ᠪᠠᠭ᠍ᠰᠢ᠎ᠶ᠋ᠢᠨ ᠱᠢᠰᠲ᠋ᠧᠮ᠎ᠦᠨ ᠬᠡᠷᠡᠭ᠌ᠯᠡᠯᠲᠡ᠎ᠶ᠋ᠢ ᠠᠬᠢᠭᠤᠯᠪᠠ᠃ ᠪᠠᠭ᠍ᠰᠢ ᠡᠴᠡ ᠪᠠᠰᠠ ᠲᠣᠭᠠᠴᠢᠯᠠᠭ᠍ᠰᠠᠨ ᠠᠷᠭ᠎ᠠ ᠪᠠᠷᠢᠯ᠎ᠢ ᠠᠱᠢᠭ᠍ᠯᠠᠠ᠂ ᠬᠡᠦᠬᠡᠳ᠎ᠤᠨ ᠵᠥᠪ ᠤᠨᠤᠪᠴᠢᠲᠠᠢ ᠠᠪᠢᠶᠠᠯᠠᠵᠤ ᠰᠤᠷᠬᠤ ᠳᠤᠨᠢ ᠬᠠᠪᠰᠤᠷᠤᠮᠵᠢ ᠪᠤᠯᠭᠠᠪᠠ ᠃
ᠳᠤᠷ᠎ᠠ ᠰᠣᠨᠢᠷᠬᠠᠯ᠎ᠢᠶᠠᠷ ᠦᠨᠳᠦᠰᠦᠯᠡᠯ ᠪᠤᠯᠭᠠᠪᠠ᠃ ᠡᠯ᠎ᠡ ᠠᠩᠭᠢ ᠵᠢᠨ ᠬᠢᠨ ᠠᠳᠠᠯᠢ ᠪᠤᠰᠤ ᠲᠥᠷᠥᠯ ᠵᠦᠶ᠋ᠯ᠎ᠦᠨ ᠠᠵᠢᠯᠯᠠᠭ᠎ᠠ ᠥᠷᠨᠢᠭᠦᠯᠵᠦ᠍᠂ ᠠᠵᠢᠯᠯᠠᠭ᠎ᠠ᠎ᠶ᠋ᠢᠨ ᠪᠠᠢᠳᠠᠯ᠎ᠢ ᠦᠨᠳᠦᠰᠦᠯᠡᠨ ᠬᠡᠦᠭᠡᠳ᠎ᠤᠳ ᠵᠢᠷᠤᠭᠳᠤ ᠳᠡᠪᠲᠡᠷ ᠵᠤᠬᠢᠶᠠᠨ᠎ᠠ᠃ ᠥᠪᠡᠷ᠎ᠢᠶᠡᠨ ᠵᠤᠬᠢᠶᠠᠨ ᠦᠶ᠋ᠯᠡᠳᠦᠭ᠌ᠰᠡᠨ ᠵᠢᠷᠤᠭᠳᠤ ᠳᠡᠪᠲᠡᠷ ᠨᠢ ᠬᠡᠦᠬᠡᠳ᠎ᠦᠨ ᠪᠡᠶ᠎ᠡ᠎ᠪᠡᠨ ᠳᠠᠭᠠᠭᠠᠬᠤ ᠴᠢᠳᠠᠪᠤᠷᠢ᠎ᠵᠢ ᠳᠡᠭᠡᠭᠰᠢᠯᠡᠬᠦᠯᠵᠦ᠂ ᠤᠷᠮ᠎ᠠ ᠵᠤᠷᠢᠭ᠎ᠢ ᠬᠥᠭ᠌ᠵᠢᠭᠡᠵᠦ᠍᠂ ᠪᠥᠬᠥ᠌ ᠪᠡᠶ᠎ᠡ ᠶ᠋ᠢᠨ ᠬᠥᠭ᠌ᠵᠢᠯᠲᠡ᠎ᠶ᠋ᠢ ᠠᠬᠢᠭᠤᠯᠬᠤ ᠳ᠋ᠤ ᠠᠰᠢᠭᠳᠠᠢ ᠪᠠᠢᠳᠠᠭ᠃
ᠵᠢᠱ᠌ᠢᠶ᠎ᠡ ᠦᠵᠡᠭᠦᠯᠬᠦ᠌᠎ᠪᠡᠷ ᠤᠳᠤᠷᠢᠳᠤᠮᠵᠢ ᠪᠤᠯᠭᠠᠪᠠ᠃ ᠪᠤᠷᠤᠪᠠᠯᠭᠠᠰᠤ ᠬᠡᠦᠬᠡᠳ᠎ᠦᠨ ᠴᠡᠴᠡᠷᠯᠢᠭ 2020 ᠣᠨ᠎ᠳᠤ ᠬᠣᠲᠠ᠎ᠶ᠋ᠢᠨ ᠲᠠᠰ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠱ᠌ᠢᠶ᠎ᠡ ᠦᠵᠡᠭᠦᠯᠬᠦ᠌ ᠰᠤᠷᠭᠠᠭᠤᠯᠢ᠎ᠶ᠋ᠢᠨ ᠦᠨᠡᠯᠡᠨ ᠵᠢᠱ᠌ᠢᠯᠲᠡ᠎ᠳᠦ ᠬᠢᠷᠢ ᠲᠡᠨᠭᠴᠡᠵᠦ᠂ ᠪᠠᠭ᠍ᠰᠢ ᠨᠠᠷ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠲᠦᠪᠱᠢᠨ᠎ᠦ ᠬᠣᠶᠠᠳᠤᠭᠠᠷ ᠳᠡᠰ᠎ᠤᠨ ᠬᠥᠬᠡᠭ᠌ᠴᠢᠨ ᠲᠡᠰ᠎ᠤᠨ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ 100%᠎ᠳ᠋ᠤ ᠬᠦᠷᠴᠦ᠍᠂ ᠬᠣᠶᠠᠳᠤᠭᠠᠷ ᠳᠡᠰ᠎ᠤᠨ ᠬᠥᠬᠡ ᠲᠠᠰ᠎ᠤᠨ ᠪᠠᠷᠢᠮᠵᠢᠶ᠎ᠠ ᠳ᠋ᠤ ᠬᠦᠷᠦᠭᠰᠡᠨ ᠪᠠᠭ᠍ᠰᠢ ᠨᠠᠷ ᠤᠨ ᠬᠠᠷᠢᠴᠠᠯ 68 % ᠳ᠋ᠤ ᠬᠦᠷᠴᠡᠶ᠃ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠪᠦᠬᠦ᠌ ᠲᠠᠯ᠎ᠠ᠎ᠪᠠᠷ ᠲᠡᠯᠭᠡᠷᠡᠬᠦᠯᠦᠨ ᠬᠡᠷᠡᠭ᠌ᠯᠡᠵᠦ ᠠᠰᠠᠷᠠᠨ ᠬᠥᠮᠦᠵᠢᠭᠦᠯᠬᠦ᠌ ᠠᠵᠢᠯᠯᠠᠭ᠎ᠠ ᠥᠷᠨᠢᠭᠦᠯᠬᠦ᠌ ᠨᠢ ᠪᠠᠭ᠍ᠰᠢ ᠬᠡᠤᠭᠡᠳ᠎ᠤᠨ ᠬᠠᠷᠢᠯᠴᠠᠨ ᠠᠬᠢᠭᠤᠯᠵᠤ᠂ ᠬᠠᠮᠲᠤ᠎ᠪᠠᠷ ᠦᠰᠦᠨ ᠪᠣᠢᠵᠢᠬᠤ ᠪᠦᠲᠦᠮᠵᠢᠲᠡᠢ ᠠᠷᠭ᠎ᠠ ᠬᠡᠮᠵᠢᠶ᠎ᠡ ᠪᠣᠯᠪᠠ᠃
ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠱᠠᠲᠤ ᠦᠶ᠎ᠡ ᠪᠣᠯ ᠬᠡᠦᠬᠡᠳ᠎ᠦᠨ ᠬᠡᠯᠡ ᠶᠠᠷᠢᠶᠠᠨ᠎ᠦ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠴᠠᠭ ᠬᠤᠭᠤᠴᠠᠭ᠎ᠠ ᠪᠣᠯᠤᠨ᠎ᠠ᠃ ᠣᠲᠣᠭ᠎ᠤᠨ ᠡᠮᠦᠨᠡᠲᠦ ᠬᠣᠱᠢᠭᠤ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠬᠡᠯᠡ ᠶᠠᠷᠢᠶᠠᠨ᠎ᠦ ᠰᠤᠷᠤᠯᠴᠠᠯᠭ᠎ᠠ ᠬᠥᠭ᠌ᠵᠢᠯ ᠤᠨ ᠵᠢᠮ᠎ᠡ ᠶᠣᠰᠣ᠎ᠶ᠋ᠢ ᠵᠢᠷᠤᠮᠯᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠠᠰᠠᠷᠠᠨ ᠬᠥᠮᠦᠵᠢᠭᠦᠯᠬᠦ᠌ ᠰᠤᠷᠭᠠᠨ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠬᠡᠦᠬᠡᠳ᠎ᠲᠦ ᠡᠯᠪᠡᠭ ᠪᠠᠶᠠᠯᠢᠭ ᠰᠤᠷᠭᠠᠨ ᠬᠥᠮᠦᠵᠢᠯ᠎ᠦᠨ ᠣᠷᠴᠢᠨ ᠨᠥᠬᠥᠴᠡᠯ ᠢ ᠡᠭᠦᠳᠦᠨ ᠥᠭ᠌ᠴᠦ ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠲᠡᠷᠡ ᠶᠣᠰᠣᠭᠠᠷ᠎ᠨᠢ ᠰᠠᠢᠲᠤᠷ ᠨᠠᠢᠳᠠᠪᠤᠷᠢᠵᠢᠭᠤᠯᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃