ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-11-27 10:05:12

ᠵᠣᠬᠢᠶᠠᠭ᠍ᠴᠢ᠄ ᠯᠢ ᠰᠢᠨ ᠵᠢᠶᠦ᠋ᠨ ᠣᠩᠱᠢᠭ᠍ᠰᠠᠨ ᠣᠳᠠᠭ᠎ᠠ᠄ 3

《ᠵᠦ᠍ ᠳ᠋ᠸ ᠦᠳᠦᠷᠮ᠎ᠡ ᠳ᠋ᠤ ᠭᠠᠷᠤᠯ᠎ᠠ᠂ ᠠᠮᠤ ᠪᠤᠳᠠᠭ᠎ᠠ ᠪᠠᠳᠤᠯᠠᠭ᠎ᠠ ᠲᠠᠢ ᠪᠤᠯᠤᠯ᠎ᠠ᠂ ᠤᠯᠠᠨ᠎ᠢᠶᠠᠷ᠎ᠢᠶᠠᠨ ᠰᠡᠳᠭᠢᠯ ᠨᠢᠭᠡᠳᠦᠨ ᠬᠦᠴᠦ᠍ ᠪᠡᠨ ᠬᠠᠮᠲᠤᠳᠬᠠᠵᠤ᠂ ᠳᠠᠢᠰᠤᠨ᠎ᠤ ᠪᠦᠰᠡᠯᠡᠨ ᠤᠰᠠᠳᠭᠠᠯᠲᠠ᠎ᠶ᠋ᠢ ᠪᠤᠳᠠ ᠨᠢᠷᠭᠡᠶ᠎ᠡ》᠃ ᠥᠷᠯᠥᠭᠡ ᠡᠷᠲᠡ ᠱᠢᠨ᠎ᠡ ᠪᠠᠷᠭᠤ ᠵᠡᠭᠦᠨ ᠬᠣᠱᠢᠭᠤᠨ᠎ᠤ ᠠᠮᠤᠭᠤᠯᠠᠩ ᠨᠢᠭᠡᠳᠦᠭᠡᠷ ᠪᠠᠭ᠎ᠠ ᠰᠤᠷᠭᠠᠭᠤᠯᠢ᠎ᠠᠴᠠ ᠨᠣᠮ ᠤᠩᠱᠢᠬᠤ ᠴᠡᠭᠡᠯᠭᠡᠨ ᠳᠠᠭᠤᠨ ᠴᠤᠤᠷᠢᠶᠠᠳᠤᠨ᠎ᠠ᠃

《ᠵᠦ᠍ ᠳ᠋ᠸ ᠵᠢᠨ ᠳᠠᠮᠨᠠᠭᠤᠷ》 ᠭᠡᠬᠦ᠌ ᠬᠢᠴᠢᠶᠡᠯ᠎ᠢ ᠰᠣᠷᠣᠯᠴᠠᠬᠣ ᠦᠶ᠎ᠡ᠎ᠳᠦ᠂ ᠠᠮᠤᠭᠤᠯᠠᠩ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠡᠴᠡ ᠰᠤᠷᠤᠭᠴᠢᠳ ᠲᠠᠭᠠᠨ ᠬᠢᠴᠢᠶᠡᠯ᠎ᠢ ᠰᠣᠷᠣᠯᠴᠠᠬᠣ ᠠᠷᠭ᠎ᠠ᠎ᠶ᠋ᠢ ᠵᠢᠭᠠᠭ᠍ᠰᠠᠨ᠎ᠢᠶᠠᠷ ᠪᠠᠷᠠᠬᠤ ᠥᠭᠡᠢ᠂ ᠨᠠᠩ ᠴᠤ᠌ ᠬᠢᠴᠢᠶᠡᠯ᠎ᠤᠨ ᠠᠭᠤᠯᠭ᠎ᠠ ᠵᠢ ᠭᠦᠨᠵᠡᠭᠡᠢ ᠣᠢᠯᠠᠭᠠᠬᠤ᠎ᠶ᠋ᠢ ᠴᠢᠬᠤᠯᠠᠴᠢᠯᠠᠪᠠ᠃

《ᠰᠤᠷᠤᠯᠴᠠᠯᠭ᠎ᠠ᠎ᠪᠠᠷ ᠳᠠᠮᠵᠢᠨ᠂ ᠪᠢ ᠠᠬᠠᠮᠠᠳ ᠨᠢᠭᠡ ᠦᠶ᠎ᠡ᠎ᠶ᠋ᠢᠨ ᠦᠭᠡᠢᠭᠦᠦ ᠠᠩᠭᠢ᠎ᠶ᠋ᠢᠨ ᠬᠤᠪᠢᠰᠭᠠᠯᠴᠢᠳ᠎ᠤᠨ ᠭᠤᠶᠠᠴᠢ ᠦᠭᠡᠢ ᠵᠣᠷᠢᠭᠤᠯᠬᠤ ᠵᠣᠷᠢᠭ ᠰᠠᠨᠠᠭ᠎ᠠ᠎ᠶ᠋ᠢ ᠬᠦᠨᠵᠡᠭᠡᠢ ᠤᠢ᠍ᠢᠯᠠᠭᠠᠭ᠍ᠰᠠᠨ ᠵᠢᠡᠷ ᠪᠠᠷᠠᠬᠤ ᠦᠭᠡᠢ᠂ ᠨᠡᠩ ᠴᠤ᠌ ᠲᠡᠳᠡᠨ᠎ᠢ ᠬᠢᠵᠠᠭᠠᠯᠠᠰᠢ ᠦᠭᠡᠢ ᠬᠦᠨᠳᠦᠳᠭᠡᠨ ᠪᠢᠰᠢᠷᠡᠬᠦ ᠪᠤᠯᠪᠠ》 ᠭᠡᠵᠦ ᠰᠤᠷᠤᠭ᠍ᠴᠢᠳ ᠤᠯᠤᠯᠳᠠ ᠲᠦᠷᠦᠭᠳᠡᠯ ᠵᠢᠡᠨ ᠢᠳᠡᠪᠬᠢᠳᠡᠢ ᠬᠤᠪᠢᠶᠠᠯᠴᠠᠨ᠎ᠠ᠃

ᠣᠢᠷ᠎ᠠ᠎ᠶ᠋ᠢᠨ ᠵᠢᠯ᠎ᠦᠳ᠎ᠲᠦ᠂ ᠱᠢᠨ᠎ᠡ ᠪᠠᠷᠭᠤ ᠵᠡᠭᠦᠨ ᠬᠣᠱᠢᠭᠤ ᠪᠠᠷᠢᠮᠵᠢᠶᠠᠵᠢᠭᠰᠡᠨ ᠰᠤᠷᠭᠠᠭᠤᠯᠢ ᠵᠢᠨ ᠬᠦᠷᠢᠶ᠎ᠡ᠂ ᠵᠢᠱ᠌ᠢᠶ᠎ᠡ ᠦᠵᠡᠭᠦᠯᠬᠦ᠌ ᠰᠤᠷᠭᠠᠭᠤᠯᠢ ᠵᠢᠨ ᠬᠦᠷᠢᠶ᠎ᠡ ᠵᠢ ᠪᠠᠢᠴᠠᠭᠠᠠ ᠦᠨᠡᠯᠡᠬᠦ᠂ ᠭᠤᠤᠯᠯᠠᠬᠴᠢ ᠪᠠᠭ᠍ᠰᠢ᠎ᠶ᠋ᠢᠨ ᠪᠣᠯᠪᠠᠰᠤᠷᠠᠯ᠂ 《ᠬᠡᠦᠬᠡᠳ᠎ᠪᠠᠭᠠᠴᠤᠳ ᠥᠯᠢᠭᠡᠷ ᠶᠠᠷᠢᠬᠤ》 ᠵᠡᠷᠭᠡ ᠠᠵᠢᠯᠯᠠᠭ᠎ᠠ ᠵᠢ ᠦᠷᠨᠢᠬᠦᠯᠬᠦ ᠪᠠᠷ ᠳᠠᠮᠵᠢᠭᠤᠯᠤᠨ᠂ ᠬᠥᠮᠦᠨ᠎ᠢ ᠬᠥᠮᠦᠵᠢᠭᠦᠯᠬᠦ᠌ ᠤᠳᠤᠷᠢᠳᠤᠮᠵᠢ᠎ᠶ᠋ᠢ ᠲᠣᠳᠣᠷᠬᠠᠢᠯᠠᠵᠤ᠂ ᠵᠢᠭᠠᠬᠤ ᠮᠠᠲ᠋ᠧᠷᠢᠶᠠᠯ᠎ᠤᠨ ᠬᠡᠪ ᠪᠣᠯᠪᠠᠰᠤᠷᠠᠯ᠎ᠤᠨ ᠠᠭᠤᠯᠤᠭ᠍ᠳᠠᠬᠤᠨ᠎ᠢ ᠴᠢᠬᠤᠯᠠᠴᠢᠯᠠᠵᠤ᠂ ᠪᠠᠭ᠍ᠰᠢ ᠪᠠ ᠰᠤᠷᠤᠭ᠍ᠴᠢᠳ᠎ᠢ ᠦᠶ᠋ᠯᠡᠳᠦᠯᠭᠡ᠎ᠶ᠋ᠢᠨ ᠳᠤᠮᠳᠠ ᠳᠠᠪᠲᠠᠨ ᠪᠤᠯᠪᠠᠰᠤᠷᠠᠭᠤᠯᠵᠦ ᠲᠡᠭᠡᠭᠰᠢᠯᠡᠬᠦᠯᠪᠡ᠃

ᠡᠨᠡ ᠵᠢᠯ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠨᠢᠭᠡᠳᠦᠭᠡᠷ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠪᠦᠦ ᠬᠦᠢ ᠴᠢᠨ ᠪᠠᠭ᠍ᠰᠢ ᠣᠨᠴᠠᠭᠠᠢ ᠶᠠᠭᠠᠷᠠᠤ᠃ ᠲᠡᠬᠦᠨ᠎ᠤ ᠱᠢᠷᠡᠭᠡᠨ ᠳᠡᠭᠡᠷ᠎ᠡ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠵᠢᠭᠠᠨ ᠰᠤᠳᠤᠯᠬᠤ ᠬᠡᠳᠦᠨ ᠲᠤᠮᠤ ᠲᠡᠮᠳᠡᠭ᠌ᠯᠡᠯ ᠲᠠᠯᠪᠢᠭᠠᠰᠤᠲᠠᠢ᠃

《ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠯᠡ ᠪᠢᠴᠢᠭ᠎ᠦᠨ ᠡᠯᠧᠮᠧᠨ᠋ᠲ ᠪᠣᠯᠤᠨ ᠬᠥᠮᠦᠨ᠎ᠢᠶᠡᠷ ᠭᠤᠤᠯ ᠰᠡᠳᠦᠪ ᠪᠤᠯᠭᠠᠭᠰᠠᠨ ᠬᠣᠣᠰ ᠱᠤᠭᠤᠮᠲᠦ ᠪᠦᠲᠦᠴᠡ᠎ᠶᠢᠨ ᠬᠡᠯᠪᠡᠷᠢ᠎ᠪᠡᠷ ᠨᠠᠢᠷᠠᠭᠤᠯᠵᠤ᠂ ᠬᠡᠯᠡ ᠪᠢᠴᠢᠭ᠎ᠦᠨ ᠬᠢᠴᠢᠶᠡᠯ ᠲᠦᠷᠦᠯ᠎ᠤᠨ ᠦᠵᠡᠯ ᠰᠠᠨᠠᠭ᠎ᠠ ᠶᠣᠰᠣ ᠰᠤᠷᠲᠠᠬᠤᠨ ᠪᠣᠯᠤᠨ ᠬᠠᠢᠷ᠎ᠠ ᠰᠡᠳᠭᠢᠯᠭᠡ᠎ᠶ᠋ᠢᠨ ᠭᠤᠤ᠎ᠠ ᠲᠠᠭᠠᠱᠢᠶᠠᠯ᠎ᠤᠨ ᠬᠥᠮᠦᠵᠢᠯ᠎ᠦᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠯᠲᠡ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠠ ᠬᠡᠯᠡ ᠪᠢᠴᠢᠭ᠎ᠦᠨ ᠭᠣᠣᠯᠯᠠᠬᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠳᠦ ᠴᠥᠮ ᠲᠤᠢᠯ᠎ᠤᠨ ᠶᠡᠬᠡ ᠠᠬᠢᠭᠤᠯᠬᠤ ᠦᠢᠯᠡᠳᠦᠯ᠎ᠲᠡᠶ ᠶᠤᠮ》 ᠭᠡᠵᠦ ᠪᠦᠦ ᠬᠦᠢ ᠴᠢᠨ ᠪᠠᠭᠰᠢ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶᠢᠨ ᠲᠤᠬᠠᠢ ᠥᠪᠡᠷ᠎ᠦᠨ ᠣᠯᠤᠯᠲᠠ ᠲᠦᠷᠦᠭ᠌ᠳᠡᠯ ᠵᠢᠡᠨ ᠶᠠᠷᠢᠯ᠎ᠠ᠃

ᠣᠢᠯᠠᠭᠠᠭ᠍ᠰᠠᠨ᠎ᠢᠶᠠᠷ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠨᠢᠭᠡᠳᠦᠭᠡᠷ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠳᠤ ᠦᠨᠦ 96 ᠪᠠᠭ᠍ᠰᠢ ᠠᠵᠢᠯᠲᠠᠨ᠂ 624 ᠰᠣᠷᠣᠭ᠍ᠴᠢ᠎ᠲᠠᠶ᠃ ᠣᠢᠷ᠎ᠠ᠎ᠶ᠋ᠢᠨ ᠵᠢᠯ᠎ᠳᠦ᠂ ᠲᠣᠰ ᠰᠤᠷᠭᠠᠭᠤᠯᠢ᠎ᠨᠢ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠳᠤᠭᠤᠢᠯᠠᠩ᠎ᠢ ᠪᠠᠢᠭᠤᠯᠵᠤ᠂ ᠬᠠᠮᠲᠤ ᠪᠠᠷ ᠬᠢᠴᠢᠶᠡᠯ ᠪᠡᠯᠡᠳᠭᠡᠬᠦ᠌᠂ ᠬᠢᠴᠢᠶᠡᠯ ᠰᠣᠨᠣᠰᠴᠤ᠌ ᠰᠤᠳᠤᠯᠤᠨ ᠶᠠᠷᠢᠯᠴᠠᠬᠤ᠂ ᠵᠢᠭᠠᠨ ᠰᠤᠷᠭᠠᠯᠳᠠ ᠵᠢ ᠪᠤᠳᠠᠳᠠᠢᠵᠢᠭᠤᠯᠬᠤ᠌᠂ ᠰᠤᠷᠤᠯᠭ᠎ᠠ᠎ᠶ᠋ᠢ ᠳᠡᠭᠡᠭ᠌ᠰᠢᠯᠡᠭᠦᠯᠬᠦ ᠪᠡᠷ ᠬᠠᠪᠰᠤᠷᠬᠤ ᠪᠠ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠡᠷᠭᠡ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠪᠠᠭ᠍ᠰᠢ᠎ᠨᠠᠷ᠎ᠤᠨ ᠨᠤᠮ ᠤᠩᠰᠢᠯᠭ᠎ᠠ᠎ᠶᠢᠨ ᠺᠠᠷᠲ ᠲᠡᠮᠳᠡᠭᠯᠡᠬᠦ᠂ 《ᠵᠢᠭᠠᠨ ᠰᠤᠷᠭᠠᠯᠲᠠ᠎ᠶ᠋ᠢᠨ ᠱᠢᠨ᠎ᠡ ᠰᠣᠳᠣᠨ》᠎ᠢ᠋ ᠱᠢᠯᠭᠠᠷᠠᠭᠤᠯᠬᠤ᠂ ᠦᠨᠳᠦᠰᠦᠨ ᠴᠢᠳᠠᠪᠤᠷᠢ᠎ᠶ᠋ᠢᠨ ᠤᠷᠤᠯᠳᠤᠭᠠᠨ ᠬᠢᠬᠦ᠌᠂ ᠬᠢᠴᠢᠶᠡᠯ ᠲᠥᠷᠥᠯ᠎ᠦᠨ ᠳᠠᠭᠠᠭᠤᠯᠤᠭ᠍ᠴᠢ᠎ᠶ᠋ᠢ ᠱᠢᠯᠭᠠᠷᠠᠭᠤᠯᠬᠤ᠂ ᠰᠤᠷᠭᠠᠨ ᠬᠥᠮᠦᠵᠢᠯ᠎ᠦᠨ ᠮᠡᠳᠡᠭᠡ ᠵᠠᠩᠭᠢᠵᠢᠯᠲᠠ᠎ᠶ᠋ᠢᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠪᠠᠭ᠍ᠰᠢ ᠰᠤᠷᠤᠭ᠍ᠴᠢᠳ᠎ᠤᠨ ᠬᠡᠯᠡ ᠪᠢᠴᠢᠭ᠎ᠦᠨ ᠪᠦᠬᠦᠯᠢ ᠴᠣᠭ᠍ᠴᠠ᠎ᠶ᠋ᠢᠨ ᠬᠡᠪ ᠪᠣᠯᠪᠠᠰᠤᠷᠠᠯ᠎ᠢ ᠶᠡᠬᠡ᠎ᠪᠡᠷ ᠳᠡᠭᠡᠭ᠌ᠰᠢᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面