ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-10-23 10:38:35

ᠵᠣᠬᠢᠶᠠᠭ᠍ᠴᠢ᠄ ᠭᠦᠸᠧ ᠴᠢ ᠨᠠᠨ ᠣᠩᠱᠢᠭ᠍ᠰᠠᠨ ᠣᠳᠠᠭ᠎ᠠ᠄ 3

《ᠳᠤᠮᠳᠠᠳᠤ ᠤᠯᠤᠰ ᠎ᠤᠨ ᠤᠯᠠᠮᠵᠢᠯᠠᠯᠲᠤ ᠪᠠᠶᠠᠷ ᠎ᠤᠨ ᠡᠳᠦᠷ ᠲᠸ᠋ ᠶᠠᠭᠤ ᠶᠠᠭᠤ ᠪᠠᠢᠬᠤ ᠵᠢ ᠲᠠ ᠨᠠᠷ ᠮᠡᠳᠡᠨ᠎ᠡ ᠎ᠤᠤ? ᠡᠳᠡᠭᠡᠷ ᠪᠠᠶᠠᠷ ᠎ᠤᠨ ᠡᠳᠦᠷ᠎ᠤᠳ᠎ᠲᠸ᠋ ᠶᠠᠮᠠᠷ ᠵᠠᠩ ᠵᠠᠩᠱᠢᠯ᠎ᠲᠠᠶ ᠪᠣᠢ?》 ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠎ᠤ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠤ ᠲᠤᠰᠭᠠᠢ ᠰᠡᠳᠦᠪᠲᠦ ᠬᠢᠴᠢᠶᠡᠯ ᠎ᠦᠨ ᠭᠡᠷ ᠎ᠲᠦ ᠣᠷᠣᠬᠤ ᠎ᠳᠤ ᠡᠯᠧᠺᠲ᠋ᠷᠣᠨ ᠰᠠᠮᠪᠠᠷ᠎ᠠ ᠳᠡᠭᠡᠷ᠎ᠡ ᠦᠰᠦᠭ ᠵᠢᠷᠤᠭ ᠎ᠢ ᠬᠠᠪᠰᠤᠷᠭᠠᠨ ᠲᠡᠯᠭᠡᠨ ᠦᠵᠡᠬᠦᠯᠵᠦ᠂ ᠰᠤᠷᠤᠭ᠍ᠴᠢᠳ ᠪᠠᠭ᠍ᠰᠢ ᠡᠴᠡ ᠪᠠᠨ 《ᠳᠤᠮᠳᠠᠳᠤ ᠤᠯᠤᠰ ᠎ᠤᠨ ᠤᠯᠠᠮᠵᠢᠯᠠᠯᠲᠤ ᠪᠠᠶᠠᠷ ᠎ᠤᠨ ᠡᠳᠦᠷ ᠎ᠦᠨ ᠡᠭᠦᠰᠦᠯ》 ᠢ᠋ ᠰᠢᠮ᠎ᠡ ᠲᠠᠢ ᠰᠤᠷᠤᠯᠴᠠᠵᠤ ᠪᠠᠢᠯ᠎ᠠ᠃

ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠤ ᠲᠤᠰᠭᠠᠶ ᠰᠡᠳᠦᠪᠲᠦ ᠬᠢᠴᠢᠶᠡᠯ ᠎ᠦᠨ ᠬᠡᠷ᠎ᠲᠸ᠋ ᠡᠯᠧᠺᠲ᠋ᠷᠣᠨ ᠳᠡᠯᠭᠡᠴᠡ ᠪᠠ ᠭᠠᠷ ᠺᠣᠮᠫᠢᠦ᠋ᠲ᠋ᠧᠷ ᠲᠠᠢ ᠪᠠᠢᠵᠤ ᠂ ᠰᠦᠯᠵᠢᠶ᠎ᠠ ᠪᠡᠷ ᠵᠢᠭᠠᠬᠤ ᠮᠠᠲ᠋ᠧᠷᠢᠶᠠᠯ ᠎ᠢ ᠳᠡᠯᠭᠡᠴᠡ ᠎ᠳᠦ ᠭᠠᠷᠭᠠᠬᠤ ᠂ ᠪᠠᠷᠢᠮᠵᠢᠶ᠎ᠠ ᠪᠡᠷ ᠳᠠᠭᠠᠭᠤᠯᠤᠨ ᠤᠩᠱᠢᠬᠤ ᠂ ᠪᠠᠭ᠍ᠰᠢ ᠰᠣᠷᠣᠭ᠍ᠴᠢ ᠬᠠᠷᠢᠯᠴᠠᠨ ᠬᠦᠳᠡᠯᠤᠯᠴᠡᠬᠦ᠂ ᠪᠤᠷᠤᠭᠤ ᠰᠡᠳᠦᠪ᠎ᠢ ᠵᠠᠯᠠᠷᠠᠭᠤᠯᠬᠤ᠂ ᠥᠪᠡᠰᠦᠪᠡᠨ ᠰᠢᠯᠭᠠᠯᠳᠠ ᠎ᠳ᠋ᠤ ᠤᠷᠤᠯᠴᠠᠬᠤ ᠵᠡᠷᠭᠡ ᠴᠢᠳᠠᠪᠬᠢ᠎ᠶ᠋ᠢ ᠪᠦᠷᠢᠳᠦᠬᠦᠯᠵᠦ᠂ ᠪᠠᠭ᠍ᠰᠢ ᠰᠣᠷᠣᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠎ᠦᠨ ᠲᠦᠪᠱᠢᠨ᠎ᠢ ᠳᠡᠭᠡᠭ᠌ᠰᠢᠯᠡᠭᠦᠯᠬᠦ᠌᠎ᠳᠦ ᠬᠠᠪᠰᠤᠷᠤᠮᠵᠢ ᠦᠵᠡᠭᠦᠯᠬᠦ᠌ ᠪᠣᠯᠤᠨ᠎ᠠ᠃

ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ ᠎ᠦ ᠲᠤᠰᠭᠠᠶ ᠰᠡᠳᠦᠪᠲᠦ ᠬᠢᠴᠢᠶᠡᠯ᠎ᠤᠨ ᠬᠡᠷ ᠪᠤᠯ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠭ᠌ᠰᠡᠨ ᠲᠤᠢᠮᠤ ᠵᠢᠷᠤᠭᠯᠠᠯ ᠪᠣᠯᠤᠨ᠎ᠠ᠃

ᠡᠨᠡ ᠵᠢᠯ᠎ᠡᠴᠡ ᠨᠠᠭᠠᠰᠢ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠰᠤᠷᠭᠠᠭᠤᠯᠢ᠎ᠶ᠋ᠢ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠦᠨ ᠰᠤᠷᠭᠠᠨ ᠬᠥᠮᠦᠵᠢᠯ ᠎ᠦᠨ ᠭᠣᠣᠯ ᠵᠢᠭ᠍ᠰᠠᠭᠠᠯ ᠤ᠋ᠨ ᠭᠠᠵᠠᠷ ᠪᠣᠯᠭᠠᠬᠤ ᠎ᠶ᠋ᠢ ᠪᠠᠷᠢᠮᠲᠠᠯᠠᠵᠤ ᠂ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠦᠨ ᠳᠦᠷᠢᠮᠵᠢᠭᠦᠯᠦᠯᠲᠡ ᠎ᠶ᠋ᠢᠨ ᠱᠠᠭᠠᠷᠳᠠᠯᠭ᠎ᠠ᠎ᠶ᠋ᠢ ᠰᠤᠷᠤᠭ᠍ᠴᠢ ᠎ᠶ᠋ᠢᠨ ᠬᠠᠮᠢᠶᠠᠷᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠦᠨᠡᠯᠡᠨ ᠵᠢᠱ᠌ᠢᠯᠳᠡ ᠵᠡᠷᠭᠡ ᠡᠯ᠎ᠡ ᠲᠠᠯ᠎ᠠ ᠎ᠳᠤ ᠣᠷᠣᠭᠤᠯᠬᠤ ᠎ᠶ᠋ᠢ ᠪᠠᠷᠢᠮᠲᠠᠯᠠᠪᠠ᠃ ᠣᠳᠣᠬᠠᠨ ᠪᠣᠯᠲᠠᠯ᠎ᠠ ᠂ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ᠎ᠤ 《ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ》 ᠤ᠋ᠨ ᠲᠥᠷᠥᠯ ᠵᠦᠶ᠋ᠯ ᠨᠢ ᠪᠥᠬᠥ᠌ ᠬᠣᠱᠢᠭᠤᠨ ᠎ᠤ 9 ᠬᠡᠦᠬᠡᠳ ᠎ᠦᠨ ᠴᠡᠴᠡᠷᠯᠢᠭ ᠪᠠ 9 ᠵᠢᠯ ᠎ᠦᠨ ᠳᠦᠷᠢᠮᠲᠦ 1 ᠰᠤᠷᠭᠠᠭᠤᠯᠢ ᠎ᠶ᠋ᠢ ᠬᠠᠮᠤᠷᠴᠤ᠌᠂ ᠨᠡᠢᠲᠡ 37.135 ᠲᠦᠮᠡᠨ ᠲᠥᠭᠥᠷᠢᠭ ᠎ᠦᠨ ᠪᠠᠯᠠ ᠣᠷᠣᠭᠤᠯᠵᠠᠶ᠃

ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠰᠤᠷᠭᠠᠭᠤᠯᠢ ᠎ᠶ᠋ᠢᠨ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠎ᠦᠨ ᠠᠵᠢᠯ ᠎ᠢ ᠪᠠᠷᠢᠮᠵᠢᠶ᠎ᠠ ᠎ᠳᠤ ᠬᠦᠷᠭᠡᠬᠦ᠌ ᠪᠠᠢᠭᠤᠯᠤᠯᠲᠠ ᠎ᠶ᠋ᠢ ᠪᠥᠬᠥ᠌ ᠬᠦᠴᠦᠨ ᠎ᠢᠶᠡᠷ ᠵᠢᠡᠨ ᠳᠥᠯᠭᠢᠨ ᠠᠬᠢᠭᠤᠯᠵᠤ ᠂ ᠪᠥᠬᠥ᠌ ᠬᠣᠱᠢᠭᠤᠨ ᠎ᠤ 21 ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠎ᠦᠨ ᠴᠡᠴᠡᠷᠯᠢᠭ ᠎ᠦᠨ ᠳᠣᠲᠣᠷ᠎ᠠ ᠬᠣᠱᠢᠭᠤᠨ ᠎ᠤ ᠲᠠᠰ᠎ᠤᠨ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠎ᠦᠨ ᠳᠦᠷᠢᠮᠵᠢᠭᠦᠯᠦᠭ᠌ᠰᠡᠨ ᠪᠠᠷᠢᠮᠵᠢᠶ᠎ᠠ ᠎ᠳᠤ ᠭᠦᠷᠦᠭ᠌ᠰᠡᠨ ᠰᠤᠷᠭᠠᠭᠤᠯᠢ 14 ᠂ ᠬᠣᠲᠠ ᠎ᠶ᠋ᠢᠨ ᠲᠠᠰ ᠎ᠤᠨ ᠪᠠᠷᠢᠮᠵᠢᠶ᠎ᠠ ᠎ᠳᠤ ᠭᠦᠷᠦᠭ᠌ᠰᠡᠨ ᠰᠤᠷᠭᠠᠭᠤᠯᠢ 1 ᠂ ᠬᠣᠲᠠ ᠎ᠶ᠋ᠢᠨ ᠲᠠᠰ ᠎ᠤᠨ ᠵᠢᠱ᠌ᠢᠶ᠎ᠡ ᠦᠵᠡᠭᠦᠯᠬᠦ᠌ ᠰᠤᠷᠭᠠᠭᠤᠯᠢ 6 ᠪᠠᠢᠵᠤ ᠂ ᠶᠡᠷᠦᠩᠬᠡᠶ ᠪᠠᠷᠢᠮᠵᠢᠶ᠎ᠠ ᠎ᠳᠤ ᠭᠦᠷᠦᠭ᠌ᠰᠡᠨ ᠨᠣᠷᠮ᠎ᠠ ᠨᠢ 100 % ᠪᠤᠯᠵᠠᠢ᠃

ᠡᠭᠦᠨ ᠎ᠦ ᠬᠠᠮᠲᠤ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠪᠠᠭ᠍ᠰᠢ ᠎ᠶ᠋ᠢᠨ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠎ᠦᠨ ᠴᠢᠳᠠᠪᠤᠷᠢ ᠎ᠶ᠋ᠢᠨ ᠪᠣᠯᠪᠠᠰᠤᠷᠠᠯ ᠎ᠢ ᠳᠡᠭᠡᠳᠦ ᠬᠡᠮᠵᠢᠶ᠎ᠡ ᠎ᠪᠡᠷ ᠴᠢᠬᠤᠯᠠᠴᠢᠯᠠᠵᠤ ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠬᠡᠯᠡ ᠶᠠᠷᠢᠶᠠᠨ᠎ᠤ ᠪᠤᠯᠪᠠᠰᠤᠷᠠᠯ᠎ᠢ ᠨᠡᠢᠲᠡ 6 ᠤᠳᠠᠭ᠎ᠠ ᠡᠷᠬᠢᠯᠡᠪᠡ᠃ ᠳᠤᠮᠳᠠᠳᠤ ᠪᠠᠭ᠎ᠠ ᠰᠤᠷᠭᠠᠭᠤᠯᠢ ᠎ᠶ᠋ᠢᠨ ᠪᠠᠭ᠍ᠰᠢ ᠨᠠᠷ᠎ᠤᠨ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ ᠎ᠦ ᠪᠣᠯᠪᠠᠰᠤᠷᠠᠯ ᠎ᠢ ᠤᠳᠤ ᠪᠤᠯᠳᠠᠯ᠎ᠠ ᠨᠡᠢᠳᠡ 8 ᠤᠳᠠᠭ᠎ᠠ ᠥᠷᠨᠢᠭᠦᠯᠵᠦ᠍ ᠂ 540 ᠬᠥᠮᠦᠨ ᠪᠤᠯᠪᠠᠰᠤᠷᠠᠯ ᠳ᠋ᠤ ᠤᠷᠤᠯᠴᠠᠵᠠᠢ᠃

《ᠪᠥᠬᠥ᠌ ᠬᠣᠲᠠ ᠎ᠶ᠋ᠢᠨ ᠲᠠᠪᠤᠳᠤᠭᠠᠷ ᠬᠤᠭᠤᠴᠠᠭᠠᠨ ᠎ᠤ ᠳᠤᠮᠳᠠᠳᠤ ᠎ᠶ᠋ᠢᠨ ᠰᠣᠩᠭᠣᠳᠠᠭ ᠪᠦᠲᠦᠭᠡᠯ ᠎ᠦᠨ ᠤᠷᠠᠨ ᠤᠩᠱᠢᠯᠭ᠎ᠠ ᠎ᠶ᠋ᠢᠨ ᠤᠷᠤᠯᠳᠤᠭᠠᠨ ᠎ᠳᠤ ᠮᠠᠨ ᠎ᠤ ᠬᠣᠱᠢᠭᠤᠨ ᠎ᠤ ᠪᠠᠭ᠍ᠰᠢ ᠰᠤᠷᠤᠭ᠍ᠴᠢᠳ ᠴᠥᠮ ᠱᠠᠩᠨᠠᠯ ᠭᠥᠷᠳᠡᠵᠡᠢ᠃ ᠮᠠᠨ ᠎ᠤ ᠬᠣᠱᠢᠭᠤ ᠭᠤᠷᠪᠠᠨ ᠵᠢᠯ ᠳᠠᠷᠠᠭᠠᠯᠠᠨ ᠪᠥᠬᠥ᠌ ᠬᠣᠲᠠ ᠎ᠶ᠋ᠢᠨ ᠤᠯᠤᠰ ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠎ᠦᠨ ᠰᠣᠨᠣᠰᠴᠤ᠌ ᠪᠢᠴᠢᠬᠦ᠌ ᠤᠷᠤᠯᠳᠤᠭᠠᠨ ᠎ᠤ ᠬᠣᠶᠠᠳᠤᠭᠠᠷ ᠳᠡᠰ ᠎ᠤᠨ ᠱᠠᠩᠨᠠᠯ᠎ᠦᠨ ᠢᠷᠠᠭᠤ ᠠᠯᠳᠠᠷ᠎ᠢ ᠭᠥᠷᠳᠡᠵᠦ ᠪᠤᠢ》 ᠬᠡᠵᠤ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ ᠎ᠤ ᠰᠤᠷᠭᠠᠨ ᠬᠥᠮᠦᠵᠢᠯ ᠪᠡᠶ᠎ᠡ ᠎ᠶ᠋ᠢᠨ ᠲᠠᠮᠢᠷ ᠎ᠤᠨ ᠲᠣᠪᠴᠢᠶᠠᠨ ᠎ᠤ ᠪᠠᠭ᠍ᠰᠢ ᠎ᠶ᠋ᠢᠨ ᠬᠥᠭ᠌ᠵᠢᠭᠦᠯᠦᠯᠲᠡ ᠎ᠶ᠋ᠢᠨ ᠲᠥᠪ ᠎ᠦᠨ ᠳᠡᠳ᠋ ᠡᠷᠬᠢᠯᠡᠭ᠌ᠴᠢ ᠯᠢᠦ ᠷᠦᠢ ᠳ᠋ᠸ ᠲᠠᠨᠢᠯᠴᠠᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面