ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-10-05 16:16:13

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ᠎ᠶ᠋ᠢᠨ ᠹᠢᠽᠢᠺ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠠᠵᠢᠯᠯᠠᠬᠤ ᠲᠠᠰᠤᠭ᠎ᠲᠤ ᠣᠷᠣᠪᠠᠯ ᠭᠠᠵᠠᠷ ᠰᠠᠢ ᠦᠭᠡᠢ ᠲᠠᠯᠪᠢᠭᠠᠰᠤᠳᠠᠢ ᠶᠠᠩᠵᠤ ᠪᠦᠷᠢ᠎ᠶ᠋ᠢᠨ ᠲᠥᠬᠥᠭᠡᠷᠦᠮᠵᠢ ᠪᠠ ᠬᠡᠮᠵᠢᠭᠦᠷᠯᠢᠭ ᠨᠢ ᠬᠣᠷᠣᠮᠬᠠᠨ ᠵᠠᠭᠤᠷ᠎ᠠ ᠬᠦᠮᠦᠰ᠎ᠤᠨ ᠰᠤᠨᠢᠷᠬᠠᠯ᠎ᠢ ᠲᠠᠳᠠᠨ᠎ᠠ᠃

《ᠡᠨᠡ ᠬᠣᠶᠠᠷ ᠴᠢᠯᠠᠭᠤ ᠱᠢᠳᠡᠬᠦ᠌ ᠲᠡᠷᠭᠡ ᠎ᠶ᠋ᠢ ᠰᠤᠷᠤᠭ᠍ᠴᠢᠳ ᠦᠢᠯᠡᠳᠦᠭᠰᠡᠨ ᠶᠤᠮ᠃ ᠲᠡᠳᠡ ᠬᠢᠴᠢᠶᠡᠯ ᠎ᠦᠨ ᠳᠡᠪᠲᠡᠷ ᠪᠤᠶᠤ ᠺᠢᠨᠣ᠋ ᠲᠧᠯᠸᠢᠰ ᠎ᠦᠨ ᠪᠦᠲᠦᠭᠡᠯ ᠳᠤᠮᠳᠠ ᠎ᠠᠴᠠ ᠴᠢᠯᠠᠭᠤ ᠱᠢᠳᠡᠬᠦ᠌ ᠲᠡᠷᠭᠡᠨ ᠎ᠦ ᠶᠠᠩᠵᠤ᠎ᠶ᠋ᠢ ᠣᠯᠵᠤ ᠦᠵᠡᠭᠡᠳ ᠥᠪᠡᠷᠰᠡᠳ᠎ᠢᠶᠡᠨ ᠬᠢᠬᠦ᠌ ᠪᠤᠳᠤᠯ ᠣᠷᠣᠵᠠᠢ᠃ ᠲᠡᠳᠡ ᠬᠢᠵᠦ᠍ ᠭᠠᠷᠭᠠᠭ᠍ᠰᠠᠨ ᠎ᠤ ᠪᠠᠨ ᠳᠠᠷᠠᠭ᠎ᠠ ᠪᠠᠰᠠ ᠨᠢᠭᠡ ᠬᠤᠭᠤᠴᠠᠭᠠᠨ ᠎ᠤ ᠬᠢᠴᠢᠶᠡᠯ ᠎ᠦᠨ ᠭᠠᠳᠠᠨᠠᠬᠢ ᠴᠠᠭ ᠎ᠢᠶᠠᠷ ᠵᠢᠡᠨ ᠳᠡᠰ ᠳᠡᠪᠰᠢᠭᠰᠠᠨ ᠮᠠᠶᠢᠭ᠎ᠤᠨ ᠴᠢᠯᠠᠭᠤ ᠰᠢᠳᠡᠬᠦ ᠲᠡᠷᠭᠡ ᠵᠢ ᠦᠢᠯᠡᠳᠪᠠ᠃ ᠲᠡᠳᠡᠨ ᠎ᠦ ᠬᠢᠬᠦ ᠶᠠᠪᠤᠴᠠ᠎ᠳᠤ ᠭᠠᠷ ᠬᠥᠳᠡᠯᠬᠦ᠌ ᠴᠢᠳᠠᠪᠤᠷᠢ ᠪᠠ ᠰᠡᠳᠭᠢᠬᠦ᠌ ᠴᠢᠳᠠᠪᠤᠷᠢ ᠨᠢ ᠴᠥᠮ ᠳᠡᠭᠡᠭ᠌ᠰᠢᠯᠡᠪᠡ 》 ᠭᠡᠵᠦ᠍ ᠬᠥᠬᠡᠬᠣᠲᠠ ᠎ᠶ᠋ᠢᠨ ᠮᠣᠩᠭᠣᠯ ᠦᠨᠳᠦᠰᠦᠲᠡᠨ ᠎ᠦ ᠰᠤᠷᠭᠠᠭᠤᠯᠢ ᠎ᠶ᠋ᠢᠨ ᠬᠢᠴᠢᠶᠡᠯ ᠬᠥᠮᠦᠵᠢᠯ᠎ᠦᠨ ᠭᠠᠵᠠᠷ᠎ᠤᠨ ᠡᠷᠬᠢᠯᠡᠭ᠌ᠴᠢ ᠱᠢᠵᠢᠷ ᠲᠠᠨᠢᠯᠴᠠᠭᠤᠯᠪᠠ ᠃

ᠬᠥᠬᠡᠬᠣᠲᠠ ᠎ᠶ᠋ᠢᠨ ᠮᠣᠩᠭᠣᠯ ᠦᠨᠳᠦᠰᠦᠲᠡᠨ ᠎ᠦ ᠰᠤᠷᠭᠠᠭᠤᠯᠢ ᠎ᠶ᠋ᠢᠨ ᠹᠢᠽᠢᠺ ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠠᠵᠢᠯᠯᠠᠬᠤ ᠲᠠᠰᠤᠭ 2018 ᠣᠨ ᠎ᠳᠤ ᠵᠢᠩᠬᠢᠨᠢ ᠎ᠪᠡᠷ ᠪᠠᠢᠭᠤᠯᠤᠭ᠍ᠳᠠᠭ᠍ᠰᠠᠨ ᠎ᠠᠴᠠ ᠨᠠᠭᠠᠰᠢ ᠹᠢᠽᠢᠺ ᠎ᠦᠨ ᠬᠢᠴᠢᠶᠡᠯ᠎ᠦᠨ ᠰᠠᠭᠤᠷᠢᠨ ᠳᠡᠭᠡᠷ᠎ᠡ ᠭᠠᠵᠠᠷ ᠵᠦᠶ᠂ ᠠᠮᠢᠳᠤ ᠪᠣᠳᠠᠰ᠂ ᠲᠣᠭᠠᠨ ᠎ᠤ ᠤᠬᠠᠭᠠᠨ᠂ ᠬᠢᠮᠢ ᠵᠡᠷᠭᠡ ᠲᠠᠪᠤᠨ ᠶᠡᠬᠡ ᠱᠢᠨᠵᠢᠯᠡᠭᠡᠨ ᠎ᠦ 13 ᠪᠠᠭ᠍ᠰᠢ ᠎ᠶ᠋ᠢ ᠢᠳᠡᠭ ᠢᠳᠡᠭ ᠎ᠢ᠋ᠢᠡᠷ ᠤᠷᠤᠯᠴᠠᠭᠤᠯᠵᠤ᠌᠂ ᠰᠤᠷᠭᠠᠭᠤᠯᠢ ᠵᠢᠨ 500 ᠱᠢᠬᠠᠮ ᠬᠥᠮᠦᠨ ᠡᠨᠳᠡ ᠬᠢᠴᠢᠶᠡᠯ ᠣᠷᠣᠵᠤ᠂ ᠪᠠᠭᠠᠵᠢ ᠬᠡᠷᠡᠭᠰᠡᠯ ᠦᠶ᠋ᠯᠡᠳᠴᠦ᠍᠂ ᠡᠯ᠎ᠡ ᠱᠠᠲᠤᠨ᠎ᠤ ᠤᠷᠤᠯᠳᠤᠭᠠᠨ᠎ᠳᠤ ᠣᠷᠣᠯᠴᠠᠬᠰᠠᠨ ᠪᠠᠢᠨ᠎ᠠ᠃

《ᠡᠨᠡᠬᠦ᠌ ᠢᠷᠡᠭᠡᠳᠦᠶ ᠎ᠶ᠋ᠢᠨ ᠰᠠᠨᠰᠠᠷ ᠎ᠤᠨ ᠮᠠᠰᠢᠨ ᠲᠡᠷᠭᠡ 2022 ᠣᠨ ᠎ᠤ ᠪᠥᠬᠥ᠌ ᠤᠯᠤᠰ᠎ᠤᠨ ᠵᠠᠯᠠᠭᠤᠴᠤᠳ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠢ ᠲᠦᠭᠡᠮᠡᠯᠵᠢᠭᠦᠯᠬᠦ᠌ ᠱᠢᠨ᠎ᠡ ᠎ᠶ᠋ᠢ ᠡᠭᠦᠳᠬᠦ᠌ ᠲᠤᠷᠱᠢᠯᠲᠠ ᠵᠢᠴᠢ ᠪᠦᠲᠦᠭᠡᠯ ᠎ᠦᠨ ᠤᠷᠤᠯᠳᠤᠭᠠᠨ᠎ᠤ ᠪᠥᠬᠥ᠌ ᠤᠯᠤᠰ ᠎ᠤᠨ ᠨᠢᠭᠡᠳᠦᠭᠡᠷ ᠳᠡᠰ ᠎ᠤᠨ ᠱᠠᠩᠨᠠᠯ ᠎ᠢ ᠭᠥᠷᠳᠡᠪᠡ᠃ ᠡᠨᠡ ᠵᠢᠯ ᠬᠡᠦᠬᠡᠳ ᠎ᠦᠳ ᠪᠠᠰᠠ ᠡᠨᠡ ᠬᠦ᠌ ᠰᠠᠭᠤᠷᠢᠨ ᠳᠡᠭᠡᠷ᠎ᠡ ᠬᠠᠯᠠᠨ ᠰᠠᠢᠵᠢᠷᠠᠭᠤᠯᠵᠤ᠂ ᠡᠨᠡ ᠵᠢᠯ᠎ᠦᠨ ᠪᠥᠬᠥ᠌ ᠤᠯᠤᠰ᠎ᠤᠨ ᠵᠠᠯᠠᠭᠤᠴᠤᠳ ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠢ ᠲᠦᠭᠡᠮᠡᠯᠵᠢᠭᠦᠯᠬᠦ᠌ ᠱᠢᠨ᠎ᠡ ᠎ᠶ᠋ᠢ ᠡᠭᠦᠳᠬᠦ᠌ ᠲᠤᠷᠱᠢᠯᠲᠠ ᠵᠢᠴᠢ ᠪᠦᠲᠦᠭᠡᠯ᠎ᠦᠨ ᠤᠷᠤᠯᠳᠤᠭᠠᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠢᠭᠡᠳᠦᠭᠡᠷ ᠳᠡᠰ ᠎ᠤᠨ ᠱᠠᠩᠨᠠᠯ᠎ᠢ ᠣᠯᠵᠤ᠂ ᠪᠥᠬᠥ᠌ ᠤᠯᠤᠰ᠎ᠤᠨ ᠱᠢᠶ᠋ᠳᠪᠦᠷᠢᠲᠦ ᠤᠷᠤᠯᠳᠤᠭᠠᠨ ᠎ᠳᠤ ᠣᠷᠣᠵᠠᠢ》 ᠭᠡᠵᠦ᠍ ᠱᠢᠵᠢᠷ ᠬᠡᠯᠡᠪᠡ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠢ ᠰᠠᠢᠲᠤᠷ ᠰᠤᠷᠤᠯᠴᠠᠭᠤᠯᠵᠤ᠂ ᠵᠠᠯᠠᠭᠤᠴᠤᠳ ᠪᠠᠭᠠᠴᠤᠳ ᠎ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ ᠎ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠬᠥᠬᠡᠬᠣᠲᠠ ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠢ᠎ᠲᠡᠯᠭᠡᠷᠡᠬᠦᠯᠬᠦ ᠠᠵᠢᠯ᠎ᠢ ᠭᠦᠨᠵᠡᠭᠡᠶ ᠬᠡᠷᠡᠭ᠌ᠵᠢᠭᠦᠯᠵᠦ᠍᠂ ᠰᠤᠷᠤᠭ᠍ᠴᠢᠳ ᠎ᠤᠨ ᠴᠢᠳᠠᠪᠤᠷᠢᠲᠠᠨ ᠪᠣᠯᠬᠤ ᠵᠠᠮ ᠎ᠢ ᠨᠠᠩ ᠰᠠᠷᠠᠭᠤᠯ ᠳᠠᠷᠳᠠᠩ ᠪᠣᠯᠭᠠᠪᠠ᠃

《ᠰᠤᠷᠭᠠᠭᠤᠯᠢ ᠵᠢᠨ ᠬᠢᠨ ᠵᠢᠭᠠᠨ ᠰᠤᠷᠭᠠᠯᠲᠠ ᠎ᠶ᠋ᠢᠨ ᠬᠢᠴᠢᠶᠡᠯ ᠎ᠳᠦ ᠱᠢᠨᠵᠢᠯᠡᠬᠦ᠌ ᠤᠬᠠᠭᠠᠨᠴᠢ ᠎ᠪᠠᠷ ᠲᠣᠬᠢᠷᠠᠭᠤᠯᠤᠯᠲᠠ ᠬᠢᠬᠦ᠌ ᠎ᠪᠡᠷ ᠳᠠᠮᠵᠢᠭᠤᠯᠤᠨ ᠣᠯᠠᠨ ᠵᠦᠶ᠋ᠯ ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠪᠠᠭ᠍ᠰᠢ ᠎ᠶ᠋ᠢᠨ ᠬᠦᠴᠦᠨ ᠎ᠢ ᠭᠦᠶ᠋ᠴᠡᠳ ᠳᠣᠭᠢᠷᠠᠭᠤᠯᠤᠨ ᠬᠦᠴᠦᠷᠭᠡᠭᠵᠢᠬᠦᠯᠵᠤ᠂ ᠪᠠᠢᠩᠭᠤ ᠎ᠶ᠋ᠢᠨ ᠴᠢᠨᠠᠷᠳᠠᠢ ᠱᠢᠰᠲ᠋ᠧᠮᠲᠦ ᠴᠢᠨᠠᠷᠲᠠᠶ ᠪᠣᠯᠪᠠᠰᠤᠷᠠᠯ᠎ᠢ ᠦᠷᠭᠦᠯᠵᠢᠯᠡᠨ ᠥᠷᠨᠢᠭᠦᠯᠵᠦ᠍᠂ ᠪᠠᠭ᠍ᠰᠢ᠎ᠨᠠᠷ ᠎ᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠠᠢᠲᠤᠷ ᠬᠡᠷᠡᠭ᠌ᠯᠡᠬᠦ᠌ ᠎ᠳᠦ ᠬᠦᠴᠦᠨ ᠨᠡᠮᠡᠷᠢᠯᠡᠪᠡ᠃ ᠱᠢᠨ᠎ᠡ ᠬᠢᠴᠢᠶᠡᠯ᠎ᠦᠨ ᠪᠠᠷᠢᠮᠵᠢᠶ᠎ᠠ᠎ᠶ᠋ᠢ ᠬᠡᠷᠡᠭ᠌ᠵᠢᠭᠦᠯᠬᠦ᠌᠎ᠪᠡᠷ ᠠᠵᠠ ᠲᠣᠬᠢᠶᠠᠯ ᠪᠣᠯᠭᠠᠵᠤ᠂〈ᠬᠤᠤᠰ ᠥᠰᠥᠭ〉 ᠢ᠋ᠢᠡᠷ ᠴᠡᠷᠢᠭ ᠪᠣᠯᠪᠠᠰᠤᠷᠠᠭᠤᠯᠬᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ 〈ᠲᠠᠭᠤ ᠥᠬᠡᠶ ᠬᠢᠴᠢᠶᠡᠯ ᠎ᠦᠨ ᠲᠠᠩᠬᠢᠮ〉 ᠎ᠦ᠋ᠨ ᠤᠷᠤᠯᠳᠤᠭᠠᠨ᠎ᠤ ᠠᠵᠢᠯᠯᠠᠭ᠎ᠠ ᠦᠷᠨᠢᠬᠦᠯᠬᠦ᠂ ᠬᠠᠮᠲᠤᠷᠠᠭ᠍ᠰᠠᠨ ᠵᠢᠭᠠᠨ ᠰᠤᠷᠭᠠᠯᠲᠠ ᠪᠠ ᠰᠤᠳᠤᠯᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠂ ᠣᠶᠤᠨᠴᠢ ᠵᠢᠭᠠᠨ ᠰᠤᠷᠭᠠᠯᠲᠠ ᠵᠢ ᠪᠠᠢᠨᠭᠭᠤᠵᠢᠭᠤᠯᠬᠤ ᠪᠠ ᠱᠢᠨ᠎ᠡ᠎ᠶ᠋ᠢ ᠡᠭᠦᠳᠬᠦ᠎ᠶ᠋ᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠪᠠᠭ᠍ᠰᠢ ᠰᠤᠷᠤᠭ᠍ᠴᠢᠳ ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠎ᠦᠨ ᠬᠡᠷᠡᠭ᠌ᠯᠡᠭᠡᠨ ᠎ᠦ ᠴᠢᠳᠠᠪᠤᠷᠢ ᠎ᠶ᠋ᠢ ᠪᠥᠬᠥ᠌ ᠲᠠᠯ᠎ᠠ ᠎ᠪᠠᠷ ᠳᠡᠭᠡᠭ᠌ᠰᠢᠯᠡᠭᠦᠯᠬᠦ᠌ ᠎ᠶ᠋ᠢ ᠠᠬᠢᠭᠤᠯᠤᠨ᠎ᠠ》 ᠭᠡᠵᠦ᠍ ᠬᠥᠬᠡᠬᠣᠲᠠ ᠎ᠶ᠋ᠢᠨ ᠮᠣᠩᠭᠣᠯ ᠦᠨᠳᠦᠰᠦᠲᠡᠨ ᠎ᠦ ᠰᠤᠷᠭᠠᠭᠤᠯᠢ ᠎ᠶ᠋ᠢᠨ ᠵᠠᠬᠢᠷᠤᠯ ᠵᠢᠷᠭᠠᠯᠲᠤ ᠬᠡᠯᠡᠪᠡ᠃

ᠣᠢᠯᠠᠭᠠᠭ᠍ᠰᠠᠨ᠎ᠢᠶᠠᠷ᠂ ᠬᠥᠬᠡᠬᠣᠲᠠ ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ ᠨᠢᠭᠡᠨᠲᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠦᠷᠢᠮᠵᠢᠬᠦᠯᠦᠯᠳᠠ ᠵᠢᠨ ᠪᠠᠷᠢᠮᠵᠢᠶ᠎ᠠ ᠎ᠳᠤ ᠭᠦᠷᠦᠭ᠌ᠰᠡᠨ ᠰᠤᠷᠭᠠᠭᠤᠯᠢ᠎ᠶ᠋ᠢ ᠦᠨᠡᠯᠡᠨ ᠵᠢᠱ᠌ᠢᠵᠦ᠍ ᠬᠢᠨᠠᠨ ᠱᠢᠯᠭᠠᠬᠤ ᠪᠠ ᠳᠠᠬᠢᠨ ᠪᠠᠢᠴᠠᠭᠠᠬᠤ ᠠᠵᠢᠯ ᠎ᠳᠤ ᠤᠷᠤᠭ᠍ᠰᠢᠲᠠᠶ ᠬᠢᠷᠢ ᠲᠡᠩᠴᠡᠵᠦ᠍᠂ 《ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠦᠷᠢᠮᠵᠢᠬᠦᠯᠦᠯᠳᠠ ᠵᠢᠨ ᠵᠢᠱ᠌ᠢᠶ᠎ᠡ ᠦᠵᠡᠭᠦᠯᠬᠦ᠌ ᠰᠤᠷᠭᠠᠭᠤᠯᠢ》 ᠪᠠᠷ ᠨᠡᠷᠡᠢᠳᠦᠭ᠌ᠳᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面