2023-11-01 10:05:29
《ᠥᠨᠥᠳᠥᠷ᠎ᠦᠨ ᠠᠩᠭᠢ᠎ᠶᠢᠨ ᠬᠤᠷᠠᠯ᠎ᠤᠨ ᠭᠣᠣᠯ ᠰᠡᠳᠦᠪ ᠪᠣᠯ 〈 ᠪᠢ ᠪᠣᠯ ᠳᠤᠮᠳᠠᠳᠤ ᠵᠢᠨ ᠬᠡᠦᠬᠡᠳ᠂ ᠪᠢ ᠨᠡᠢᠲᠡᠯᠢᠭ ᠬᠡᠯᠡ᠎ᠪᠡᠷ ᠵᠢᠠᠨ ᠶᠠᠷᠢᠬᠤ ᠳᠤᠷᠠᠳᠠᠢ〉 ᠪᠤᠯᠤᠨ᠎ᠠ᠂ ᠰᠣᠷᠣᠭ᠍ᠴᠢ ᠨᠢᠭᠡᠪᠦᠷᠢ ᠴᠥᠮ ᠲᠠᠢᠰᠠᠨ᠎ᠳᠤ ᠭᠠᠷᠴᠤ ᠶᠠᠷᠢᠨ᠎ᠠ᠂ ᠥᠪᠡᠷ᠎ᠦᠨ ᠪᠢᠴᠢᠭᠰᠡᠨ ᠵᠣᠬᠢᠶᠠᠯ᠎ᠢᠶᠠᠨ ᠤᠷᠠᠨ ᠲᠣᠳᠣ᠌ ᠤᠩᠰᠢᠵᠤ ᠪᠣᠯᠣᠨ᠎ᠠ᠂ ᠡᠰᠡᠬᠦᠯ᠎ᠡ ᠣᠯᠠᠨ᠎ᠳᠤ ᠨᠢᠭᠡ ᠥᠯᠢᠭᠡᠷ ᠶᠠᠷᠢᠵᠤ ᠥᠭᠴᠦ ᠪᠣᠯᠣᠨ᠎ᠠ᠂ ᠡᠰᠡᠬᠦᠯ᠎ᠡ ᠨᠢᠭᠡ ᠰᠠᠢᠨ ᠨᠣᠮ ᠲᠠᠨᠢᠯᠴᠠᠭᠤᠯᠵᠤ ᠪᠣᠯᠣᠨ᠎ᠠ ᠁ 》 ᠡᠨᠡ ᠪᠤᠯ᠂ 10 ᠰᠠᠷ᠎ᠠ᠎ᠶᠢᠨ 30 ᠤ᠋ ᠡᠳᠦᠷ᠂ ᠪᠠᠶᠠᠨᠨᠠᠭᠤᠷ ᠬᠣᠲᠠ ᠶ᠋ᠢᠨ ᠦᠶᠤᠸᠠᠨ ᠰᠢᠶᠠᠨ᠎ᠤ ᠵᠢᠷᠭᠤᠳᠤᠭᠠᠷ ᠪᠠᠭ᠎ᠠ ᠰᠤᠷᠭᠠᠭᠤᠯᠢ ᠶ᠋ᠢᠨ ᠳᠥᠷᠪᠡᠳᠦᠭᠡᠷ ᠣᠨ᠎ᠤ ᠳᠣᠯᠣᠳᠤᠭᠠᠷ ᠠᠩᠭᠢ ᠶ᠋ᠢᠨ ᠠᠩᠭᠢ ᠶ᠋ᠢᠨ ᠡᠷᠬᠢᠯᠡᠭᠴᠢ ᠤᠷᠠᠨ ᠭᠣᠣᠯ ᠰᠡᠳᠦᠪᠲᠦ ᠠᠩᠭᠢ ᠶ᠋ᠢᠨ ᠬᠤᠷᠠᠯ ᠢ᠋ ᠡᠷᠭᠢᠯᠡᠵᠦ ᠪᠠᠢᠭ᠎ᠠ ᠦᠵᠡᠭᠳᠡᠯ ᠪᠤᠯᠤᠨ᠎ᠠ᠃ ᠲᠡᠷᠡ᠄ 《ᠶᠠᠭᠤᠨ᠎ᠤ ᠤᠷᠢᠳ ᠰᠠᠬᠢᠬᠴᠢ ᠵᠢ ᠳᠠᠢᠰᠠᠨ ᠳ᠋ᠤ ᠤᠷᠢᠵᠤ ᠶᠠᠷᠢᠶ᠎ᠠ ᠲᠠᠯᠪᠢᠭᠤᠯᠤᠶ᠎ᠠ》 ᠬᠡᠪᠡ᠃ ᠪᠠᠭ᠍ᠰᠢ᠎ᠶᠢᠨ ᠨᠡᠷ᠎ᠡ ᠳᠤᠷᠠᠳᠬᠤ᠎ᠶᠢ ᠰᠤᠨᠤᠰᠤᠮᠠᠭᠴᠠ ᠰᠠᠬᠢᠭᠴᠢ ᠴᠡᠭᠡᠵᠢ ᠲᠡᠨᠢᠭᠡᠷ ᠲᠠᠢᠰᠠᠨ᠎ᠳᠤ ᠭᠠᠷᠴᠤ᠂ 《ᠪᠢ 〈ᠮᠠᠷᠲᠠᠭᠳᠠᠰᠢ ᠦᠭᠡᠢ ᠨᠢᠭᠡᠨ ᠶᠠᠪᠤᠳᠠᠯ〉 ᠭᠡᠰᠡᠨ ᠵᠤᠬᠢᠶᠠᠯ᠎ᠢ ᠲᠠ ᠤᠯᠠᠨ ᠲᠠᠢ ᠪᠠᠨ ᠬᠤᠪᠢᠶᠠᠯᠴᠠᠶ᠎ᠠ》 ᠬᠡᠵᠦ ᠬᠦᠩᠬᠢᠨᠡᠮ᠎ᠠ ᠳᠤᠳᠤ ᠬᠤᠭᠤᠯᠠᠢ ᠪᠡᠷ ᠤᠩᠰᠢᠵᠤ ᠡᠬᠢᠯᠡᠬᠦ ᠳ᠋ᠤ ᠬᠠᠮᠳᠤ ᠨᠦᠬᠦᠳ ᠨᠢ ᠤᠷᠮ᠎ᠠ ᠬᠠᠢᠷᠠᠯᠠᠵᠤ᠂ ᠬᠢᠴᠢᠶᠡᠯ᠎ᠦᠨ ᠲᠠᠩᠬᠢᠮ᠎ᠤᠨ ᠠᠭᠤᠷ ᠠᠮᠢᠰᠬᠤᠯ ᠮᠠᠰᠢ ᠬᠥᠭᠵᠢᠶᠡᠨ ᠲᠡᠢ ᠪᠤᠯᠵᠠᠢ᠃
ᠡᠢᠮᠦᠷᠬᠦᠦ ᠭᠣᠣᠯ ᠰᠡᠳᠦᠪᠲᠦ ᠠᠩᠭᠢ᠎ᠶᠢᠨ ᠬᠤᠷᠠᠯ᠎ᠠᠴᠠ ᠭᠠᠳᠠᠨ᠎ᠠ᠂ ᠦᠶᠤᠸᠠᠨ ᠰᠢᠶᠠᠨ᠎ᠤ ᠡᠯ᠎ᠡ ᠰᠤᠷᠭᠠᠭᠤᠯᠢ ᠵᠢᠨ ᠬᠢᠨ ᠪᠠᠰᠠ ᠦᠷᠭᠦᠯᠵᠢ ᠰᠣᠩᠭᠣᠳᠠᠭ ᠵᠣᠬᠢᠶᠠᠯ ᠤᠩᠰᠢᠬᠤ᠂ ᠰᠠᠢᠨ ᠨᠣᠮ ᠲᠠᠨᠢᠯᠴᠠᠭᠤᠯᠬᠤ᠂ ᠳᠦᠷᠢᠮᠵᠢᠭᠰᠡᠨ ᠬᠢᠲᠠᠳ ᠦᠰᠦᠭ᠎ᠦᠨ ᠤᠷᠠᠨ ᠪᠢᠴᠢᠯᠭᠡ ᠪᠢᠴᠢᠬᠦ ᠵᠡᠷᠭᠡ ᠤᠯᠠᠨ ᠵᠦᠢᠯ᠎ᠦᠨ ᠬᠡᠯᠪᠡᠷᠢ ᠮᠠᠶᠢᠭ᠋ᠵᠢᠡᠷ ᠨᠡᠢᠳᠡᠯᠢᠭ ᠬᠡᠯᠡ ᠵᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠳᠡᠭ᠃ ᠰᠤᠷᠤᠭ᠍ᠴᠢᠳ ᠪᠠᠰᠠ ᠨᠡᠢᠳᠡᠯᠢᠭ ᠬᠡᠯᠡ ᠵᠢ ᠲᠦᠬᠡᠮᠡᠯᠵᠢᠬᠦᠯᠬᠦ ᠲᠤᠬᠠᠢ ᠭᠠᠷ ᠪᠢᠴᠢᠮᠡᠯ ᠰᠣᠨᠢᠨ ᠬᠢᠵᠦ᠂ ᠭᠤᠶᠤ ᠰᠠᠢᠬᠠᠨ ᠤᠷᠠᠨ ᠪᠦᠲᠦᠭᠡᠯ᠎ᠦᠳ ᠨᠢ ᠬᠡᠦᠬᠡᠳ᠎ᠦᠳ᠎ᠦᠨ ᠨᠡᠢᠲᠡᠯᠢᠭ ᠬᠡᠯᠡ᠎ᠶᠢ ᠰᠠᠢᠲᠤᠷ ᠶᠠᠷᠢᠵᠤ ᠳᠦᠷᠢᠮᠵᠢᠭᠰᠡᠨ ᠦᠰᠦᠭ᠎ᠢ ᠰᠠᠢᠲᠤᠷ ᠪᠢᠴᠢᠬᠦ ᠢᠳᠡᠭᠡᠯ ᠵᠤᠷᠢᠭ᠎ᠢ ᠢᠯᠡᠷᠡᠬᠦᠯᠵᠦ ᠪᠠᠢᠯ᠎ᠠ᠃ ᠡᠯ᠎ᠡ ᠰᠤᠷᠭᠠᠭᠤᠯᠢ ᠨᠤᠭᠤᠳ ᠪᠠᠰᠠ ᠡᠯᠧᠺᠲᠷᠣᠨ ᠳᠡᠯᠭᠡᠴᠡ᠎ᠪᠡᠷ ᠤᠬᠠᠭᠤᠯᠭ᠎ᠠ᠎ᠶᠢᠨ ᠦᠭᠡ ᠤᠷᠢᠶ᠎ᠠ ᠵᠢ ᠦᠷᠭᠦᠯᠵᠢ ᠨᠠᠪᠲᠠᠷᠡᠭᠦᠯᠵᠦ᠂ ᠰᠤᠷᠭᠠᠭᠤᠯᠢ᠎ᠶᠢᠨ ᠬᠦᠷᠢᠶᠡᠨ᠎ᠦ ᠤᠬᠠᠭᠤᠯᠭ᠎ᠠ᠎ᠶᠢᠨ ᠰᠠᠮᠪᠠᠷ᠎ᠠ᠎ᠳᠤ ᠵᠠᠷᠯᠠᠯ ᠨᠠᠭᠠᠵᠤ᠂ 《ᠨᠡᠢᠲᠡᠯᠢᠭ ᠬᠡᠯᠡ᠎ᠪᠡᠷ ᠶᠠᠷᠢᠬᠤ᠂ ᠳᠦᠷᠢᠮᠵᠢᠭᠰᠡᠨ ᠥᠰᠥᠭ ᠪᠢᠴᠢᠬᠦ᠂ ᠪᠣᠯᠪᠠᠰᠤᠨ ᠬᠥᠮᠥᠨ ᠪᠣᠯᠬᠤ》 ᠭᠦᠨ ᠵᠤᠵᠠᠭᠠᠨ ᠠᠭᠤᠷ ᠠᠮᠢᠰᠬᠤᠯ᠎ᠢ ᠪᠣᠶ ᠪᠣᠯᠭᠠᠪᠠ᠃
《ᠬᠡᠦᠬᠡᠳ ᠤ᠋ᠳ ᠭᠡᠷ᠎ᠲᠡᠬᠡᠨ ᠬᠠᠷᠢᠭ᠍ᠰᠠᠨ᠎ᠤ ᠳᠠᠷᠠᠭ᠎ᠠ ᠭᠡᠷ᠎ᠦᠨ ᠬᠥᠮᠥᠰ ᠢ᠋ᠶ᠋ᠡᠨ ᠳᠠᠶ᠋ᠢᠴᠢᠯᠠᠨ ᠨᠡᠢᠲᠡᠯᠢᠭ ᠬᠡᠯᠡ᠎ᠪᠡᠷ ᠶᠠᠷᠢᠵᠤ᠂ ᠭᠡᠷ ᠪᠦᠯᠢ᠂ ᠰᠤᠷᠭᠠᠭᠤᠯᠢ᠂ ᠨᠡᠢᠭᠡᠮ᠎ᠦᠨ ᠬᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠬᠦ᠎ᠳᠦ ᠬᠦᠴᠦᠨ ᠴᠢᠳᠠᠯ᠎ᠢᠶᠠᠨ ᠡᠷᠬᠦᠬᠦ ᠪᠡᠷ ᠬᠦᠴᠦᠯᠡᠨ ᠴᠢᠷᠮᠠᠢᠬᠤ ᠵᠢ ᠪᠢᠳᠠ ᠱᠠᠭᠠᠷᠳᠠᠵᠤ ᠪᠠᠢᠨ᠎ᠠ》 ᠭᠡᠵᠦ ᠵᠢᠷᠭᠤᠳᠤᠭᠠᠷ ᠪᠠᠭ᠎ᠠ ᠰᠤᠷᠭᠠᠭᠤᠯᠢ᠎ᠶᠢᠨ ᠬᠢᠴᠢᠶᠡᠯ ᠬᠥᠮᠦᠵᠢᠯ᠎ᠦᠨ ᠡᠷᠬᠢᠯᠡᠭᠴᠢ ᠹᠠᠨ ᠴᠢᠨ ᠶᠠᠷᠢᠯ᠎ᠠ᠃
ᠣᠢᠯᠠᠭᠠᠭᠰᠠᠨ᠎ᠢᠶᠠᠷ᠂ ᠦᠶᠤᠸᠠᠨ ᠰᠢᠶᠠᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠠᠵᠢᠯ᠎ᠢ ᠪᠥᠬᠥ ᠰᠢᠶᠠᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠶᠡᠷᠦᠩᠬᠡᠢ ᠲᠥᠯᠦᠪᠵᠢᠭᠦᠯᠭᠡ ᠪᠠ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠬᠡᠪᠴᠢᠶᠡᠨ᠎ᠳᠦ ᠣᠷᠣᠭᠤᠯᠵᠤ᠂ ᠭᠣᠣᠯ ᠠᠵᠢᠯ᠎ᠲᠠᠢ ᠪᠡᠨ ᠬᠠᠮᠲᠤ ᠳ᠋ᠤᠨᠢ ᠲᠥᠯᠥᠪᠯᠡᠨ᠂ ᠬᠠᠮᠲᠤ ᠳ᠋ᠤᠨᠢ ᠲᠣᠬᠢᠷᠠᠭᠤᠯᠵᠤ᠂ ᠬᠠᠮᠲᠤ ᠳ᠋ᠤᠨᠢ ᠨᠠᠢᠳᠠᠪᠤᠷᠢᠵᠢᠭᠤᠯᠤᠨ᠂ ᠬᠠᠮᠲᠤ ᠳ᠋ᠤᠨᠢ ᠬᠢᠨᠠᠨ ᠰᠢᠯᠭᠠᠵᠤ ᠪᠠᠢᠨ᠎ᠠ; ᠲᠤᠰ ᠰᠢᠶᠠᠨ 《ᠦᠶᠤᠸᠠᠨ ᠰᠢᠶᠠᠨ᠎ᠤ ᠦᠭᠡ ᠬᠡᠯᠡ ᠦᠰᠦᠭ ᠪᠢᠴᠢᠭ᠎ᠦᠨ ᠠᠵᠢᠯ (2021 - 2025) ᠤ᠋ᠨ ᠲᠠᠪᠤᠨ ᠵᠢᠯ᠎ᠦᠨ ᠲᠥᠯᠦᠪᠵᠢᠭᠦᠯᠭᠡ》 ᠵᠢ ᠨᠡᠢᠲᠡᠯᠡᠵᠦ᠂ ᠰᠢᠶᠠᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠺᠣᠮᠢᠰ᠎ᠢ ᠪᠠᠢᠭᠤᠯᠵᠤ᠂ ᠪᠦᠬᠦ ᠰᠢᠶᠠᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠢ ᠨᠢᠭᠡᠳᠦᠯᠲᠡᠢ ᠲᠥᠯᠥᠪᠯᠡᠨ ᠬᠠᠷᠢᠭᠤᠴᠠᠭᠤᠯᠵᠤ᠂ ᠡᠯ᠎ᠡ ᠪᠦᠷᠢᠯᠳᠦᠭᠦᠨ ᠨᠢᠭᠡᠴᠢ᠎ᠳᠦ ᠬᠠᠷᠠᠭᠠᠯᠵᠠᠭᠰᠠᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ ᠪᠠᠢᠭᠤᠯᠵᠤ᠂ ᠬᠠᠷᠢᠭᠤᠴᠠᠯᠭ᠎ᠠ᠎ᠶᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠨ᠂ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠵᠤ᠂ ᠨᠠᠮ᠎ᠤᠨ ᠬᠣᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠭᠣᠣᠯᠯᠠᠨ ᠵᠢᠯᠤᠭᠤᠲᠤᠬᠰᠠᠨ᠂ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ ᠨᠢᠭᠡᠳᠦᠯᠲᠡᠢ ᠲᠥᠯᠥᠪᠵᠢᠭᠦᠯᠦᠭᠰᠡᠨ᠂ ᠰᠠᠯᠠᠭ᠎ᠠ ᠮᠥᠴᠢᠷ ᠳᠡᠮᠵᠢᠭᠰᠡᠨ᠂ ᠨᠡᠢᠭᠡᠮ ᠨᠡᠶ᠋ᠢᠲᠡ᠎ᠪᠡᠷ᠎ᠢᠶᠡᠨ ᠣᠷᠣᠯᠴᠠᠭᠰᠠᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠪᠠᠢᠷᠢᠰᠢᠯ᠎ᠢ ᠪᠠᠢᠭᠤᠯᠪᠠ;ᠱᠢᠶᠠᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ ᠵᠢᠯ ᠪᠦᠷᠢ᠎ᠶ᠋ᠢᠨ ᠡᠬᠢᠨ᠎ᠳᠦ ᠪᠦᠬᠦ᠌ ᠱᠢᠶᠠᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠭᠣᠣᠯᠳᠠᠯᠭ᠎ᠠ᠎ᠶ᠋ᠢ ᠲᠣᠭ᠍ᠲᠠᠭᠠᠵᠤ᠂ ᠵᠢᠯ᠎ᠦᠨ ᠳᠤᠮᠳᠠᠴᠢ᠎ᠪᠠᠷ ᠱᠠᠯᠠᠪᠳᠠᠭᠤᠯᠤᠨ ᠪᠠᠢᠴᠠᠭᠠᠬᠤ᠎ᠶ᠋ᠢᠨ ᠬᠠᠮᠲᠤ᠂ ᠦᠭᠡ ᠬᠡᠯᠡ ᠦᠰᠦᠭ ᠪᠢᠴᠢᠭ᠎ᠦᠨ ᠠᠵᠢᠯ᠎ᠢ ᠪᠦᠬᠦ᠌ ᠱᠢᠶᠠᠨ᠎ᠤ ᠡᠯ᠎ᠡ ᠰᠠᠯᠠᠭ᠎ᠠ ᠮᠥᠴᠢᠷ᠂ ᠡᠯ᠎ᠡ ᠱᠢᠶᠠᠩ ᠪᠠᠯᠭᠠᠰᠤᠨ᠎ᠤ ᠣᠨ᠎ᠤ ᠪᠣᠳᠠᠲᠤ ᠠᠮᠵᠢᠯᠲᠠ ᠪᠦᠳᠦᠮᠵᠢ᠎ᠶ᠋ᠢ ᠬᠢᠨᠠᠨ ᠱᠢᠯᠭᠠᠬᠤ ᠪᠠ ᠱᠢᠶᠠᠩ ᠪᠠᠯᠭᠠᠰᠤᠨ᠎ᠤ ᠵᠠᠰᠠᠭ᠎ᠤᠨ ᠣᠷᠳᠣᠨ᠎ᠤ ᠰᠤᠷᠭᠠᠨ ᠬᠥᠮᠦᠵᠢᠯ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠢ ᠦᠨᠡᠯᠡᠬᠦ᠌ ᠴᠢᠬᠤᠯᠠ ᠠᠭᠤᠯᠭ᠎ᠠ᠎ᠳᠤ ᠣᠷᠣᠭᠤᠯᠪᠠ; 《ᠲᠡᠯᠭᠡᠷᠡᠬᠦᠯᠦᠨ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠭᠠᠷᠠᠭ》 ᠵᠡᠷᠭᠡ ᠭᠣᠣᠯ ᠰᠡᠳᠦᠪᠲᠦ ᠠᠵᠢᠯᠯᠠᠭ᠎ᠠ᠎ᠲᠠᠶ ᠤᠶᠠᠯᠳᠤᠭᠤᠯᠤᠨ᠂ ᠨᠡᠢᠲᠡᠯᠢᠭ ᠬᠡᠯᠡ ᠪᠠ ᠳᠦᠷᠢᠮᠵᠢᠭ᠌ᠰᠡᠨ ᠦᠰᠦᠭ᠎ᠢ ᠤᠯᠠᠨ ᠠᠷᠭ᠎ᠠ ᠵᠠᠮ᠂ ᠤᠯᠠᠨ ᠬᠠᠷᠠᠭᠠᠰᠤ ᠡᠴᠡ ᠤᠬᠠᠭᠤᠯᠤᠨ ᠲᠦᠭᠡᠮᠡᠯᠵᠢᠭᠦᠯᠵᠦ᠍᠂ ᠵᠢᠯ ᠪᠦᠷᠢ ᠨᠠᠮ ᠵᠠᠰᠠᠭ᠎ᠤᠨ ᠪᠠᠢᠭᠤᠯᠭ᠎ᠠ᠂ ᠦᠢᠯᠡᠴᠢᠯᠡᠭᠡᠨ᠎ᠦ ᠴᠤᠩᠬᠤᠪᠴᠢ᠂ ᠰᠤᠷᠭᠠᠭᠤᠯᠢ ᠪᠠ ᠰᠣᠨᠢᠨ ᠮᠡᠳᠡᠭᠡᠨ᠎ᠦ ᠵᠠᠭᠤᠴᠢᠯᠠᠭᠤᠷ ᠵᠡᠷᠭᠡ ᠨᠢᠭᠡᠴᠢ᠎ᠳᠦ 《ᠰᠣᠩᠭᠣᠳᠠᠭ ᠰᠢᠯᠦᠭ ᠵᠤᠬᠢᠶᠠᠯ ᠤᠨ ᠤᠷᠠᠨ ᠤᠩᠰᠢᠯᠭ᠎ᠠ》 ᠵᠢᠨ ᠤᠷᠤᠯᠳᠤᠭᠠᠨ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠴᠢᠬᠤᠯᠠ ᠶᠡᠬᠡ ᠪᠠᠶᠠᠷ᠎ᠤᠨ ᠡᠳᠦᠷ᠎ᠢ ᠠᠱᠢᠭ᠍ᠯᠠᠨ ᠨᠡᠢᠲᠡᠯᠢᠭ ᠬᠡᠯᠡᠨ᠎ᠦ ᠶᠠᠷᠢᠶ᠎ᠠ ᠢᠯᠡᠳᠭᠡᠯ᠎ᠦᠨ ᠤᠷᠤᠯᠳᠤᠭᠠᠨ᠂ ᠮᠡᠳᠡᠯᠭᠡ᠎ᠶ᠋ᠢᠨ ᠤᠷᠤᠯᠳᠤᠭᠠᠨ ᠵᠡᠷᠭᠡ ᠠᠵᠢᠯᠯᠠᠭ᠎ᠠ᠎ᠶ᠋ᠢ ᠢᠳᠡᠪᠬᠢᠲᠡᠢ ᠵᠣᠬᠢᠶᠠᠨ ᠪᠠᠢᠭᠤᠯᠤᠨ ᠥᠷᠨᠢᠭᠦᠯᠵᠤ ᠪᠤᠢ; ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠢ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠴᠢᠬᠤᠯᠠ ᠵᠢᠭ᠍ᠰᠠᠭᠠᠯ᠎ᠤᠨ ᠭᠠᠵᠠᠷ ᠪᠣᠯᠭᠠᠵᠤ᠂ ᠡᠯ᠎ᠡ ᠲᠥᠷᠥᠯ᠎ᠦᠨ ᠠᠵᠢᠯᠯᠠᠭ᠎ᠠ᠎ᠶ᠋ᠢ ᠢᠳᠡᠪᠬᠢᠲᠡᠶ ᠵᠣᠬᠢᠶᠠᠨ ᠪᠠᠢᠭᠤᠯᠤᠨ ᠥᠷᠨᠢᠭᠦᠯᠵᠦ᠍᠂ ᠪᠤᠶ ᠪᠦᠬᠦᠢ ᠰᠤᠷᠭᠠᠭᠤᠯᠢ ᠵᠢᠴᠢ ᠬᠡᠦᠬᠡᠳ᠎ᠦᠨ ᠴᠡᠴᠡᠷᠯᠢᠭ ᠴᠥᠮ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ᠎ᠳᠤ ᠬᠦᠷᠦᠭ᠌ᠰᠡᠨ ᠰᠤᠷᠭᠠᠭᠤᠯᠢ᠂ ᠪᠠᠷᠢᠮᠵᠢᠶ᠎ᠠ᠎ᠳᠤ ᠬᠦᠷᠦᠭ᠌ᠰᠡᠨ ᠬᠡᠦᠬᠡᠳ᠎ᠦᠨ ᠴᠡᠴᠡᠷᠯᠢᠭ᠎ᠢ ᠡᠭᠦᠳᠦᠨ ᠪᠠᠢᠭᠤᠯᠬᠤ ᠠᠵᠢᠯ᠎ᠢ ᠪᠠᠶᠡᠯᠡᠭᠦᠯᠪᠡ;ᠨᠡᠢᠲᠡᠯᠢᠭ ᠬᠡᠯᠡᠨ᠎ᠦ ᠪᠣᠯᠪᠠᠰᠤᠷᠠᠯ᠎ᠢ ᠨᠡᠢᠲᠡᠯᠢᠭ ᠬᠡᠯᠡᠨ᠎ᠦ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ ᠴᠢᠬᠤᠯᠠ ᠠᠴᠢᠶᠠᠯᠠᠪᠤᠷᠢ ᠪᠠ ᠪᠦᠲᠦᠮᠵᠢᠲᠡᠶ ᠭᠠᠷᠳᠠᠴᠠ ᠪᠣᠯᠭᠠᠬᠤ᠎ᠶ᠋ᠢ ᠪᠠᠷᠢᠮᠲᠠᠯᠠᠵᠤ᠂ 《ᠬᠡᠦᠬᠡᠳ᠎ᠦᠨ ᠬᠡᠯᠡ ᠠᠳᠠᠯᠢ ᠪᠠᠢᠬᠤ》 ᠲᠥᠯᠥᠪᠯᠡᠭᠡ᠎ᠶ᠋ᠢᠨ ᠪᠠᠭ᠍ᠰᠢ᠎ᠶ᠋ᠢᠨ ᠪᠣᠯᠪᠠᠰᠤᠷᠠᠯ᠂ ᠮᠠᠯᠵᠢᠬᠤ ᠲᠠᠷᠢᠶᠠᠯᠠᠬᠤ ᠣᠷᠣᠨ᠎ᠤ ᠬᠡᠦᠬᠡᠳ᠎ᠦᠨ ᠴᠡᠴᠡᠷᠯᠢᠭ᠎ᠦᠨ ᠭᠤᠤᠯᠯᠠᠬᠤ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢᠨ ᠪᠣᠯᠪᠠᠰᠤᠷᠠᠯ᠂ ᠳᠤᠮᠳᠠᠳᠤ᠎ᠶ᠋ᠢᠨ ᠰᠣᠩᠭᠣᠳᠠᠭ ᠵᠤᠬᠢᠶᠠᠯ ᠪᠦᠳᠦᠭᠡᠯ᠎ᠢ ᠤᠩᠱᠢᠬᠤ ᠰᠦᠯᠵᠢᠶᠡᠨ᠎ᠤ ᠲᠤᠰᠭᠠᠶ ᠪᠣᠯᠪᠠᠰᠤᠷᠠᠯ᠂ ᠵᠠᠯᠠᠭᠤ ᠢᠳᠡᠷ ᠬᠥᠳᠡᠯᠮᠦᠷᠢ ᠬᠦᠴᠦᠨ ᠪᠠ ᠦᠨᠳᠦᠰᠦᠨ ᠱᠠᠲᠤᠨ᠎ᠤ ᠺᠠᠳ᠋ᠷ᠎ᠤᠨ ᠨᠡᠢᠲᠡᠯᠢᠭ ᠬᠡᠯᠡᠨ᠎ᠦ ᠵᠢᠱ᠌ᠢᠶ᠎ᠡ ᠦᠵᠡᠭᠦᠯᠬᠦ᠌ ᠪᠣᠯᠪᠠᠰᠤᠷᠠᠯ ᠵᠡᠷᠭᠡ᠎ᠶ᠋ᠢ ᠵᠠᠯᠭᠠᠭ᠎ᠠ᠎ᠪᠠᠷ ᠥᠷᠨᠢᠭᠦᠯᠪᠡ; ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠪᠠᠷᠢᠮᠲᠠᠯᠠᠵᠤ᠂ ᠲᠤᠬᠠᠢᠯᠠᠭᠰᠠᠨ ᠠᠵᠢᠯ ᠪᠠ ᠨᠡᠢᠭᠡᠮ᠎ᠦᠨ ᠬᠡᠷᠡᠭ᠌ᠯᠡᠭᠡᠨ᠎ᠦ ᠦᠰᠦᠭ ᠪᠢᠴᠢᠭ᠎ᠦᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠪᠡ᠃
ᠦᠶᠤᠸᠠᠨ ᠱᠢᠶᠠᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠱᠢᠶᠠᠨ᠎ᠤ ᠳᠡᠳ᠋ ᠳᠠᠷᠤᠭ᠎ᠠ ᠯᠢ ᠳ᠋ᠦᠩ᠄ 《ᠬᠣᠢᠱᠢᠳᠠ ᠮᠠᠨ᠎ᠤ ᠱᠢᠶᠠᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠬᠦᠷᠢᠶ᠎ᠡ ᠴᠠᠷᠠᠭ᠎ᠠ᠎ᠪᠡᠨ ᠤᠯᠠᠮ ᠴᠢᠨᠠᠭᠰᠢᠳᠠ ᠥᠷᠭᠡᠳᠭᠡᠵᠦ᠍᠂ ᠵᠠᠰᠠᠭ ᠵᠠᠬᠢᠷᠭᠠᠨ᠎ᠢᠶᠠᠷ ᠲᠦᠯᠬᠢᠨ ᠠᠬᠢᠭᠤᠯᠬᠤ᠂ ᠰᠤᠷᠳᠠᠯᠴᠢᠯᠠᠨ ᠤᠬᠠᠭᠤᠯᠵᠤ ᠬᠥᠲᠥᠯᠥᠨ ᠵᠢᠯᠣᠭᠣᠳᠭᠤ᠂ ᠰᠤᠷᠭᠠᠨ ᠬᠥᠮᠦᠵᠢᠭᠦᠯᠵᠦ᠍ ᠲᠠᠪᠳᠠᠨ ᠪᠣᠯᠪᠠᠰᠤᠷᠠᠭᠤᠯᠬᠤ ᠵᠡᠷᠭᠡ ᠠᠷᠭ᠎ᠠ ᠪᠠᠷᠢᠯ᠎ᠢᠶᠠᠷ ᠳᠠᠮᠵᠢᠭᠤᠯᠤᠨ᠂ ᠦᠭᠡ ᠬᠡᠯᠡ ᠦᠰᠦᠭ ᠪᠢᠴᠢᠭ᠎ᠦᠨ ᠠᠵᠢᠯ᠎ᠢ ᠥᠷᠭᠡᠨ ᠠᠭᠤᠳᠠᠮ ᠬᠦᠳᠡᠭᠡ ᠲᠤᠰᠬᠤᠨ ᠮᠠᠯᠵᠢᠬᠤ ᠣᠷᠣᠨ ᠲᠡᠢᠰᠢ ᠲᠠᠰᠤᠷᠠᠯᠲᠠ ᠦᠭᠡᠢ ᠤᠷᠲᠤᠳᠭᠠᠬᠤ᠎ᠶ᠋ᠢ ᠠᠬᠢᠭᠤᠯᠤᠨ᠎ᠠ;〈ᠵᠠᠰᠠᠭ᠎ᠤᠨ ᠣᠷᠳᠣᠨ ᠬᠠᠷᠢᠭᠤᠴᠠᠵᠤ᠂ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ ᠨᠢᠭᠡᠳᠦᠯᠲᠡᠶ ᠲᠥᠯᠥᠪᠯᠡᠨ᠂ ᠰᠠᠯᠠᠭ᠎ᠠ ᠮᠥᠴᠢᠷ ᠬᠠᠮᠵᠢᠯᠴᠠᠵᠤ᠂ ᠨᠡᠢᠭᠡᠮ ᠨᠡᠢᠳᠡ᠎ᠪᠡᠷ ᠵᠢᠡᠨ ᠣᠷᠣᠯᠴᠠᠬᠤ〉 ᠦᠭᠡ ᠬᠡᠯᠡ ᠦᠰᠦᠭ ᠪᠢᠴᠢᠭ᠎ᠦᠨ ᠬᠠᠮᠢᠶᠠᠷᠤᠯᠲᠠ᠎ᠶ᠋ᠢᠨ ᠬᠡᠪ ᠵᠠᠭ᠍ᠪᠤᠷ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ 〈ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠵᠦ᠍᠂ ᠭᠤᠷᠪᠠᠨ ᠱᠠᠲᠤ᠎ᠪᠠᠷ ᠬᠠᠮᠢᠶᠠᠷᠴᠤ᠌ ᠂ ᠱᠢᠰᠲ᠋ᠧᠮ ᠪᠠ ᠬᠡᠰᠡᠭ᠎ᠢ ᠤᠶᠠᠯᠳᠤᠭᠤᠯᠵᠤ᠂ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ〉 ᠦᠭᠡ ᠬᠡᠯᠡ ᠦᠰᠦᠭ ᠪᠢᠴᠢᠭ᠎ᠦᠨ ᠠᠵᠢᠯ᠎ᠤᠨ ᠱᠢᠨ᠎ᠡ ᠪᠠᠢᠷᠢᠱᠢᠯ᠎ᠢ ᠪᠠᠢᠭᠤᠯᠬᠤ᠎ᠶ᠋ᠢ ᠲᠦᠯᠬᠢᠨ ᠠᠬᠢᠭᠤᠯᠤᠨ᠎ᠠ; ᠤᠬᠠᠭᠤᠯᠭ᠎ᠠ᠎ᠶ᠋ᠢᠨ ᠠᠵᠢᠯ᠎ᠤᠨ ᠡᠷᠴᠢᠮ᠎ᠢᠶᠡᠨ ᠤᠯᠠᠮ ᠨᠢᠭᠡ ᠠᠯᠬᠤᠮ ᠨᠡᠮᠡᠭ᠌ᠳᠡᠭᠦᠯᠵᠦ᠍᠂ ᠨᠡᠢᠲᠡᠯᠢᠭ ᠬᠡᠯᠡᠨ᠎ᠦ ᠪᠣᠯᠪᠠᠰᠤᠷᠠᠯ᠂ ᠨᠡᠢᠭᠡᠮ᠎ᠦᠨ ᠦᠩᠭᠡᠨ ᠬᠡᠷᠡᠭ᠌ᠯᠡᠭᠡᠨ᠎ᠦ ᠦᠰᠦᠭ ᠪᠢᠴᠢᠭ᠎ᠦᠨ ᠬᠠᠮᠢᠶᠠᠷᠤᠯᠲᠠ ᠪᠣᠯᠤᠨ ᠠᠯᠪᠠᠨ ᠪᠢᠴᠢᠭ᠎ᠦᠨ ᠮᠠᠲᠧᠷᠢᠶᠠᠯ᠎ᠢ ᠵᠢᠷᠤᠮᠵᠢᠭᠤᠯᠬᠤ ᠪᠦᠲᠦᠭᠡᠨ ᠪᠠᠢᠭᠤᠯᠤᠯᠲᠠ᠎ᠶ᠋ᠢᠨ 3 ᠵᠦᠢᠯ᠎ᠦᠨ ᠠᠵᠢᠯ᠎ᠢ ᠭᠣᠣᠯᠳᠠᠯᠭ᠎ᠠ᠎ᠲᠠᠶ ᠰᠠᠢᠲᠤᠷ ᠠᠳᠭᠤᠵᠤ᠂ ᠪᠦᠬᠦ᠌ ᠱᠢᠶᠠᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠢ ᠨᠡᠩ ᠥᠨᠳᠥᠷ ᠲᠡᠭᠳᠡᠷ ᠲᠸ᠋ ᠭᠠᠷᠭᠠᠬᠤ ᠵᠢ ᠲᠠᠰᠤᠷᠠᠯᠳᠠ ᠦᠭᠡᠢ ᠲᠦᠯᠬᠢᠨ ᠠᠬᠢᠭᠤᠯᠤᠨ᠎ᠠ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃