ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-11-28 09:38:04

ᠵᠣᠬᠢᠶᠠᠭ᠍ᠴᠢ᠄ ​ᠯᠢᠦ ᠬᠣᠩ ᠵᠠᠩ ᠣᠩᠱᠢᠭ᠍ᠰᠠᠨ ᠣᠳᠠᠭ᠎ᠠ᠄ 3

ᠱᠢᠯᠭᠠᠯᠲᠠ ᠳ᠋ᠤ ᠤᠷᠤᠬᠤ ᠪᠡᠷ ᠬᠦᠯᠢᠶᠡᠬᠦ᠂ ᠮᠡᠳᠡᠭᠡ ᠵᠠᠩᠭᠢ ᠴᠤᠭ᠍ᠯᠠᠭᠤᠯᠬᠤ᠂ ᠱᠢᠯᠭᠠᠯᠲᠠ ᠳ᠋ᠤ ᠤᠷᠤᠬᠤ᠂ ᠰᠢᠯᠭᠠᠯᠲᠠ ᠵᠢᠨ ᠲᠠᠯᠠᠪᠤᠷ ᠡᠴᠡ ᠡᠮᠬᠢ ᠵᠢᠷᠤᠮ᠎ᠲᠠᠶ ᠭᠠᠷᠬᠤ ᠁ ᠣᠢᠷ᠎ᠠ ᠳ᠋ᠤ᠂ ᠠᠯᠠᠱᠠ ᠠᠢᠮᠠᠭ ᠤ᠋ᠨ ᠨᠡᠢᠲᠡᠯᠢᠭ ᠬᠡᠯᠡᠨ ᠤ᠋ ᠪᠣᠯᠪᠠᠰᠤᠷᠠᠯ ᠱᠢᠯᠭᠠᠯᠲᠠ ᠵᠢᠨ ᠠᠵᠢᠯ ᠤ᠋ᠨ ᠥᠷᠲᠡᠭᠡ᠎ᠳᠦ᠂ ᠠᠯᠠᠱᠠ ᠠᠢᠮᠠᠭ ᠤ᠋ᠨ ᠦᠭᠡ ᠬᠡᠯᠡ ᠥᠰᠥᠭ ᠪᠢᠴᠢᠭ ᠤ᠋ᠨ ᠠᠵᠢᠯ ᠤ᠋ᠨ ᠵᠥᠪᠯᠡᠯ᠎ᠡᠴᠡ ᠪᠥᠬᠥ᠌ ᠠᠢᠮᠠᠭ ᠤ᠋ᠨ ᠠᠵᠢᠯ᠎ᠤᠨ ᠪᠠᠢᠷᠢᠨ ᠳ᠋ᠤ ᠪᠠᠢᠭ᠎ᠠ ᠠᠯᠪᠠᠲᠠᠨ᠎ᠤ ᠨᠡᠢᠲᠡᠯᠢᠭ ᠬᠡᠯᠡᠨ ᠤ᠋ ᠪᠣᠯᠪᠠᠰᠤᠷᠠᠯ ᠱᠢᠯᠭᠠᠯᠲᠠ ᠵᠢᠨ ᠠᠵᠢᠯ ᠢ᠋ ᠵᠣᠬᠢᠶᠠᠨ ᠪᠠᠢᠭᠤᠯᠤᠨ ᠡᠷᠭᠢᠯᠡᠵᠦ᠍᠂ ᠱᠢᠯᠭᠠᠭᠤᠯᠤᠭ᠍ᠰᠠᠳ ᠨᠡᠢᠲᠡᠯᠢᠭ ᠬᠡᠯᠡᠨ ᠤ᠋ ᠱᠢᠯᠭᠠᠯᠲᠠ ᠵᠢᠨ ᠱᠠᠭᠠᠷᠳᠠᠯᠭ᠎ᠠ ᠶ᠋ᠢ ᠴᠢᠩᠭ᠎ᠠ ᠵᠢᠷᠤᠮᠯᠠᠨ ᠱᠢᠯᠭᠠᠯᠲᠠ᠎ᠳ᠋ᠤ ᠤᠷᠤᠯᠴᠠᠨ᠂ ᠪᠦᠬᠦᠢᠯᠡ ᠶᠠᠪᠤᠴᠠ ᠨᠢ ᠴᠢᠩᠭ᠎ᠠ ᠨᠢᠮᠪᠠᠢ ᠪᠥᠭᠡᠳ ᠡᠮᠬᠢ ᠵᠢᠷᠤᠮ᠎ᠲᠡᠶ ᠶᠠᠪᠤᠭᠳᠠᠪᠡ᠃ ᠨᠡᠢᠲᠡᠯᠢᠭ ᠬᠡᠯᠡᠨ ᠤ᠋ ᠲᠦᠪᠱᠢᠨ ᠤ᠋ ᠱᠢᠯᠭᠠᠯᠲᠠ ᠪᠡᠷ ᠳᠠᠮᠵᠢᠨ᠂ ᠠᠯᠠᠱᠠ ᠠᠢᠮᠠᠭ ᠤ᠋ᠨ ᠬᠢᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠬᠡᠷᠡᠭ᠌ᠯᠡᠬᠦ᠌ ᠥᠳᠭᠡᠨ ᠵᠤᠵᠠᠭᠠᠨ ᠠᠭᠤᠷ ᠠᠮᠢᠰᠭᠤᠯ ᠢ᠋ ᠪᠦᠬᠦ᠌ ᠬᠦᠴᠦᠨ ᠵᠢᠡᠷ ᠵᠢᠡᠨ ᠪᠤᠢ ᠪᠣᠯᠭᠠᠪᠠ᠃

《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠬᠠᠸ᠋ᠯᠢ〉 ᠶ᠋ᠢ ᠬᠡᠷᠡᠭ᠌ᠵᠢᠭᠦᠯᠬᠦ᠌ ᠠᠷᠭ᠎ᠠ》 ᠪᠠ 《ᠪᠥᠬᠥ᠌ ᠣᠷᠣᠨ᠎ᠤ ᠡᠯ᠎ᠡ ᠱᠠᠲᠤᠨ᠎ᠤ ᠪᠠᠢᠭᠤᠯᠭ᠎ᠠ ᠵᠢᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠳᠡᠯᠭᠡᠷᠡᠭᠦᠯᠦᠨ ᠬᠡᠷᠡᠭ᠌ᠯᠡᠬᠦ᠌ ᠠᠵᠢᠯ ᠢ᠋ ᠴᠢᠩᠭᠠᠳᠭᠠᠬᠤ ᠲᠤᠬᠠᠶ ᠮᠡᠳᠡᠭ᠌ᠳᠡᠯ》 ᠤ᠋ᠨ ᠱᠠᠭᠠᠷᠳᠠᠯᠭ᠎ᠠ ᠶ᠋ᠢ ᠪᠥᠬᠥ᠌ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢᠨ ᠲᠦᠯᠦᠭᠡ᠂ ᠡᠨᠡ ᠵᠢᠯ ᠤ᠋ᠨ 8 ᠰᠠᠷ᠎ᠠ ᠳ᠋ᠤ ᠠᠯᠠᠱᠠ ᠠᠢᠮᠠᠭ ᠤ᠋ᠨ ᠦᠭᠡ ᠬᠡᠯᠡ ᠦᠰᠦᠭ ᠪᠢᠴᠢᠭ ᠤ᠋ᠨ ᠠᠵᠢᠯ ᠤ᠋ᠨ ᠵᠥᠪᠯᠡᠯ ᠪᠠᠢᠴᠠᠭᠠᠯᠲᠠ ᠵᠢᠨ ᠠᠰᠠᠭᠤᠯᠲᠠ ᠵᠢᠨ ᠬᠠᠭᠤᠳᠠᠰᠤ ᠲᠠᠷᠬᠠᠭᠠᠬᠤ ᠬᠡᠯᠪᠡᠷᠢ ᠪᠡᠷ ᠪᠥᠬᠥ᠌ ᠠᠢᠮᠠᠭ ᠤ᠋ᠨ 414 ᠪᠠᠢᠭᠤᠯᠭ᠎ᠠ᠂ ᠠᠵᠤ ᠠᠬᠤᠢᠯᠠᠯ ᠠᠵᠢᠯ ᠦᠶ᠋ᠯᠡᠰ ᠤ᠋ᠨ ᠨᠢᠭᠡᠴᠢ ᠵᠢᠨ ᠠᠯᠪᠠᠨ ᠲᠤᠱᠢᠶᠠᠯᠲᠠᠨ᠎ᠤ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠬᠡᠷᠡᠭ᠌ᠯᠡᠵᠦ᠍ ᠪᠠᠢᠭ᠎ᠠ ᠠᠵᠢᠯ ᠤ᠋ᠨ ᠪᠠᠢᠳᠠᠯ ᠳ᠋ᠤ ᠪᠠᠢᠴᠠᠭᠠᠨ ᠰᠤᠳᠤᠯᠤᠯᠲᠠ ᠬᠢᠵᠡᠶ᠃ ᠪᠠᠢᠴᠠᠭᠠᠨ ᠰᠤᠳᠤᠯᠤᠯᠲᠠ ᠳ᠋ᠤ ᠬᠠᠷᠠᠭᠤᠯᠤᠭᠰᠠᠨ ᠵᠢᠡᠷ᠂ ᠪᠠᠢᠴᠠᠭᠠᠨ ᠰᠤᠳᠤᠯᠤᠯᠲᠠ ᠳ᠋ᠤ ᠣᠷᠣᠯᠴᠠᠭ᠍ᠰᠠᠨ 2.7 ᠲᠦᠮᠡ ᠭᠠᠷᠤᠶ ᠠᠯᠪᠠᠨ ᠲᠤᠱᠢᠶᠠᠯᠲᠠᠨ᠎ᠤ ᠨᠡᠢᠲᠡᠯᠢᠭ ᠬᠡᠯᠡᠨ ᠤ᠋ ᠲᠦᠪᠱᠢᠨ ᠤ᠋ ᠬᠢᠷᠢ ᠬᠡᠮ ᠤ᠋ᠨ ᠦᠨᠡᠮᠯᠡᠯ ᠲᠠᠢ ᠪᠠᠢᠬᠤ ᠪᠠᠷᠢᠮᠵᠢᠶ᠎ᠠ ᠳ᠋ᠤ ᠬᠦᠷᠦᠭ᠌ᠰᠡᠨ ᠨᠣᠷᠮ᠎ᠠ 43% ᠪᠠᠢᠵᠤ᠂ ᠡᠭᠦᠨ᠎ᠳᠦ᠂ ᠠᠯᠪᠠᠲᠠᠨ᠎ᠤ ᠨᠡᠢᠲᠡᠯᠢᠭ ᠬᠡᠯᠡᠨ ᠤ᠋ ᠲᠦᠪᠱᠢᠨ ᠤ᠋ ᠬᠢᠷᠢ ᠬᠡᠮ ᠤ᠋ᠨ ᠦᠨᠡᠮᠯᠡᠯ᠎ᠲᠡᠶ ᠪᠠᠢᠬᠤ ᠪᠠᠷᠢᠮᠵᠢᠶ᠎ᠠ ᠳ᠋ᠤ ᠬᠦᠷᠦᠭ᠌ᠰᠡᠨ ᠨᠣᠷᠮ᠎ᠠ 52% ᠪᠠᠢᠪᠠ᠃

ᠣᠢᠯᠠᠭᠠᠭ᠍ᠰᠠᠨ ᠵᠢᠡᠷ᠂ ᠠᠯᠠᠱᠠ ᠠᠢᠮᠠᠭ ᠤ᠋ᠨ ᠠᠵᠢᠯ᠎ᠤᠨ ᠪᠠᠢᠷᠢᠨ ᠳ᠋ᠤ ᠪᠠᠢᠭ᠎ᠠ ᠠᠯᠪᠠᠲᠠᠨ᠎ᠤ ᠨᠡᠢᠲᠡᠯᠢᠭ ᠬᠡᠯᠡᠨ ᠤ᠋ ᠬᠡᠷᠡᠭ᠌ᠯᠡᠭᠡᠨ᠎ᠤ ᠲᠦᠪᠱᠢᠨ ᠢ᠋ ᠦᠨᠡᠨ ᠬᠦ᠌ ᠳᠡᠭᠡᠭ᠌ᠰᠢᠯᠡᠭᠦᠯᠬᠦ᠌ ᠵᠢᠨ ᠲᠥᠯᠥᠭᠡ᠂ 2022 ᠣᠨ ᠡᠴᠡ ᠨᠠᠭᠠᠰᠢ᠂ ᠠᠯᠠᠱᠠ ᠠᠢᠮᠠᠭ ᠤ᠋ᠨ 420 ᠪᠠᠢᠭᠤᠯᠭ᠎ᠠ᠂ ᠠᠵᠤ ᠠᠬᠤᠢᠯᠠᠯ ᠠᠵᠢᠯ ᠦᠶ᠋ᠯᠡᠰ ᠤ᠋ᠨ ᠨᠢᠭᠡᠴᠢ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠬᠠᠸ᠋ᠯᠢ ᠲᠣᠭ᠍ᠲᠠᠭᠠᠯ ᠲᠥᠷᠥ ᠵᠢᠨ ᠪᠣᠳᠣᠯᠭ᠎ᠠ ᠵᠢᠴᠢ ᠦᠭᠡ ᠬᠡᠯᠡ ᠥᠰᠥᠭ ᠪᠢᠴᠢᠭ ᠤ᠋ᠨ ᠬᠡᠷᠡᠭ᠌ᠯᠡᠭᠡᠨ ᠤ᠋ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠰᠤᠷᠤᠯᠴᠠᠯᠭ᠎ᠠ ᠪᠣᠯᠪᠠᠰᠤᠷᠠᠯ ᠢ᠋ 726 ᠤᠳᠠᠭ᠎ᠠ ᠲᠥᠪᠯᠡᠷᠡᠭᠦᠯᠦᠨ ᠡᠷᠬᠢᠯᠡᠵᠤ᠂ 17766 ᠬᠥᠮᠦᠨ ᠪᠣᠯᠪᠠᠰᠤᠷᠠᠯ ᠳ᠋ᠤ ᠣᠷᠣᠯᠴᠠᠵᠠᠶ᠃ ᠡᠨᠡ ᠵᠢᠯ ᠤ᠋ᠨ ᠳᠣᠸ᠋ᠷ᠎ᠠ ᠬᠠᠭᠠᠰ ᠵᠢᠯ᠎ᠡᠴᠡ ᠡᠬᠢᠯᠡᠨ᠂ ᠠᠯᠠᠱᠠ ᠠᠢᠮᠠᠭ ᠤ᠋ᠨ ᠦᠭᠡ ᠬᠡᠯᠡ ᠥᠰᠥᠭ ᠪᠢᠴᠢᠭ ᠤ᠋ᠨ ᠠᠵᠢᠯ ᠤ᠋ᠨ ᠵᠥᠪᠯᠡᠯ᠎ᠡᠴᠡ ᠠᠯᠠᠱᠠ ᠵᠢᠨ ᠪᠥᠬᠥ᠌ ᠠᠢᠮᠠᠭ ᠤ᠋ᠨ ᠬᠡᠪᠴᠢᠶᠡᠨ᠎ᠳᠡᠬᠢ ᠨᠡᠢᠲᠡᠯᠢᠭ ᠬᠡᠯᠡᠨ ᠤ᠋ ᠲᠦᠪᠱᠢᠨ ᠤ᠋ ᠬᠢᠷᠢ ᠬᠡᠮ ᠤ᠋ᠨ ᠦᠨᠡᠮᠯᠡᠯ᠎ᠲᠡᠶ ᠪᠣᠯᠪᠠᠴᠤ᠌ ᠪᠠᠷᠢᠮᠵᠢᠶ᠎ᠠ ᠳ᠋ᠤ ᠬᠥᠷᠬᠥ᠌ ᠥᠬᠡᠶ ᠠᠯᠪᠠᠲᠠᠨ ᠳ᠋ᠤ ᠴᠢᠭ᠌ᠯᠡᠭᠦᠯᠦᠨ ᠬᠤᠭᠤᠴᠠᠭ᠎ᠠ ᠪᠦᠯᠦᠭ ᠬᠤᠪᠢᠶᠠᠨ ᠨᠡᠢᠲᠡᠯᠢᠭ ᠬᠡᠯᠡᠨ ᠤ᠋ ᠱᠢᠯᠭᠠᠯᠲᠠ ᠬᠢᠵᠦ᠍᠂ ᠵᠢᠯ ᠤ᠋ᠨ ᠳᠣᠲᠣᠷ᠎ᠠ ᠠᠯᠪᠠᠲᠠᠨ᠎ᠤ ᠨᠡᠢᠲᠡᠯᠢᠭ ᠬᠡᠯᠡᠨ ᠤ᠋ ᠲᠦᠪᠱᠢᠨ ᠤ᠋ ᠦᠨᠡᠮᠯᠡᠯ᠎ᠲᠡᠶ ᠪᠠᠢᠬᠤ ᠪᠠᠷᠢᠮᠵᠢᠶ᠎ᠠ ᠳ᠋ᠤ ᠬᠥᠷᠬᠥ᠌ ᠨᠣᠷᠮ᠎ᠠ ᠶ᠋ᠢ 80% ᠡᠴᠡ ᠳᠡᠭᠡᠭ᠌ᠰᠢ᠎ᠳᠦ ᠬᠦᠷᠭᠡᠬᠦ᠌ ᠱᠢᠯᠭᠠᠯᠲᠠ ᠵᠢᠨ ᠬᠠᠷᠠᠯᠲᠠ ᠶ᠋ᠢ ᠪᠡᠶᠡᠯᠡᠭᠦᠯᠬᠦ᠌᠎ᠪᠡᠷ ᠲᠥᠯᠥᠪᠯᠡᠵᠦ᠍ ᠪᠠᠢᠨ᠎ᠠ᠃ ᠣᠲᠤᠬᠠᠨ ᠪᠣᠯᠲᠠᠯ᠎ᠠ᠂ ᠠᠯᠪᠠᠲᠠᠨ᠎ᠤ ᠨᠡᠢᠲᠡᠯᠢᠭ ᠬᠡᠯᠡᠨ ᠤ᠋ ᠪᠣᠯᠪᠠᠰᠤᠷᠠᠯ ᠤ᠋ᠨ ᠱᠢᠯᠭᠠᠯᠲᠠ ᠵᠢᠨ ᠠᠵᠢᠯ ᠢ᠋ ᠨᠢᠭᠡᠨᠲᠡ 4 ᠬᠤᠭᠤᠴᠠᠭ᠎ᠠ ᠥᠷᠨᠢᠭᠦᠯᠵᠦ᠍᠂ 2000 ᠭᠠᠷᠤᠶ ᠬᠥᠮᠦᠨ ᠪᠤᠯᠪᠠᠰᠤᠷᠠᠯ ᠰᠢᠯᠭᠠᠯᠲᠠ ᠳ᠋ᠤ ᠤᠷᠤᠯᠴᠠᠭᠰᠠᠨ ᠪᠠᠢᠨ᠎ᠠ ᠃

《ᠳᠠᠷᠠᠭᠠᠴᠢ ᠵᠢᠨ ᠠᠯᠬᠤᠮ ᠳ᠋ᠤ᠂ ᠪᠢᠳᠡ〈ᠲᠥᠷᠥ ᠵᠢᠨ ᠪᠠᠢᠭᠤᠯᠭ᠎ᠠ ᠵᠢᠨ ᠠᠵᠢᠯᠲᠠᠨ᠎ᠤ ᠨᠡᠢᠲᠡᠯᠢᠭ ᠬᠡᠯᠡᠨ ᠤ᠋ ᠲᠦᠪᠰᠢᠨ᠎ᠢ ᠭᠤᠷᠪᠠᠳᠤᠭᠠᠷ ᠳᠡᠰ ᠤ᠋ᠨ ᠬᠦᠬᠡ ᠳᠡᠰ ᠡᠴᠡ ᠳᠡᠭᠡᠭ᠌ᠰᠢ ᠳ᠋ᠤ ᠬᠦᠷᠭᠡᠬᠦ᠌ ᠬᠡᠷᠡᠭ᠌ᠲᠡᠶ〉 ᠭᠡᠬᠦ᠌ ᠬᠠᠤᠯᠢ ᠪᠡᠷ ᠲᠣᠭ᠍ᠲᠠᠭᠠᠭ᠍ᠰᠠᠨ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠵᠤ᠂ ᠠᠯᠪᠠᠲᠠᠨ᠎ᠤ ᠨᠡᠢᠲᠡᠯᠢᠭ ᠬᠡᠯᠡᠨ ᠤ᠋ ᠪᠣᠯᠪᠠᠰᠤᠷᠠᠯ ᠱᠢᠯᠭᠠᠯᠲᠠ ᠵᠢᠨ ᠠᠵᠢᠯ ᠢ᠋ ᠦᠷᠭᠦᠯᠵᠢᠯᠡᠨ ᠥᠷᠨᠢᠭᠦᠯᠬᠦ᠌ ᠪᠠ ᠮᠥᠷᠳᠡᠨ ᠳᠠᠭᠠᠵᠤ᠂ ᠠᠯᠪᠠᠨ ᠲᠤᠱᠢᠶᠠᠯᠲᠠᠨ᠎ᠤ ᠨᠡᠢᠲᠡᠯᠢᠭ ᠬᠡᠯᠡᠨ ᠤ᠋ ᠬᠢᠷᠢ ᠬᠡᠮᠵᠢᠶ᠎ᠡ ᠶ᠋ᠢ ᠦᠨᠡᠨ ᠬᠦ᠌ ᠳᠡᠭᠡᠭ᠌ᠰᠢᠯᠡᠭᠦᠯᠦᠨ᠂ ᠵᠢᠯ ᠤ᠋ᠨ ᠳᠣᠲᠣᠷ᠎ᠠ 2821 ᠬᠥᠮᠦᠨ ᠎ᠢ ᠪᠣᠯᠪᠠᠰᠤᠷᠠᠯ ᠱᠢᠯᠭᠠᠯᠲᠠ ᠳ᠋ᠤ ᠤᠷᠤᠯᠴᠠᠭᠤᠯᠬᠤ ᠎ᠪᠡᠷ ᠲᠥᠯᠥᠪᠯᠡᠵᠦ᠍᠂ ᠠᠯᠪᠠᠲᠠᠨ ᠢ᠋ ᠬᠥᠲᠥᠯᠥᠨ ᠵᠢᠯᠣᠭᠣᠳᠴᠤ᠌ ᠪᠠᠢᠭᠠᠳ ᠨᠡᠢᠲᠡᠯᠢᠭ ᠬᠡᠯᠡ᠎ᠪᠡᠷ ᠠᠯᠪᠠᠨ ᠶᠠᠪᠤᠳᠠᠯ ᠤ᠋ᠨ ᠬᠡᠷᠡᠭ᠌ᠯᠡᠭᠡᠨ ᠤ᠋ ᠬᠡᠯᠡ ᠪᠣᠯᠭᠠᠬᠤ ᠶ᠋ᠢ ᠳᠡᠯᠭᠡᠷᠡᠭᠦᠯᠦᠨ ᠨᠠᠢᠳᠠᠪᠤᠷᠢᠵᠢᠭᠤᠯᠬᠤ ᠳᠤᠮᠳᠠ ᠬᠦᠲᠦᠯᠦᠨ ᠳᠠᠭᠠᠭᠤᠯᠬᠤ ᠦᠢᠯᠡᠳᠦᠯ ᠢ᠋ ᠦᠵᠡᠭᠦᠯᠵᠤ᠂ ᠪᠥᠬᠥ᠌ ᠠᠢᠮᠠᠭ᠎ᠲᠤ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠬᠡᠷᠡᠭ᠌ᠯᠡᠬᠦ᠌ ᠭᠦᠨ ᠵᠤᠵᠠᠭᠠᠨ ᠠᠭᠤᠷ ᠠᠮᠢᠰᠭᠤᠯ ᠢ᠋ ᠴᠢᠨᠠᠭᠰᠢᠳᠠ ᠪᠤᠢ ᠪᠣᠯᠭᠠᠨ᠎ᠠ》 ᠭᠡᠵᠦ᠍ ᠠᠯᠠᠱᠠ ᠠᠢᠮᠠᠭ ᠤ᠋ᠨ ᠦᠭᠡ ᠬᠡᠯᠡ ᠦᠰᠦᠭ ᠪᠢᠴᠢᠭ ᠤ᠋ᠨ ᠠᠵᠢᠯ ᠤ᠋ᠨ ᠵᠥᠪᠯᠡᠯ ᠤ᠋ᠨ ᠠᠯᠪᠠᠨ ᠭᠡᠷ ᠤ᠋ᠨ ᠳᠡᠳ᠋ ᠡᠷᠬᠢᠯᠡᠭ᠌ᠴᠢ ᠶᠤᠸᠠᠢ ᠷᠦᠩ ᠢᠯᠡᠷᠬᠡᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面