ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-10-06 15:26:09

ᠵᠣᠬᠢᠶᠠᠭ᠍ᠴᠢ᠄ ᠰᠢᠤᠸᠠᠢ ᠯᠠᠢ ᠣᠩᠱᠢᠭ᠍ᠰᠠᠨ ᠣᠳᠠᠭ᠎ᠠ᠄ 3

ᠲᠠᠮᠢᠷ᠎ᠤᠨ ᠲᠠᠯᠠᠪᠠᠢ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ᠎ᠶᠢᠨ ᠪᠤᠯᠤᠩ ᠭᠠᠵᠠᠷ ᠪᠣᠯᠭᠠᠨ᠎ᠳᠤ ᠬᠠᠷᠠᠭᠳᠠᠨ᠎ᠠ; ᠬᠢᠴᠢᠶᠡᠯ᠎ᠦᠨ ᠭᠡᠷ᠎ᠲᠦ ᠳᠤᠮᠳᠠᠳᠤ᠎ᠶᠢᠨ ᠰᠢᠯᠢᠳᠡᠭ ᠰᠢᠯᠦᠭ ᠳᠠᠭᠤᠯᠠᠯ ᠵᠢᠴᠢ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶᠢᠨ ᠠᠭᠤᠯᠭ᠎ᠠ᠎ᠪᠦᠬᠦᠢ ᠪᠢᠴᠢᠮᠡᠯ ᠰᠣᠨᠢᠨ ᠲᠠᠢ ᠁ ᠡᠳᠦᠭᠡ ᠡᠢᠮᠦᠷᠬᠦ ᠪᠠᠢᠳᠠᠯ ᠪᠠᠶᠠᠨᠨᠠᠭᠤᠷ ᠬᠤᠳᠠ᠎ᠶᠢᠨ ᠤᠷᠠᠳ᠎ᠤᠨ ᠳᠤᠮᠳᠠᠳᠤ ᠬᠣᠰᠢᠭᠤᠨ᠎ᠤ ᠡᠯ᠎ᠡ ᠰᠤᠷᠭᠠᠭᠤᠯᠢ ᠵᠢᠨ ᠬᠦᠷᠢᠶᠡᠨ᠎ᠤ ᠭᠠᠵᠠᠷ ᠪᠣᠯᠭᠠᠨ᠎ᠳᠤ ᠢᠯᠡᠷᠡᠵᠦ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠡᠨ ᠰᠤᠷᠤᠯᠴᠠᠬᠤ ᠬᠡᠷᠡᠭᠴᠡᠭᠡ᠎ᠶᠢ ᠬᠠᠩᠭᠠᠭᠰᠠᠨ᠎ᠢᠶᠠᠷ ᠪᠠᠷᠠᠬᠤ ᠦᠭᠡᠢ ᠰᠤᠷᠤᠭ᠍ᠴᠢᠳ᠎ᠢ ᠬᠠᠪᠰᠤᠷᠤᠨ ᠰᠣᠶᠣᠯ᠎ᠤᠨ ᠣᠮᠣᠭᠰᠢᠯᠲᠤ ᠰᠡᠳᠬᠢᠯᠭᠡ ᠪᠣᠯᠣᠨ ᠢᠲᠡᠭᠡᠯ᠎ᠢ ᠨᠢ ᠬᠦᠪᠴᠢᠯᠡᠭᠰᠡᠨ ᠪᠠᠢᠨ᠎ᠠ᠃

ᠤᠷᠠᠳ᠎ᠤᠨ ᠳᠤᠮᠳᠠᠳᠤ ᠬᠣᠰᠢᠭᠤᠨ᠎ᠤ ᠲᠤᠷᠰᠢᠯᠲᠠ᠎ᠶᠢᠨ ᠰᠤᠷᠭᠠᠭᠤᠯᠢ ᠪᠣᠯ ᠠᠷᠪᠠᠨ ᠬᠣᠶᠠᠷ ᠵᠢᠯ᠎ᠦᠨ ᠳᠦᠷᠢᠮᠲᠦ ᠰᠤᠷᠭᠠᠭᠤᠯᠢ ᠪᠣᠯᠣᠨ᠎ᠠ᠂ ᠦᠨᠳᠦᠰᠦᠲᠡᠨ᠎ᠦ ᠰᠣᠷᠣᠭ᠍ᠴᠢ ᠨᠡᠯᠢᠶᠡᠳ ᠣᠯᠠᠨ ᠪᠠᠢᠵᠤ᠂ ᠪᠥᠬᠥ ᠰᠤᠷᠭᠠᠭᠤᠯᠢ᠎ᠶᠢᠨ 35 ᠠᠩᠭᠢ᠎ᠶᠢᠨ ᠬᠡᠯᠡ ᠪᠢᠴᠢᠭ᠂ ᠲᠣᠭᠠᠨ᠎ᠤ ᠤᠬᠠᠭᠠᠨ᠂ ᠠᠨᠭ᠌ᠭ᠌ᠯᠢ ᠬᠡᠯᠡ᠂ ᠶᠣᠰᠣ᠌ ᠰᠤᠷᠲᠠᠬᠤᠨ ᠬᠢᠭᠡᠳ ᠬᠠᠤᠯᠢ᠎ᠪᠠᠷ ᠵᠠᠰᠠᠬᠤ ᠵᠡᠷᠭᠡ ᠬᠡᠳᠦᠨ ᠲᠥᠷᠥᠯ᠎ᠦᠨ ᠬᠢᠴᠢᠶᠡᠯ᠎ᠳᠦ ᠴᠥᠮ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠬᠡᠷᠡᠭᠯᠡᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶᠢᠨ ᠬᠢᠴᠢᠶᠡᠯ᠎ᠢ ᠨᠢᠭᠡᠳᠦᠯᠲᠡᠢ ᠨᠡᠭᠡᠭᠡᠪᠡ᠃ ᠣᠳᠣᠬᠠᠨ᠎ᠳᠤ ᠤᠷᠠᠳ᠎ᠤᠨ ᠳᠤᠮᠳᠠᠳᠤ ᠬᠣᠰᠢᠭᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠷᠢᠮᠵᠢᠶ᠎ᠠ᠎ᠳᠤ ᠬᠦᠷᠦᠭᠰᠡᠨ 13 ᠶᠡᠬᠡ ᠳᠡᠭᠡᠳᠦ ᠰᠤᠷᠭᠠᠭᠤᠯᠢ᠎ᠶᠢ ᠡᠭᠦᠳᠦᠨ ᠪᠠᠢᠭᠤᠯᠵᠤ᠂ ᠪᠠᠷᠢᠮᠵᠢᠶ᠎ᠠ᠎ᠳᠤ ᠬᠦᠷᠦᠭᠰᠡᠨ ᠨᠣᠷᠮ᠎ᠠ ᠨᠢ 87. 5 % ᠳ᠋ᠦ ᠬᠦᠷᠴᠡᠢ᠃

ᠨᠠᠮᠤᠷ᠎ᠤᠨ ᠰᠤᠷᠤᠯᠭ᠎ᠠ ᠵᠢᠨ ᠬᠤᠭᠤᠴᠠᠭ᠎ᠠ ᠡᠬᠢᠯᠡᠭᠰᠡᠨ᠎ᠤ ᠳᠠᠷᠠᠭ᠎ᠠ ᠤᠷᠠᠳ᠎ᠤᠨ ᠳᠤᠮᠳᠠᠳᠤ ᠬᠣᠰᠢᠭᠤᠨ᠎ᠤ ᠲᠤᠷᠰᠢᠯᠲᠠ᠎ᠶᠢᠨ ᠰᠤᠷᠭᠠᠭᠤᠯᠢ᠎ᠶᠢᠨ ᠲᠠᠪᠤᠳᠤᠭᠠᠷ ᠤᠨ᠎ᠤ ᠲᠦᠷᠪᠡᠳᠦᠭᠡᠷ ᠠᠩᠭᠢ᠎ᠶᠢᠨ ᠬᠢᠴᠢᠶᠡᠯ᠎ᠦᠨ ᠭᠡᠷ᠎ᠲᠦ ᠬᠦᠷᠬᠦ᠎ᠳᠦ ᠠᠩᠭᠢ᠎ᠶᠢᠨ ᠡᠷᠬᠢᠯᠡᠭᠴᠢ ᠵᠤᠤ ᠨᠠᠪᠴᠢ ᠶᠠᠭ ᠰᠤᠷᠤᠭ᠍ᠴᠢᠳ᠎ᠢᠶᠡᠨ ᠵᠣᠬᠢᠶᠠᠨ ᠪᠠᠢᠭᠤᠯᠵᠤ ᠭᠣᠣᠯ ᠰᠡᠳᠦᠪᠲᠦ ᠠᠩᠭᠢ᠎ᠶᠢᠨ ᠬᠤᠷᠠᠯ᠎ᠢ ᠥᠷᠨᠢᠭᠦᠯᠵᠦ ᠪᠠᠢᠪᠠ᠃ 《ᠪᠦᠭᠦᠳᠡᠭᠡᠷ ᠰᠠᠢᠬᠠᠨ ᠰᠠᠭᠤᠵᠠᠭ᠎ᠠ᠂ ᠠᠩᠭᠢ᠎ᠶᠢᠨ ᠬᠤᠷᠠᠯ ᠤᠳᠠᠯ ᠦᠭᠡᠢ ᠡᠬᠢᠯᠡᠬᠦ ᠭᠡᠵᠦ ᠪᠠᠢᠨ᠎ᠠ᠂ ᠪᠤᠶᠠᠨᠳᠡᠯᠭᠡᠷ ᠥᠨᠥᠳᠥᠷ᠎ᠦᠨ ᠠᠩᠭᠢ᠎ᠶᠢᠨ ᠬᠤᠷᠠᠯ᠎ᠢ ᠡᠷᠬᠢᠯᠡᠨ᠎ᠠ!》

ᠪᠠᠭ᠍ᠰᠢ᠎ᠶᠢᠨ ᠨᠡᠷ᠎ᠡ ᠳᠤᠷᠠᠳᠬᠤ᠎ᠶᠢ ᠰᠣᠨᠣᠰᠤᠭᠠᠳ ᠪᠤᠶᠠᠨᠳᠡᠯᠭᠡᠷ ᠴᠡᠭᠡᠵᠢ ᠲᠡᠨᠢᠢᠨ ᠲᠠᠢᠰᠠᠨ᠎ᠳᠤ ᠭᠠᠷᠴᠤ᠄ 《ᠦᠨᠦᠳᠦᠷ᠎ᠤᠨ ᠪᠢᠳᠡᠨ᠎ᠤ ᠠᠩᠭᠢ᠎ᠶᠢᠨ ᠬᠤᠷᠠᠯ ᠨᠡᠢᠲᠡᠯᠢᠭ ᠬᠡᠯᠡ᠎ᠶᠢ ᠰᠠᠢᠲᠤᠷ ᠶᠠᠷᠢᠵᠤ ᠂ ᠳᠦᠷᠢᠮᠵᠢᠭᠰᠡᠨ ᠦᠰᠦᠭ᠎ᠢ ᠰᠠᠢᠲᠤᠷ ᠪᠢᠴᠢᠵᠦ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠶ᠎ᠠ ᠭᠡᠬᠦ ᠭᠣᠣᠯ ᠰᠡᠳᠦᠪ ᠲᠠᠢ᠃ ᠵᠠᠯᠭᠠᠭᠠᠳ ᠪᠢ ᠤᠯᠠᠨ᠎ᠢ ᠳᠠᠭᠠᠭᠤᠯᠤᠨ ᠰᠤᠷᠤᠯᠴᠠᠶ᠎ᠠ ᠁》 ᠭᠡᠵᠦ ᠲᠡᠷᠡ ᠬᠦᠩᠭᠢᠨᠡᠮ᠎ᠡ ᠳᠠᠭᠤᠨ᠎ᠢᠶᠠᠷ ᠢᠲᠡᠭᠡᠯ ᠲᠡᠭᠦᠯᠳᠡᠷ ᠶᠠᠷᠢᠨ᠎ᠠ᠃ ᠰᠤᠷᠤᠭ᠍ᠴᠢᠳ ᠤᠷᠮ᠎ᠠ ᠪᠠᠬ᠎ᠠ᠎ᠲᠠᠢ ᠰᠣᠨᠣᠰᠴᠤ᠂ ᠪᠠᠢᠨ ᠪᠠᠢᠨ ᠪᠤᠶᠠᠨᠳᠡᠯᠭᠡᠷ᠎ᠦᠨ ᠶᠠᠷᠢᠭ᠍ᠰᠠᠨ ᠠᠭᠤᠯᠭ᠎ᠠ᠎ᠵᠢᠨ ᠲᠤᠭᠤᠷᠢᠨ᠎ᠳᠤ ᠰᠠᠨᠠᠯ᠎ᠢᠶᠡᠨ ᠰᠤᠯᠢᠯᠴᠠᠵᠤ᠂ ᠬᠢᠴᠢᠶᠡᠯ᠎ᠦᠨ ᠲᠠᠩᠬᠢᠮ᠎ᠤᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠢᠯ᠎ᠠ᠃

ᠡᠢᠮᠦᠷᠬᠦᠦ ᠭᠣᠣᠯ ᠰᠡᠳᠦᠪᠲᠦ ᠠᠩᠭᠢ᠎ᠶᠢᠨ ᠬᠤᠷᠠᠯ᠎ᠡᠴᠡ ᠭᠠᠳᠠᠨ᠎ᠠ ᠤᠷᠠᠳ᠎ᠤᠨ ᠳᠤᠮᠳᠠᠳᠤ ᠬᠣᠰᠢᠭᠤ ᠪᠠᠰᠠ ᠳᠤᠮᠳᠠᠳᠤ᠎ᠶᠢᠨ ᠰᠣᠩᠭᠣᠳᠠᠭ ᠵᠣᠬᠢᠶᠠᠯ᠎ᠢ ᠤᠩᠰᠢᠨ ᠪᠢᠴᠢᠵᠦ ᠲᠠᠢᠯᠪᠤᠷᠢᠯᠠᠬᠤ ᠤᠷᠤᠯᠳᠤᠭᠠᠨ᠂ ᠬᠢᠲᠠᠳ ᠥᠰᠥᠭ᠎ᠦᠨ ᠰᠣᠨᠣᠰᠴᠤ ᠪᠢᠴᠢᠬᠦ ᠶᠡᠬᠡ ᠬᠤᠷᠠᠯ᠂ ᠰᠢᠯᠦᠭ ᠳᠠᠭᠤᠯᠠᠯ᠎ᠤᠨ ᠶᠡᠬᠡ ᠬᠤᠷᠠᠯ᠂ ᠪᠥᠬᠥ ᠠᠷᠠᠳ᠎ᠤᠨ 《ᠪᠠᠶᠠᠰᠬᠤᠯᠠᠩᠲᠤ》 ᠤᠩᠰᠢᠯᠭ᠎ᠠ ᠵᠡᠷᠭᠡ ᠠᠵᠢᠯᠯᠠᠭ᠎ᠠ ᠥᠷᠨᠢᠭᠦᠯᠵᠦ᠂ ᠰᠤᠷᠤᠭ᠍ᠴᠢᠳ᠎ᠤᠨ ᠬᠢᠴᠢᠶᠡᠯ᠎ᠦᠨ ᠭᠠᠳᠠᠨᠠᠬᠢ ᠠᠮᠢᠳᠤᠷᠠᠯ᠎ᠢ ᠪᠠᠶᠠᠯᠢᠭ᠍ᠵᠢᠭᠤᠯᠤᠭᠰᠠᠨ᠎ᠢᠶᠠᠷ ᠪᠠᠷᠠᠬᠤ ᠦᠭᠡᠢ ᠪᠠᠰᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶᠢᠨ ᠠᠭᠤᠯᠭ᠎ᠠ᠎ᠶᠢ ᠰᠤᠷᠤᠭ᠍ᠴᠢᠳ᠎ᠤᠨ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠤᠭᠰᠠᠨ ᠪᠠᠢᠨ᠎ᠠ᠃

ᠣᠢᠯᠠᠭᠠᠭᠰᠠᠨ᠎ᠢᠶᠠᠷ ᠂ ᠤᠷᠠᠳ᠎ᠤᠨ ᠳᠤᠮᠳᠠᠳᠤ ᠬᠣᠰᠢᠭᠤ ᠵᠢᠨ ᠬᠢᠨ ᠣᠯᠠᠨ ᠤᠳᠠᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠬᠠᠮᠢᠶ᠎ᠠ ᠪᠦᠬᠦᠢ ᠠᠵᠢᠯ᠎ᠢ ᠰᠤᠳᠤᠯᠤᠨ ᠪᠠᠢᠷᠢᠯᠠᠭᠤᠯᠵᠤ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠲᠥᠯᠥᠪᠯᠡᠭᠡ᠂ ᠤᠷᠠᠳ᠎ᠤᠨ ᠳᠤᠮᠳᠠᠳᠤ ᠬᠣᠰᠢᠭᠤᠨ᠎ᠤ ᠰᠢᠭᠤᠳ ᠬᠠᠷᠢᠶ᠎ᠠ ᠰᠤᠷᠭᠠᠭᠤᠯᠢ ᠬᠢᠭᠡᠳ ᠲᠤᠷᠰᠢᠯᠲᠠ᠎ᠶᠢᠨ ᠰᠤᠷᠭᠠᠭᠤᠯᠢ ᠵᠢᠨ ᠬᠠᠪᠰᠤᠷᠤᠯᠴᠠᠭ᠎ᠠ ᠪᠠᠢᠭᠤᠯᠬᠤ ᠠᠵᠢᠯ᠎ᠤᠨ ᠬᠡᠷᠡᠭᠵᠢᠭᠦᠯᠬᠦ ᠲᠥᠰᠥᠯ ᠪᠣᠯᠣᠨ ᠵᠢᠭᠠᠨ ᠰᠤᠳᠤᠯᠤᠭ᠍ᠴᠢ ᠡᠴᠡ ᠰᠤᠷᠭᠠᠭᠤᠯᠢ ᠵᠢ ᠳᠠᠭᠠᠭᠠᠴᠢᠯᠠᠨ ᠬᠠᠷᠢᠯᠴᠠᠬᠤ ᠳᠦᠷᠢᠮ᠎ᠢ ᠲᠣᠭᠲᠠᠭᠠᠪᠠ᠃ ᠡᠯ᠎ᠡ ᠰᠤᠷᠭᠠᠭᠤᠯᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢ ᠢᠳᠡᠪᠬᠢᠲᠡᠢ ᠰᠠᠨᠠᠭᠠᠴᠢᠯᠠᠭ᠎ᠠ᠎ᠲᠠᠢ᠂ ᠪᠦᠲᠦᠭᠡᠯᠴᠢ ᠴᠢᠨᠠᠷᠲᠠᠢ᠎ᠪᠠᠷ ᠥᠷᠨᠢᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠠᠵᠢᠯ᠎ᠢ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠪᠠᠢᠭᠤᠯᠤᠯᠲᠠ ᠪᠠ ᠪᠣᠯᠪᠠᠰᠤᠨ᠎ᠢ ᠡᠭᠦᠳᠦᠨ ᠪᠠᠶ᠋ᠢᠭᠤᠯᠬᠤ ᠪᠦᠬᠦᠯᠢ ᠴᠣᠭᠴᠠ᠎ᠶᠢᠨ ᠠᠵᠢᠯ᠎ᠳᠤ ᠣᠷᠣᠭᠤᠯᠵᠤ᠂ ᠪᠠᠭ᠍ᠰᠢ᠎ᠶᠢᠨ ᠦᠷᠭᠦᠯᠵᠢᠯᠡᠬᠦ ᠰᠤᠷᠭᠠᠨ ᠬᠥᠮᠦᠵᠢᠯ᠎ᠦᠨ ᠢᠨᠵᠧᠨᠧᠷᠢᠩ᠎ᠳᠦ ᠣᠷᠣᠭᠤᠯᠵᠤ᠂ ᠪᠠᠭ᠍ᠰᠢ᠎ᠶᠢᠨ ᠦᠨᠳᠦᠰᠦᠨ ᠪᠣᠯᠪᠠᠰᠤᠷᠠᠯ᠂ ᠬᠢᠷᠢ ᠬᠡᠮ᠎ᠢ ᠬᠢᠨᠠᠨ ᠲᠣᠭᠲᠠᠭᠠᠬᠤ ᠪᠠ ᠲᠤᠰᠢᠶᠠᠯ ᠳ᠋ᠤ ᠲᠤᠮᠢᠯᠠᠬᠤ ᠴᠢᠬᠤᠯᠠ ᠨᠥᠬᠥᠴᠡᠯ ᠪᠣᠯᠭᠠᠵᠤ᠂ ᠰᠤᠷᠭᠠᠭᠤᠯᠢ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠡᠩ᠎ᠦᠨ ᠬᠠᠮᠢᠶᠠᠷᠤᠯᠲᠠ ᠪᠠ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠦᠨᠡᠯᠡᠬᠦ ᠪᠠᠷᠢᠮᠵᠢᠶ᠎ᠠ᠎ᠳᠤ ᠣᠷᠣᠭᠤᠯᠬᠤ᠎ᠶᠢᠨ ᠬᠠᠮᠲᠤ ᠰᠤᠷᠤᠭ᠍ᠴᠢᠳ᠎ᠤᠨ ᠪᠦᠬᠦ ᠲᠠᠯ᠎ᠠ ᠵᠢᠨ ᠬᠦᠭᠵᠢᠯᠳᠡ ᠵᠢᠨ ᠰᠤᠷᠭᠠᠨ ᠬᠥᠮᠦᠵᠢᠯ᠎ᠦᠨ ᠠᠵᠢᠯᠯᠠᠭ᠎ᠠ᠎ᠳᠤ ᠠᠭᠤᠰᠬᠠᠵᠠᠢ᠃ ᠪᠠᠭ᠍ᠰᠢ᠎ᠶᠢᠨ ᠨᠡᠢᠲᠡᠯᠢᠭ ᠬᠡᠯᠡᠨ᠎ᠦ ᠬᠢᠷᠢ ᠲᠦᠪᠰᠢᠨ᠎ᠢ ᠳᠡᠭᠡᠭᠰᠢᠯᠡᠭᠦᠯᠬᠦ᠎ᠶᠢᠨ ᠲᠥᠯᠥᠭᠡ ᠨᠡᠢᠲᠡᠯᠢᠭ ᠬᠡᠯᠡᠨ᠎ᠦ ᠬᠢᠷᠢ ᠲᠦᠪᠰᠢᠨ ᠨᠢ ᠬᠣᠶᠠᠳᠤᠭᠠᠷ ᠳᠡᠰ᠎ᠤᠨ ᠬᠥᠬᠡᠭᠴᠢᠨ ᠲᠠᠰ ᠡᠴᠡ ᠳᠣᠷᠣᠭ᠍ᠰᠢᠬᠢ ᠪᠤᠶᠤ ᠨᠡᠢᠲᠡᠯᠢᠭ ᠬᠡᠯᠡᠨ᠎ᠦ ᠦᠨᠡᠮᠯᠡᠯ ᠦᠭᠡᠢ ᠪᠠᠭ᠍ᠰᠢ ᠨᠠᠷ᠎ᠢ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠲᠥᠪᠯᠡᠷᠡᠭᠦᠯᠦᠨ ᠪᠣᠯᠪᠠᠰᠤᠷᠠᠭᠤᠯᠵᠤ᠂ ᠰᠢᠯᠭᠠᠯᠲᠠ᠎ᠳᠤ ᠬᠢᠷᠢ ᠲᠡᠩᠴᠡᠭᠰᠡᠨ ᠨᠣᠷᠮ᠎ᠠ ᠨᠢ 87 % ᠳ᠋ᠤ ᠬᠦᠷᠴᠦ᠂ ᠮᠠᠰᠢ ᠢᠯᠡᠷᠬᠡᠢ ᠦᠷ᠎ᠡ ᠪᠦᠲᠦᠮᠵᠢ ᠣᠯᠵᠠᠢ᠃

ᠦᠭᠡ ᠬᠡᠯᠡ ᠦᠰᠦᠭ ᠪᠢᠴᠢᠭ ᠨᠢᠭᠡᠳᠡᠢ ᠪᠤᠯ ᠰᠡᠳᠭᠢᠯ ᠨᠡᠢᠯᠡᠨ᠎ᠡ᠃ ᠤᠷᠠᠳ᠎ᠤᠨ ᠳᠤᠮᠳᠠᠳᠤ ᠬᠣᠰᠢᠭᠤᠨ᠎ᠤ ᠭᠠᠵᠠᠷ ᠪᠣᠯᠭᠠᠨ᠎ᠳᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠴᠤ ᠬᠡᠷᠡᠭᠯᠡᠬᠦ ᠠᠮᠢᠳᠤᠯᠢᠭ᠋ ᠰᠠᠢᠬᠠᠨ ᠪᠠᠢᠳᠠᠯ ᠬᠠᠷᠠᠭᠳᠠᠨ᠎ᠠ᠃ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠨᠡᠢᠲᠡᠯᠢᠭ ᠬᠡᠯᠡ᠎ᠪᠡᠷ ᠠᠭᠤᠤ ᠶᠡᠬᠡ ᠴᠠᠭ ᠦᠶ᠎ᠡ᠎ᠶᠢ ᠮᠠᠭᠲᠠᠨ ᠳᠠᠭᠤᠯᠠᠵᠤ᠂ ᠳᠦᠷᠢᠮᠵᠢᠭᠰᠡᠨ ᠦᠰᠦᠭ᠎ᠢᠶᠡᠷ 《ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠦᠨ ᠬᠥᠮᠥᠨ ᠮᠡᠲᠦ ᠳᠣᠲᠣᠨᠣ᠌᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠬᠦ》 ᠭᠡᠷᠡᠯ ᠰᠠᠴᠤᠷᠠᠩᠭᠤᠢ ᠠᠮᠵᠢᠯᠲᠠ᠎ᠶᠢ ᠪᠢᠴᠢᠭᠯᠡᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面