ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-09-19 11:11:19

ᠵᠣᠬᠢᠶᠠᠭ᠍ᠴᠢ᠄ ᠰᠢᠤᠸᠠᠢ ᠯᠠᠢ ᠴᠢᠮᠡᠭᠡᠯᠡᠭᠴᠢ ᠶᠢᠨ ᠰᠢᠦᠢ ᠵᠢᠶᠠ ᠣᠩᠱᠢᠭ᠍ᠰᠠᠨ ᠣᠳᠠᠭ᠎ᠠ᠄ 3

ᠣᠢᠷ᠎ᠠ᠎ᠳᠤ ᠤᠷᠠᠳ᠎ᠤᠨ ᠡᠮᠦᠨᠡᠲᠦ ᠬᠣᠰᠢᠭᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠳᠤ 26 ᠳ᠋ᠤᠭᠠᠷ ᠬᠤᠭᠤᠴᠠᠭᠠᠨ᠎ᠤ ᠪᠥᠬᠥ ᠤᠯᠤᠰ᠎ᠤᠨ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠭᠠᠷᠠᠭ᠎ᠤᠨ ᠠᠵᠢᠯᠯᠠᠭ᠎ᠠ ᠬᠥᠭᠵᠢᠶᠡᠨᠲᠡᠢ ᠶᠠᠪᠤᠭᠳᠠᠵᠤ᠂ ᠪᠥᠬᠥ ᠬᠣᠰᠢᠭᠤᠨ᠎ᠤ ᠬᠡᠯᠡ ᠪᠢᠴᠢᠭ᠎ᠦᠨ ᠠᠵᠢᠯ᠎ᠤᠨ ᠵᠥᠪᠯᠡᠯ᠎ᠦᠨ 39 ᠪᠦᠷᠢᠯᠳᠦᠭᠦᠨ ᠨᠢᠭᠡᠴᠢ᠂ 29 ᠳᠤᠮᠳᠠᠳᠤ ᠪᠠᠭ᠎ᠠ ᠰᠤᠷᠭᠠᠭᠤᠯᠢ᠎ᠶᠢᠨ ᠬᠡᠯᠡ ᠪᠢᠴᠢᠭ᠎ᠦᠨ ᠠᠵᠢᠯ᠎ᠤᠨ ᠵᠥᠪᠯᠡᠯ᠎ᠦᠨ ᠺᠠᠳ᠋ᠷ᠂ ᠭᠤᠷᠪᠠᠳᠤᠭᠠᠷ ᠪᠠᠭ᠎ᠠ ᠰᠤᠷᠭᠠᠭᠤᠯᠢ᠎ᠶᠢᠨ ᠪᠥᠬᠥ ᠪᠠᠭ᠍ᠰᠢ ᠰᠣᠷᠣᠭ᠍ᠴᠢ ᠵᠢᠴᠢ ᠬᠡᠰᠡᠭ ᠭᠡᠷ᠎ᠦᠨ ᠠᠬᠠᠮᠠᠳ᠎ᠤᠨ ᠲᠥᠯᠥᠭᠡᠯᠡᠭᠴᠢ ᠨᠡᠶ᠋ᠢᠲᠡ 1000 ᠭᠠᠷᠤᠢ ᠬᠥᠮᠥᠨ ᠣᠷᠣᠯᠴᠠᠵᠠᠢ᠃

《ᠡᠢᠮᠦᠷᠬᠦᠦ ᠤᠬᠠᠭᠤᠯᠭ᠎ᠠ ᠶ᠋ᠢᠨ ᠠᠵᠢᠯᠯᠠᠭ᠎ᠠ ᠮᠠᠰᠢ ᠰᠠᠢᠨ᠂ ᠭᠠᠷ᠎ᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠬᠤ᠂ ᠤᠯᠤᠰ᠎ᠤᠨ ᠲᠤᠭ᠎ᠤᠨ ᠳᠣᠣᠷᠠᠬᠢ ᠶᠠᠷᠢᠶ᠎ᠠ ᠶ᠋ᠢ ᠦᠵᠡᠬᠦ᠂ ᠤᠷᠠᠨ ᠪᠢᠴᠢᠯᠭᠡ ᠪᠣᠯᠣᠨ ᠣ ᠶ᠋ᠢᠨ ᠪᠢᠷ᠎ᠦᠨ ᠦᠰᠦᠭ᠎ᠦᠨ ᠦᠵᠡᠭᠦᠯᠭᠡ ᠰᠤᠨᠢᠷᠬᠠᠬᠤ ᠵᠡᠷᠭᠡ ᠠᠵᠢᠯᠯᠠᠭ᠎ᠠ᠎ᠪᠠᠷ ᠳᠠᠮᠵᠢᠭᠤᠯᠤᠨ ᠬᠡᠦᠬᠡᠳ᠎ᠦᠳ᠎ᠲᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠷᠢᠳᠢ ᠰᠢᠳᠢ ᠶ᠋ᠢ ᠮᠡᠳᠡᠷᠡᠭᠦᠯᠦᠭᠰᠡᠨ ᠢ᠋ᠶ᠋ᠡᠷ ᠪᠠᠷᠠᠬᠤ ᠦᠭᠡᠢ᠂ ᠭᠡᠷ᠎ᠦᠨ ᠠᠬᠠᠮᠠᠳ᠎ᠢ ᠴᠤ᠌ ᠶᠡᠬᠡᠳᠡ ᠵᠣᠷᠢᠭ᠍ᠵᠢᠭᠤᠯᠵᠤ ᠶᠡᠬᠡᠬᠡᠨ ᠠᠰᠢᠭ᠋ ᠬᠦᠷᠳᠡᠬᠡᠵᠡᠢ》 ᠭᠡᠵᠦ ᠲᠤᠰ ᠰᠤᠷᠭᠠᠭᠤᠯᠢ ᠶ᠋ᠢᠨ ᠨᠢᠭᠡᠳᠦᠭᠡᠷ ᠣᠨ᠎ᠤ ᠰᠤᠷᠤᠭ᠍ᠴᠢ ᠫᠧᠢ ᠰᠢ ᠸᠸᠨ᠎ᠤ ᠡᠵᠢ ᠶᠠᠩ ᠠᠪᠠᠭᠠᠢ ᠬᠡᠯᠡᠪᠡ᠃

《ᠪᠢᠳᠡ ᠰᠤᠷᠭᠠᠭᠤᠯᠢ᠎ᠶᠢᠨ 〈ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ + ᠰᠤᠷᠭᠠᠭᠤᠯᠢ᠎ᠶᠢᠨ ᠬᠦᠷᠢᠶᠡᠨ᠎ᠦ ᠦᠭᠡ ᠬᠡᠯᠡᠨ᠎ᠦ ᠣᠷᠴᠢᠨ〉 ᠎ᠢ᠋ ᠰᠠᠢᠲᠤᠷ ᠠᠰᠢᠬᠯᠠᠬᠤ᠎ᠶᠢ ᠪᠠᠷᠢᠮᠲᠠᠯᠠᠵᠤ᠂ ᠰᠤᠷᠭᠠᠭᠤᠯᠢ᠎ᠶᠢᠨ ᠬᠦᠷᠢᠶᠡᠨ᠎ᠤ ᠤᠩᠰᠢᠯᠭ᠎ᠠ᠎ᠶᠢᠨ ᠤᠷᠤᠯᠳᠤᠭᠠᠨ᠂ ᠲᠠᠢᠯᠪᠤᠷᠢᠯᠠᠭ᠍ᠴᠢ᠎ᠶᠢᠨ ᠤᠷᠤᠯᠳᠤᠭᠠᠨ᠂ ᠤᠷᠠᠨ ᠪᠢᠴᠢᠯᠭᠡ᠎ᠶᠢᠨ ᠤᠷᠤᠯᠳᠤᠭᠠᠨ ᠵᠡᠷᠭᠡ ᠪᠠᠭ᠍ᠰᠢ ᠰᠤᠷᠤᠭ᠍ᠴᠢᠳ᠎ᠤᠨ ᠬᠠᠮᠲᠤ᠎ᠪᠠᠷ ᠡᠭᠦᠳᠬᠦ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠂〈ᠨᠡᠢᠲᠡᠯᠢᠭ ᠬᠡᠯᠡ᠎ᠶᠢ ᠰᠠᠢᠲᠤᠷ ᠶᠠᠷᠢᠵᠤ᠂ ᠳᠦᠷᠢᠮᠵᠢᠭᠰᠡᠨ ᠦᠰᠦᠭ᠎ᠢ ᠰᠠᠢᠲᠤᠷ ᠪᠢᠴᠢᠬᠦ〉ᠬᠠᠯᠠᠭᠤᠨ ᠥᠷᠨᠢᠯᠲᠡ᠎ᠶᠢ ᠪᠤᠢ ᠪᠣᠯᠭᠠᠵᠤ᠂ ᠥᠷᠭᠡᠨ ᠤᠯᠠᠨ ᠪᠠᠭ᠍ᠰᠢ ᠰᠤᠷᠤᠭ᠍ᠴᠢᠳ᠎ᠲᠤ ᠳᠤᠮᠳᠠᠳᠤ᠎ᠶᠢᠨ ᠦᠨᠳᠦᠰᠦᠲᠡᠨ᠎ᠦ ᠰᠢᠯᠢᠳᠡᠭ ᠤᠯᠠᠮᠵᠢᠯᠠᠯᠲᠤ ᠰᠣᠶᠣᠯ᠎ᠤᠨ ᠨᠥᠯᠥᠭᠡ᠎ᠶᠢ ᠬᠦᠷᠲᠡᠭᠡᠪᠡ᠃ ᠪᠠᠭ᠍ᠰᠢ ᠰᠤᠷᠤᠭ᠍ᠴᠢᠳ᠎ᠤᠨ ᠬᠠᠮᠲᠤ᠎ᠶᠢᠨ ᠴᠢᠷᠮᠠᠢᠯᠭ᠎ᠠ᠎ᠪᠠᠷ᠂ ᠡᠨᠡ ᠵᠢᠯ ᠮᠠᠨ᠎ᠤ ᠰᠤᠷᠭᠠᠭᠤᠯᠢ ᠬᠣᠲᠠ᠎ᠶᠢᠨ ᠲᠠᠰ᠎ᠤᠨ ᠠᠩᠬᠠᠳᠠᠭ᠍ᠴᠢ ᠪᠦᠯᠦᠭ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ ᠵᠢᠡᠷ ᠲᠣᠭᠲᠠᠭᠠᠭᠳᠠᠪᠠ》 ᠭᠡᠵᠦ ᠤᠷᠠᠳ᠎ᠤᠨ ᠡᠮᠦᠨᠡᠲᠦ ᠬᠣᠰᠢᠭᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠶᠢᠨ ᠨᠠᠮ᠎ᠤᠨ ᠶᠡᠷᠦᠩᠬᠡᠢ ᠡᠭᠦᠷ᠎ᠦᠨ ᠱᠦᠵᠢ᠂ ᠰᠤᠷᠭᠠᠭᠤᠯᠢ᠎ᠶᠢᠨ ᠵᠠᠬᠢᠷᠤᠯ ᠮᠧᠩ ᠭᠠᠢ ᠶᠢᠩ ᠶᠠᠷᠢᠯ᠎ᠠ᠃ ᠨᠡᠢᠭᠡᠮ ᠲᠣᠭᠣᠷᠢᠭ᠋᠎ᠤᠨ ᠺᠠᠳ᠋ᠷ ᠵᠢᠴᠢ ᠡᠯ᠎ᠡ ᠦᠨᠳᠦᠰᠦᠲᠡᠨ᠎ᠦ ᠰᠠᠭᠤᠭᠠᠯᠢ ᠠᠷᠠᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠦᠷᠢᠮᠵᠢᠭᠦᠨ ᠬᠡᠷᠡᠭᠯᠡᠬᠦ ᠤᠬᠠᠮᠰᠠᠷ᠎ᠢ ᠴᠢᠩᠭᠠᠳᠬᠠᠬᠤ᠎ᠶᠢᠨ ᠲᠥᠯᠥᠭᠡ᠂ ᠡᠮᠦᠨᠡᠬᠡᠨ ᠤᠷᠠᠳ᠎ᠤᠨ ᠡᠮᠦᠨᠡᠲᠦ ᠬᠣᠰᠢᠭᠤᠨ᠎ᠤ ᠦᠨᠳᠦᠰᠦᠲᠡᠨ ᠨᠡᠢᠭᠡᠮ ᠲᠣᠭᠣᠷᠢᠭ᠋᠎ᠤᠨ ᠨᠠᠮ᠎ᠤᠨ ᠡᠭᠦᠷ ᠬᠢᠭᠡᠳ ᠬᠣᠰᠢᠭᠤᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ ᠬᠠᠮᠲᠤᠷᠠᠨ 《ᠨᠡᠢᠲᠡᠯᠢᠭ ᠬᠡᠯᠡ᠎ᠶᠢ ᠲᠦᠭᠡᠮᠡᠯᠵᠢᠭᠦᠯᠵᠦ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠨᠠᠮ》 ᠭᠡᠬᠦ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ᠎ᠶᠢ ᠡᠷᠬᠢᠯᠡᠪᠡ᠃ ᠤᠬᠠᠭᠤᠯᠭ᠎ᠠ᠎ᠶᠢᠨ ᠬᠠᠭᠤᠳᠠᠰᠤ ᠲᠠᠷᠬᠠᠭᠠᠬᠤ᠂ ᠡᠯᠭᠦᠭᠡ ᠪᠢᠴᠢᠭᠡᠰᠦ ᠡᠯᠭᠦᠬᠦ ᠪᠠ ᠲᠤᠰᠬᠠᠢ ᠰᠡᠳᠦᠪᠲᠦ ᠲᠠᠢᠯᠤᠮᠵᠢ ᠬᠢᠬᠦ ᠵᠡᠷᠭᠡ ᠬᠡᠯᠪᠡᠷᠢ᠎ᠪᠡᠷ ᠳᠠᠮᠵᠢᠭᠤᠯᠤᠨ᠂ ᠨᠡᠢᠲᠡᠯᠢᠭ ᠬᠡᠯᠡ ᠬᠡᠭᠴᠢ ᠶᠠᠭᠤ ᠪᠤᠢ᠂ ᠨᠡᠢᠲᠡᠯᠢᠭ ᠬᠡᠯᠡ᠎ᠶᠢᠨ ᠢᠷᠡᠯᠲᠡ᠎ᠵᠢᠨ ᠳᠤᠬᠠᠢ ᠲᠦᠬᠦᠮ ᠣᠢᠯᠠᠭᠠᠮᠵᠢᠲᠠᠢ ᠦᠭᠡ ᠬᠡᠯᠡ᠎ᠪᠡᠷ ᠰᠠᠭᠤᠭᠠᠯᠢ ᠠᠷᠠᠳ᠎ᠲᠤ ᠲᠠᠨᠢᠯᠴᠠᠭᠤᠯᠵᠤ᠂ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ᠎ᠶᠢᠨ ᠠᠴᠢ ᠬᠣᠯᠪᠣᠭᠳᠠᠯ᠎ᠢ ᠦᠨᠡᠨ ᠬᠦ᠌ ᠬᠠᠷᠢᠶ᠎ᠠ ᠣᠷᠣᠨ᠎ᠳᠤ ᠭᠦᠨᠵᠡᠭᠡᠢᠷᠡᠭᠦᠯᠦᠨ᠂ ᠭᠡᠷ ᠪᠦᠯᠢ᠎ᠳᠦ ᠭᠦᠨᠵᠡᠭᠡᠢᠷᠡᠭᠦᠯᠵᠦ᠂ ᠰᠠᠭᠤᠭᠠᠯᠢ ᠠᠷᠠᠳ᠎ᠤᠨ ᠡᠳᠦᠷ ᠲᠤᠳᠤᠮ᠎ᠤᠨ ᠠᠮᠢᠳᠤᠷᠠᠯ᠎ᠳᠤ ᠠᠭᠤᠰᠬᠠᠨ ᠤᠷᠤᠭᠤᠯᠪᠠ᠃

《ᠥᠩᠭᠡᠷᠡᠭᠰᠡᠨ᠎ᠳᠦ ᠮᠠᠯᠵᠢᠬᠤ ᠣᠷᠣᠨ᠎ᠳᠤ ᠠᠮᠢᠳᠤᠷᠠᠵᠤ ᠪᠠᠢᠬᠤ ᠳ᠋ᠤ ᠨᠡᠢᠲᠡᠯᠢᠭ ᠬᠡᠯᠡ᠎ᠪᠡᠷ ᠶᠠᠷᠢᠵᠤ ᠴᠢᠳᠠᠬᠤ ᠦᠭᠡᠢ ᠪᠠᠢᠭᠰᠠᠨ ᠲᠤᠯᠠ᠂ ᠪᠤᠰᠤᠳ᠎ᠲᠠᠢ ᠶᠠᠷᠢᠯᠴᠠᠬᠤ ᠦᠶ᠎ᠠ ᠳ᠋ᠤ ᠬᠥᠮᠥᠰ ᠪᠢᠳᠡᠨ᠎ᠦ ᠶᠠᠭᠤ ᠬᠡᠯᠡᠵᠦ ᠪᠠᠢᠬᠤ᠎ᠶᠢ ᠣᠢᠯᠠᠭᠠᠬᠤ ᠦᠭᠡᠢ ᠪᠠᠢᠵᠤ᠂ ᠲᠤᠩ ᠳᠥᠭᠥᠮ ᠦᠭᠡᠢ ᠰᠠᠨᠠᠭᠳᠠᠳᠠᠭ᠃ ᠤᠳᠤ ᠬᠠᠷᠢᠨ ᠬᠣᠲᠠ᠎ᠳᠤ ᠨᠡᠭᠦᠵᠦ ᠢᠷᠡᠭᠰᠡᠨ᠎ᠤ ᠳᠠᠷᠠᠭ᠎ᠠ᠂ ᠨᠡᠢᠭᠡᠮ ᠲᠣᠭᠣᠷᠢᠭ᠋᠎ᠤᠨ ᠺᠠᠳ᠋ᠷᠴᠤᠳ᠎ᠤᠨ ᠣᠷᠳᠣ᠌ ᠬᠤᠭᠤᠴᠠᠭ᠎ᠠ ᠪᠡᠷ ᠲᠠᠢᠯᠤᠮᠵᠢ᠎ᠬᠢᠵᠦ ᠦᠭᠬᠦ ᠪᠡᠷ ᠳᠠᠮᠵᠢᠨ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠴᠢᠬᠤᠯᠠ ᠴᠢᠨᠠᠷ᠎ᠢ ᠮᠡᠳᠡᠵᠡᠢ᠃ ᠣᠲᠣ᠌ ᠪᠢᠳᠡ ᠭᠡᠷ᠎ᠢᠶᠡᠷ᠎ᠢᠶᠡᠨ ᠴᠥᠮ ᠨᠡᠢᠲᠡᠯᠢᠭ ᠬᠡᠯᠡ᠎ᠪᠡᠷ ᠶᠠᠷᠢᠵᠤ ᠪᠤᠢ᠂ ᠬᠡᠳᠦᠢᠪᠡᠷ ᠰᠠᠢᠬᠠᠨ ᠶᠠᠷᠢᠵᠤ ᠴᠢᠳᠠᠬᠤ ᠦᠭᠡᠢ ᠪᠣᠯᠪᠠᠴᠤ ᠭᠡᠷ ᠵᠠᠭᠤᠷ᠎ᠠ ᠨᠡᠢᠲᠡᠯᠢᠭ ᠬᠡᠯᠡᠨ᠎ᠦ ᠣᠷᠴᠢᠨ ᠲᠣᠭᠣᠷᠢᠨ᠎ᠲᠠᠢ ᠯᠠ ᠶᠤᠮ ᠪᠣᠯ ᠣᠮᠪᠣᠯᠣ᠌ ᠮᠢᠨᠢ ᠯᠠᠪᠲᠠᠢ ᠰᠠᠢᠬᠠᠨ ᠶᠠᠷᠢᠵᠤ ᠴᠢᠳᠠᠬᠤ ᠪᠤᠯᠤᠨ᠎ᠠ᠂ ᠳᠡᠬᠡᠪᠡᠯ ᠨᠠᠩ ᠰᠠᠢᠨ ᠢᠷᠡᠭᠡᠳᠦᠢ᠎ᠲᠠᠢ ᠪᠣᠯᠵᠤ ᠴᠢᠳᠠᠨ᠎ᠠ》 ᠭᠡᠵᠦ ᠦᠨᠳᠦᠰᠦᠲᠡᠨ ᠨᠡᠢᠭᠡᠮ ᠲᠣᠭᠣᠷᠢᠭ᠋᠎ᠤᠨ 70 ᠨᠠᠰᠤᠲᠠᠢ ᠰᠠᠭᠤᠭᠠᠯᠢ ᠠᠷᠠᠳ ᠪᠠᠲᠤ ᠬᠡᠯᠡᠪᠡ᠃

ᠣᠢᠷ᠎ᠠ᠎ᠶᠢᠨ ᠵᠢᠯ᠎ᠡᠴᠡ᠂ ᠪᠠᠶᠠᠨᠨᠠᠭᠤᠷ ᠬᠤᠳᠠ᠎ᠶᠢᠨ ᠤᠷᠠᠳ᠎ᠤᠨ ᠡᠮᠦᠨᠡᠲᠦ ᠬᠣᠰᠢᠭᠤᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ᠎ᠪᠠᠷ ᠭᠣᠣᠯ ᠱᠤᠭᠤᠮ ᠪᠣᠯᠭᠠᠬᠤ᠎ᠶᠢ ᠪᠠᠷᠢᠮᠲᠠᠯᠠᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠤᠬᠠᠭᠤᠯᠭ᠎ᠠ ᠬᠥᠮᠦᠵᠢᠯ᠎ᠢ ᠪᠦᠬᠦ ᠲᠠᠯ᠎ᠠ᠎ᠪᠠᠷ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠨᠢᠮᠪᠠᠢ ᠵᠣᠬᠢᠶᠠᠨ ᠪᠠᠢᠭᠤᠯᠵᠤ᠂《ᠰᠦᠯᠵᠢᠶᠡᠨ ᠳᠡᠭᠡᠷ᠎ᠡ + ᠠᠬᠤᠢ ᠳᠠᠯᠠᠪᠠᠢ》ᠵᠢᠨ ᠤᠯᠠᠨ ᠵᠦᠢᠯ᠎ᠦᠨ ᠤᠬᠠᠭᠤᠯᠭ᠎ᠠ᠎ᠶᠢᠨ ᠵᠠᠭᠪᠤᠷ᠎ᠢᠶᠠᠷ ᠳᠠᠮᠵᠢᠭᠤᠯᠵᠤ᠂《ᠪᠦᠬᠦ ᠤᠯᠤᠰ᠎ᠤᠨ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠭᠠᠷᠠᠭ》ᠤ᠋ᠨ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠪᠡ᠃ ᠰᠦᠯᠵᠢᠶᠠᠨ ᠳ᠋ᠤ᠂ ᠡᠬᠦᠯᠡᠨ ᠦᠵᠦᠬᠦᠷᠯᠢᠭ ᠤᠷᠠᠳ᠎ᠤᠨ ᠡᠮᠦᠨᠡᠲᠦ ᠬᠣᠰᠢᠭᠤ APP᠂ ᠠᠯᠪᠠᠨ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠶᠢᠨ ᠵᠢᠷᠬᠢᠶ᠎ᠠ ᠵᠢᠨ ᠳᠠᠪᠴᠠᠩ ᠵᠡᠷᠬᠡ ᠰᠦᠯᠵᠢᠶᠡᠨ᠎ᠦ ᠲᠠᠪᠴᠠᠩ᠎ᠢ ᠭᠦᠢᠴᠡᠳ ᠠᠰᠢᠭ᠍ᠯᠠᠨ ᠥᠷᠭᠡᠨ᠎ᠢᠶᠡᠷ ᠤᠬᠠᠭᠤᠯᠵᠤ᠂ 《ᠨᠡᠢᠳᠡᠯᠢᠭ ᠬᠡᠯᠡ ᠵᠢ ᠲᠦᠭᠡᠮᠡᠯᠵᠢᠭᠦᠯᠬᠦ ᠭᠠᠷᠠᠭ》ᠤ᠋ᠨ ᠰᠠᠨᠠᠭᠠᠴᠢᠯᠠᠭ᠎ᠠ᠎ᠶᠢᠨ ᠪᠢᠴᠢᠭ᠎ᠭᠠᠷᠭᠠᠵᠤ᠂ ᠨᠡᠢᠳᠡᠯᠢᠭ ᠬᠡᠯᠡ ᠵᠢ ᠲᠦᠭᠡᠮᠡᠯᠵᠢᠭᠦᠯᠬᠦ ᠭᠣᠣᠯ ᠰᠡᠳᠦᠪ᠂ ᠠᠴᠢ ᠬᠣᠯᠪᠣᠭᠳᠠᠯ ᠪᠠ ᠦᠢᠯᠡᠳᠦᠯ᠎ᠢ ᠤᠬᠠᠭᠤᠯᠪᠠ;ᠰᠦᠯᠵᠢᠶᠡᠨ ᠭᠠᠳᠠᠨ᠎ᠠ᠂ ᠠᠵᠢᠯ ᠤ᠋ᠨ ᠪᠠᠢᠷᠢ ᠳ᠋ᠤ ᠪᠠᠢᠭ᠎ᠠ ᠨᠠᠮ᠎ᠤᠨ ᠭᠡᠰᠢᠭᠦᠨ ᠨᠡᠢᠭᠡᠮ ᠲᠣᠭᠣᠷᠢᠭ᠋᠎ᠲᠤ ᠣᠷᠣᠬᠤ᠂ ᠭᠣᠣᠯ ᠰᠡᠳᠦᠪᠲᠦ ᠨᠠᠮ᠎ᠤᠨ ᠡᠳᠦᠷ ᠎ᠤᠨ ᠠᠵᠢᠯᠯᠠᠭ᠎ᠠ ᠵᠡᠷᠭᠡ᠎ᠲᠠᠢ ᠤᠶᠠᠯᠳᠤᠭᠤᠯᠤᠨ᠂ ᠨᠡᠢᠳᠡᠯᠢᠭ ᠬᠡᠯᠡ ᠵᠢ ᠲᠦᠭᠡᠮᠡᠯᠵᠢᠭᠦᠯᠬᠦ 25 ᠡᠯᠴᠢ ᠵᠢ ᠠᠯᠪᠠᠨ ᠪᠠᠢᠭᠤᠯᠭ᠎ᠠ᠂ ᠰᠤᠮᠤ ᠰᠢᠶᠠᠩ ᠪᠠᠯᠭᠠᠰᠤ᠂ ᠰᠤᠷᠭᠠᠭᠤᠯᠢ᠂ ᠦᠢᠯᠡᠴᠢᠯᠡᠭᠡᠨ᠎ᠦ ᠠᠵᠢᠯ ᠲᠥᠷᠥᠯ᠂ ᠨᠡᠢᠭᠡᠮ ᠲᠣᠭᠣᠷᠢᠭ᠋᠂ ᠴᠡᠴᠡᠷᠯᠢᠭ᠂ ᠲᠣᠰᠬᠣᠨ᠎ᠤ ᠠᠷᠠᠳ᠎ᠤᠨ ᠵᠦᠪᠯᠡᠯ ᠵᠡᠷᠭᠡ ᠭᠠᠵᠠᠷ᠎ᠲᠤ ᠣᠴᠢᠭᠤᠯᠵᠤ᠂ 《ᠨᠠᠢ᠍ᠮᠠ᠎ᠶᠢ ᠤᠷᠤᠭᠤᠯᠬᠤ》 ᠤᠬᠠᠭᠤᠯᠭ᠎ᠠ᠎ᠶᠢᠨ ᠠᠵᠢᠯᠯᠠᠭ᠎ᠠ᠎ᠶᠢ ᠥᠷᠨᠢᠭᠦᠯᠵᠦ᠂ ᠪᠥᠬᠥ ᠬᠣᠰᠢᠭᠤᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠨᠡᠢᠲᠡᠯᠢᠭ ᠬᠡᠯᠡ ᠪᠡᠷ ᠶᠠᠷᠢᠬᠤ᠂ ᠪᠣᠯᠪᠠᠰᠤᠨ ᠬᠡᠯᠡ ᠪᠡᠷ ᠶᠠᠷᠢᠬᠤ᠎ᠶᠢ ᠰᠠᠨᠠᠭᠠᠴᠢᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠣᠶᠣᠯ᠎ᠤᠨ ᠬᠡᠪ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠥ ᠠᠷᠠᠳ᠎ᠢᠶᠠᠷ᠎ᠢᠶᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠤᠷᠤᠯᠴᠠᠵᠤ ᠬᠡᠷᠡᠭᠯᠡᠬᠦ ᠰᠠᠢᠨ ᠰᠠᠢᠬᠠᠨ ᠠᠭᠤᠷ ᠠᠮᠢᠰᠬᠤᠯ᠎ᠢ ᠪᠣᠶ ᠪᠤᠯᠭᠠᠪᠠ᠃ ᠣᠳᠣᠬᠠᠨ᠎ᠳᠤ ᠨᠡᠶ᠋ᠢᠲᠡ 200 ᠬᠤᠪᠢ ᠤᠬᠠᠭᠤᠯᠭ᠎ᠠ᠎ᠶᠢᠨ ᠵᠠᠷ᠂ 5000 ᠭᠠᠷᠤᠢ ᠬᠤᠪᠢ ᠤᠬᠠᠭᠤᠯᠭ᠎ᠠ᠎ᠶᠢᠨ ᠬᠠᠭᠤᠳᠠᠰᠤ ᠲᠠᠷᠬᠠᠭᠠᠵᠤ᠂ 100 ᠭᠠᠷᠤᠢ ᠵᠤᠷᠪᠤᠰ ᠡᠯᠭᠦᠮᠡᠯ ᠪᠢᠴᠢᠭᠡᠰᠦ ᠡᠯᠬᠦᠪᠡ᠃

《〈ᠪᠥᠬᠥ ᠤᠯᠤᠰ᠎ᠤᠨ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠭᠠᠷᠠᠭ〉᠎ᠤ᠋ᠨ ᠠᠵᠢᠯᠯᠠᠭ᠎ᠠ ᠵᠢ ᠲᠥᠪᠯᠡᠷᠡᠭᠦᠯᠦᠨ ᠤᠬᠠᠭᠤᠯᠬᠤ᠎ᠪᠠᠷ ᠳᠡᠮᠵᠢᠨ᠂ ᠪᠥᠬᠥ ᠬᠣᠰᠢᠭᠤᠨ᠎ᠤ ᠺᠠᠳ᠋ᠷ ᠣᠯᠠᠨ ᠲᠦᠮᠡᠨ᠎ᠦ ᠰᠣᠶᠣᠯ᠎ᠤᠨ ᠤᠬᠠᠮᠰᠠᠷ ᠪᠠ ᠰᠣᠶᠣᠯ᠎ᠤᠨ ᠢᠲᠡᠭᠡᠯ᠎ᠢ ᠨᠡᠢᠳᠡᠮ ᠳᠡᠭᠡᠭᠰᠢᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠵᠢᠨ ᠤᠬᠠᠮᠰᠠᠷ ᠢ᠋ ᠪᠠᠳᠤ ᠴᠤᠭᠴᠠᠯᠠᠬᠤ ᠳ᠋ᠤ ᠦᠢᠯᠡᠴᠢᠯᠡᠬᠦ ᠪᠠ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠨᠠᠭᠠᠴᠢᠯᠠᠭ᠎ᠠ ᠠ᠋ᠴᠠ᠎ᠪᠠᠨ ᠵᠢᠷᠤᠮᠵᠢᠭᠤᠨ ᠬᠡᠷᠡᠭᠯᠡᠬᠦ ᠤᠬᠠᠮᠰᠠᠷ᠎ᠢ ᠲᠠᠰᠤᠷᠠᠯᠲᠠ ᠦᠭᠡᠢ ᠴᠢᠩᠭᠠᠷᠠᠭᠤᠯᠵᠤ᠂ ᠪᠥᠬᠥ ᠬᠣᠰᠢᠭᠤᠨ᠎ᠤ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠪᠦᠲᠦᠮᠵᠢᠲᠡᠶ ᠠᠬᠢᠭᠤᠯᠪᠠ》 ᠭᠡᠵᠦ ᠤᠷᠠᠳ᠎ᠤᠨ ᠡᠮᠦᠨᠡᠲᠦ ᠬᠣᠰᠢᠭᠤᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠳᠡᠳ᠋ ᠡᠷᠬᠢᠯᠡᠭᠴᠢ᠂ ᠬᠣᠰᠢᠭᠤᠨ᠎ᠤ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠬᠣᠶᠠᠳᠤᠭᠠᠷ ᠳᠡᠰ᠎ᠤᠨ ᠡᠷᠬᠢᠯᠡᠭᠴᠢ ᠭᠡᠰᠢᠭᠦᠴᠢ ᠵᠤᠤ ᠹᠧᠩ ᠠᠢ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面