2023-10-30 11:01:32
10 ᠰᠠᠷ᠎ᠠ᠎ᠶ᠋ᠢᠨ 27᠎ᠦ ᠡᠳᠦᠷ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠬᠡᠯᠡ ᠪᠢᠴᠢᠭ᠎ᠤᠨ ᠪᠠᠭ᠍ᠰᠢ ᠯᠢᠩᠬᠤ᠎ᠠ ᠰᠤᠷᠤᠭ᠍ᠴᠢᠳ᠎ᠲᠠᠭᠠᠨ ᠡᠷᠳᠡᠨ ᠤ᠋ ᠰᠢᠯᠦᠭ ᠤ᠋ᠨ ᠬᠢᠴᠢᠶᠠᠯ ᠵᠢᠭᠠᠵᠤ ᠪᠠᠢᠯ᠎ᠠ᠃ ᠱᠢᠯᠦᠭ᠎ᠦᠨ ᠤᠳᠭ᠎ᠠ ᠰᠠᠨᠠᠭ᠎ᠠ᠎ᠶ᠋ᠢ ᠲᠠᠢᠯᠪᠤᠷᠢᠯᠠᠭ᠍ᠰᠠᠨᠤ ᠳᠠᠷᠠᠭ᠎ᠠ᠂ ᠰᠢᠯᠦᠭ ᠢ᠋ ᠶᠡᠬᠡ ᠳᠠᠭᠤᠨ᠎ᠢᠶᠠᠷ ᠤᠩᠰᠢᠬᠤ ᠵᠢ ᠱᠠᠭᠠᠷᠳᠠᠪᠠ᠂ ᠲᠡᠷᠡ᠄ 《ᠵᠠᠪᠠᠯ ᠶᠡᠬᠡ ᠳᠠᠭᠤᠨ ᠵᠢᠡᠷ ᠤᠩᠰᠢᠵᠤ᠂ ᠤᠩᠰᠢᠬᠤ ᠵᠢᠨ ᠳᠠᠭᠠᠤ ᠰᠤᠷᠤᠯᠴᠠᠵᠤ᠂ ᠤᠩᠰᠢᠬᠤ ᠵᠢᠨ ᠳᠠᠭᠠᠤ ᠤᠢᠯᠠᠭᠠᠵᠤ᠂ ᠤᠩᠰᠢᠬᠤ ᠵᠢᠨ ᠳᠠᠭᠠᠤ ᠰᠢᠯᠦᠭᠴᠢ ᠵᠢᠨ ᠨᠤᠲᠤᠭ ᠵᠢᠡᠨ ᠰᠠᠨᠠᠬᠤ ᠰᠡᠳᠭᠢᠯᠭᠡ ᠵᠢ ᠮᠡᠳᠡᠷᠡᠬᠦ ᠬᠡᠷᠡᠭᠳᠠᠢ》 ᠭᠡᠵᠤ ᠬᠡᠯᠡᠨ᠎ᠠ᠃
ᠬᠢᠴᠢᠶᠡᠯ ᠳᠡᠭᠡᠷ᠎ᠡ᠂ ᠨᠢᠭᠡᠨ ᠭᠡᠵᠢᠭᠡ ᠪᠠᠨ ᠤᠶᠠᠭ᠍ᠰᠠᠨ ᠪᠢᠴᠢᠬᠠᠨ ᠥᠬᠢᠨ ᠬᠥᠮᠦᠰ᠎ᠦᠨ ᠠᠩᠬᠠᠷᠤᠯ᠎ᠢ ᠣᠨᠴᠠ ᠲᠠᠲᠠᠨ᠎ᠠ᠂ ᠲᠡᠭᠦᠨ᠎ᠦ ᠠᠩᠬᠠᠷᠤᠯ ᠲᠠᠯᠪᠢᠵᠤ ᠪᠠᠢᠭ᠎ᠠ ᠪᠠᠢᠳᠠᠯ ᠪᠤᠯᠤᠨ ᠪᠠᠷᠢᠮᠵᠢᠶᠠᠯᠢᠭ ᠳᠤᠳᠤ ᠦᠭᠡ ᠠᠶᠠᠯᠭᠤ ᠨᠢ ᠪᠠᠭᠰᠢ ᠵᠢᠨ ᠵᠢᠠᠨ ᠮᠠᠭ᠍ᠲᠠᠭᠠᠯᠢ ᠤᠯᠪᠠ᠃ 《ᠲᠡᠭᠦᠨ᠎ᠢ ᠬᠠᠢᠷ᠎ᠠ ᠭᠡᠳᠡᠭ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠬᠢᠯᠡᠨ ᠰᠤᠷᠤᠯᠴᠠᠬᠤ ᠦᠶ᠎ᠡ᠎ᠳᠦ ᠵᠢᠭᠠᠬᠠᠨ ᠬᠦᠴᠢᠷᠳᠡᠵᠤ ᠪᠠᠢᠪᠠ᠃ ᠭᠡᠪᠡᠴᠦ᠍ ᠬᠡᠰᠡᠭ ᠬᠤᠭᠤᠴᠠᠭᠠᠨ᠎ᠤ ᠰᠤᠷᠤᠯᠴᠠᠯᠭ᠎ᠠ᠎ᠪᠠᠷ ᠳᠠᠮᠵᠢᠨ᠂ ᠲᠡᠭᠦᠨ᠎ᠦ ᠡᠯ᠎ᠡ ᠬᠢᠴᠢᠶᠡᠯ᠎ᠦᠨ ᠬᠢᠷᠢ ᠪᠦᠲᠦᠮᠵᠢ ᠨᠢ ᠶᠡᠬᠡᠬᠡᠨ ᠳᠡᠭᠡᠭ᠌ᠰᠢᠯᠡᠵᠦ᠍᠂ ᠨᠡᠢᠲᠡᠯᠢᠭ ᠬᠡᠯᠡ ᠨᠢ ᠤᠯᠠᠮ ᠡᠴᠡ ᠤᠯᠠᠮ ᠰᠠᠢᠵᠢᠷᠠᠵᠠᠢ》 ᠭᠡᠵᠤ ᠯᠢᠩᠬᠤ᠎ᠠ ᠲᠠᠨᠢᠯᠴᠠᠭᠤᠯᠪᠠ᠃
《ᠪᠢ ᠯᠢᠩᠬᠤ᠎ᠠ ᠪᠠᠭ᠍ᠰᠢ᠎ᠶ᠋ᠢᠨ ᠬᠡᠯᠡ ᠪᠢᠴᠢᠭ᠎ᠦᠨ ᠬᠢᠴᠢᠶᠡᠯ᠎ᠳᠦ ᠮᠠᠰᠢ ᠳᠤᠷᠠᠲᠠᠶ᠂ ᠮᠢᠨᠦ᠍ ᠦᠵᠡᠬᠦ᠌᠎ᠪᠡᠷ ᠲᠡᠳᠡᠭᠡᠷ ᠱᠢᠯᠦᠭ ᠳᠠᠭᠤᠯᠠᠯ᠎ᠢ ᠨᠡᠢᠲᠡᠯᠢᠭ ᠬᠡᠯᠡ᠎ᠪᠡᠷ ᠲᠠᠢᠯᠪᠤᠷᠢᠯᠠᠭ᠍ᠰᠠᠨᠤ ᠳᠠᠷᠠᠭ᠎ᠠ ᠮᠠᠰᠢ ᠰᠠᠢᠬᠠᠨ ᠰᠠᠨᠠᠭᠳᠠᠨ᠎ᠠ᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠮᠢᠨᠦ ᠬᠠᠷᠠᠭ᠎ᠠ ᠵᠢ ᠦᠷᠬᠡᠤᠨᠬᠡᠯᠠ 》 ᠭᠡᠵᠤ ᠬᠠᠢᠷ᠎ᠠ ᠪᠠᠶᠠᠷᠲᠠᠢ ᠬᠡᠯᠡᠪᠡ᠃
ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠭ᠌ᠰᠡᠨ᠎ᠡᠴᠡ ᠨᠠᠭᠠᠰᠢ᠂ ᠤᠷᠠᠳ᠎ᠤᠨ ᠬᠣᠢᠲᠤ ᠬᠣᠱᠢᠭᠤᠨ᠎ᠤ ᠭᠤᠷᠪᠠᠳᠤᠭᠠᠷ ᠪᠦᠷᠢᠨ ᠪᠠᠭ᠎ᠠ ᠰᠤᠷᠭᠠᠭᠤᠯᠢ ᠤᠯᠤᠰ᠎ᠤᠨ ᠲᠤᠭ ᠮᠠᠨᠳᠤᠭᠤᠯᠬᠤ ᠶᠣᠰᠣᠯᠠᠯ᠂ ᠤᠯᠤᠰ᠎ᠤᠨ ᠲᠤᠭ᠎ᠤᠨ ᠳᠣᠣᠷᠠᠬᠢ ᠶᠠᠷᠢᠶ᠎ᠠ᠂ ᠠᠩᠭᠢ᠎ᠶ᠋ᠢᠨ ᠬᠤᠷᠠᠯ ᠵᠢᠴᠢ ᠦᠰᠦᠭ ᠪᠢᠴᠢᠬᠦ᠌ ᠤᠷᠤᠯᠳᠤᠭᠠᠨ ᠵᠡᠷᠭᠡ ᠬᠡᠯᠪᠡᠷᠢ᠎ᠶ᠋ᠢ ᠭᠦᠢᠴᠡᠳ ᠠᠱᠢᠭ᠍ᠯᠠᠵᠤ᠂ ᠰᠤᠷᠤᠭ᠍ᠴᠢᠳ ᠲᠤ᠌ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠭᠤᠯᠬᠤ ᠳᠤᠮᠳᠠ ᠪᠠᠶᠠᠷ ᠪᠠᠶᠠᠰᠤᠯᠤᠯᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠬᠦᠷᠲᠡᠭᠡᠪᠡ᠃ ᠡᠭᠦᠨ᠎ᠡᠴᠡ ᠭᠠᠳᠠᠨ᠎ᠠ᠂ ᠲᠣᠰ ᠰᠤᠷᠭᠠᠭᠤᠯᠢ ᠨᠢ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠦᠰᠦᠨ ᠪᠣᠢᠵᠢᠯᠲᠠ᠎ᠶ᠋ᠢ ᠲᠤᠢᠯ᠎ᠢᠶᠠᠷ ᠠᠩᠬᠠᠷᠴᠤ᠌᠂ ᠰᠤᠷᠭᠠᠨ ᠬᠥᠮᠦᠵᠢᠯ᠎ᠦᠨ ᠰᠤᠳᠤᠯᠭᠠᠨ ᠪᠠ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠣᠯᠠᠨᠳᠠ ᠥᠷᠨᠢᠭᠦᠯᠦᠭ᠌ᠰᠡᠨ ᠪᠥᠭᠡᠳ ᠵᠢᠭᠠᠨ ᠰᠤᠷᠭᠠᠯᠲᠠ᠎ᠶ᠋ᠢᠨ ᠠᠬᠢᠴᠠ᠎ᠪᠠᠨ ᠵᠦᠶ ᠵᠣᠬᠢᠰᠲᠠᠶ ᠲᠣᠬᠢᠷᠠᠭᠤᠯᠵᠤ᠂ ᠵᠢᠭᠠᠨ ᠰᠤᠷᠭᠠᠯᠲᠠ ᠵᠢ ᠵᠤᠯᠭᠠᠭᠤᠯᠬᠤ ᠠᠵᠢᠯ᠎ᠢ ᠰᠠᠢᠲᠤᠷ ᠬᠢᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠤᠨ ᠳᠡᠭᠡᠭ᠌ᠰᠢᠯᠡᠯᠲᠡ᠎ᠶ᠋ᠢ ᠪᠠᠲᠤᠯᠠᠵᠠᠢ᠃
ᠲᠠᠨᠢᠯᠴᠠᠭᠤᠯᠤᠭ᠍ᠰᠠᠨ᠎ᠢᠶᠠᠷ᠂ ᠤᠷᠠᠳ᠎ᠤᠨ ᠬᠣᠢᠲᠤ ᠬᠣᠱᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ《ᠨᠠᠮ᠎ᠤᠨ ᠬᠣᠷᠢᠶ᠎ᠠ ᠤᠳᠤᠷᠢᠳᠴᠤ᠌᠂ ᠵᠠᠰᠠᠭ᠎ᠤᠨ ᠣᠷᠳᠣᠨ ᠭᠣᠣᠯᠯᠠᠨ ᠵᠢᠯᠤᠭᠤᠳᠴᠤ᠂ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ ᠨᠢᠭᠡᠳᠦᠯᠲᠡᠢ ᠲᠥᠯᠥᠪᠵᠢᠭᠦᠯᠵᠦ᠍᠂ ᠰᠠᠯᠠᠭ᠎ᠠ ᠮᠥᠴᠢᠷ ᠬᠠᠮᠵᠢᠯᠴᠠᠨ᠂ ᠨᠡᠢᠭᠡᠮ ᠨᠡᠢᠲᠡ᠎ᠪᠡᠷ᠎ᠢᠶᠡᠨ ᠣᠷᠣᠯᠴᠠᠭ᠍ᠤ》ᠦᠭᠡ ᠬᠡᠯᠡ ᠦᠰᠦᠭ ᠪᠢᠴᠢᠭ᠎ᠦᠨ ᠠᠵᠢᠯ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ᠎ᠶ᠋ᠢ ᠲᠡᠭᠦᠯᠳᠡᠷᠵᠢᠭᠦᠯᠵᠦ᠍᠂ ᠬᠣᠱᠢᠭᠤᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠢ ᠪᠠᠢᠭᠤᠯᠵᠤ᠂ ᠬᠣᠱᠢᠭᠤᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ᠎ᠢ ᠲᠤᠬᠢᠷᠠᠭᠤᠯᠵᠤ ᠂ ᠡᠯ᠎ᠡ ᠵᠦᠢᠯ᠎ᠦᠨ ᠠᠵᠢᠯ᠎ᠢ ᠲᠦᠷᠦᠭᠦᠯᠡᠨ ᠵᠣᠬᠢᠶᠠᠨ ᠪᠠᠢᠭᠤᠯᠵᠤ ᠥᠷᠨᠢᠭᠦᠯᠪᠡ᠃
《ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠨᠢ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠳᠠᠪᠱᠢᠯᠲᠠ ᠪᠠ ᠠᠵᠤ ᠠᠬᠤᠶ᠎ᠶ᠋ᠢᠨ ᠬᠥᠭ᠌ᠵᠢᠯᠲᠡ᠎ᠲᠡᠶ ᠬᠣᠯᠪᠣᠭ᠍ᠳᠠᠵᠤ ᠪᠠᠢᠳᠠᠭ᠂ ᠡᠨᠡ ᠵᠢᠯ᠎ᠦᠨ 26 ᠳ᠋ᠤᠭᠠᠷ ᠬᠤᠭᠤᠴᠠᠭᠠᠨ᠎ᠤ ᠲᠦᠭᠡᠮᠡᠯᠵᠢᠭᠦᠯᠬᠦ ᠭᠠᠷᠠᠭ᠎ᠤᠨ ᠠᠵᠢᠯᠯᠠᠭ᠎ᠠ᠎ᠳᠤ ᠪᠥᠬᠥ᠌ ᠬᠣᠱᠢᠭᠤᠨ᠎ᠤ ᠡᠯ᠎ᠡ ᠨᠢᠭᠡᠴᠢ ᠢᠳᠡᠪᠬᠢᠲᠡᠶ ᠣᠷᠣᠯᠴᠠᠵᠤ᠂ ᠠᠳᠠᠯᠢ ᠪᠤᠰᠤ ᠬᠡᠯᠪᠡᠷᠢ᠎ᠶ᠋ᠢᠨ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ》᠃ ᠤᠷᠠᠳ᠎ᠤᠨ ᠬᠣᠢᠲᠤ ᠬᠣᠱᠢᠭᠤᠨ᠎ᠤ ᠪᠠᠭ᠍ᠰᠢ᠎ᠶ᠋ᠢᠨ ᠬᠥᠭ᠌ᠵᠢᠭᠦᠯᠦᠯᠲᠡ᠎ᠶ᠋ᠢᠨ ᠲᠥᠪ᠎ᠦᠨ ᠡᠷᠬᠢᠯᠡᠭ᠌ᠴᠢ᠂ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠬᠡᠷ᠎ᠦᠨ ᠳᠡᠳ᠋ ᠡᠷᠬᠢᠯᠡᠭ᠌ᠴᠢ ᠸᠠᠩ ᠶᠦᠩ ᠯᠢ ᠰᠤᠷᠪᠤᠯᠵᠢᠯᠠᠭ᠍ᠴᠢ᠎ᠳᠤ᠄ 《ᠦᠭᠡ ᠬᠡᠯᠡ ᠥᠰᠥᠭ ᠪᠢᠴᠢᠭ᠎ᠦᠨ ᠵᠥᠪᠯᠡᠯ᠎ᠦᠨ ᠠᠯᠪᠠᠨ ᠬᠡᠷ ᠲᠦᠷᠦᠭᠦᠯᠡᠨ ᠪᠥᠬᠥ᠌ ᠬᠣᠱᠢᠭᠤᠨ᠎ᠤ 〈ᠳᠤᠮᠳᠠᠳᠤ᠎ᠶ᠋ᠢᠨ ᠰᠣᠩᠭᠣᠳᠠᠭ ᠪᠦᠲᠦᠭᠡᠯ᠎ᠤᠨ ᠤᠩᠱᠢᠯᠭ᠎ᠠ᠎ᠶ᠋ᠢᠨ ᠤᠷᠤᠯᠳᠤᠭᠠᠨ〉 ᠢ᠋ ᠡᠷᠭᠢᠯᠡᠵᠦ᠍᠂ 1500 ᠬᠤᠪᠢ〈 ᠨᠢᠭᠡ ᠬᠠᠤᠯᠢ ᠨᠢᠭᠡ ᠠᠷᠭ᠎ᠠ〉 ᠶ᠋ᠢᠨ ᠤᠬᠠᠭᠤᠯᠭ᠎ᠠ᠎ᠶ᠋ᠢᠨ ᠭᠠᠷ ᠳᠡᠪᠲᠡᠷ᠂ 9000 ᠬᠤᠪᠢ ᠤᠬᠠᠭᠤᠯᠭ᠎ᠠ᠎ᠶ᠋ᠢᠨ ᠬᠠᠭᠤᠳᠠᠰᠤ᠂ 100 ᠬᠤᠪᠢ 26 ᠳ᠋ᠤᠭᠠᠷ ᠬᠤᠭᠤᠴᠠᠭᠠᠨ᠎ᠤ ᠨᠡᠢᠲᠡᠯᠢᠭ ᠬᠡᠯᠡ ᠵᠢ ᠲᠦᠬᠡᠮᠡᠯᠵᠢᠬᠦᠯᠬᠦ ᠭᠠᠷᠠᠭ᠎ᠤᠨ ᠮᠡᠳᠡᠭᠳᠡᠯ᠎ᠢ ᠳᠠᠷᠤᠮᠠᠯᠯᠠᠨ ᠦᠶ᠋ᠯᠡᠳᠴᠦ᠍᠂ ᠡᠯ᠎ᠡ ᠨᠢᠭᠡᠴᠢ᠂ ᠰᠤᠷᠭᠠᠭᠤᠯᠢ᠂ ᠬᠡᠦᠬᠡᠳ᠎ᠦᠨ ᠴᠡᠴᠡᠷᠯᠢᠭ ᠵᠢᠴᠢ ᠬᠣᠲᠠ᠎ᠶ᠋ᠢᠨ ᠲᠣᠭᠣᠷᠢᠭ᠎ᠤᠨ ᠣᠯᠠᠨ ᠲᠦᠮᠡᠨ᠎ᠳᠦ ᠲᠠᠷᠬᠠᠭᠠᠪᠠ᠃ 〈 ᠪᠠᠭ᠎ᠠ ᠭᠠᠷ᠎ᠢᠶᠠᠷ ᠶᠡᠬᠡ ᠭᠠᠷ᠎ᠢ ᠬᠦᠲᠦᠯᠵᠦ᠂ ᠨᠡᠢᠲᠡᠯᠢᠭ ᠬᠡᠯᠡ᠎ᠶ᠋ᠢ ᠶᠠᠷᠢᠵᠤ ᠰᠤᠷᠬᠤ 〉ᠠᠵᠢᠯᠯᠠᠭ᠎ᠠ᠎ᠶ᠋ᠢ ᠦᠷᠭᠦᠯᠵᠢᠯᠡᠨ ᠥᠷᠭᠡᠨ᠎ᠢᠶᠡᠷ ᠥᠷᠨᠢᠭᠦᠯᠵᠦ᠍᠂ ᠡᠯ᠎ᠡ ᠵᠦᠶ᠋ᠯ᠎ᠦᠨ ᠬᠡᠯᠪᠡᠷᠢ᠎ᠶ᠋ᠢᠨ ᠠᠵᠢᠯᠯᠠᠭ᠎ᠠ᠎ᠪᠠᠷ ᠳᠠᠮᠵᠢᠭᠤᠯᠤᠨ᠂ ᠨᠡᠢᠭᠡᠮ᠂ ᠬᠡᠷ ᠪᠦᠯᠢ᠎ᠶ᠋ᠢᠨ ᠨᠡᠢᠲᠡᠯᠢᠭ ᠬᠡᠯᠡ᠎ᠶ᠋ᠢ ᠰᠤᠷᠴᠤ᠌ ᠬᠡᠷᠡᠭ᠌ᠯᠡᠬᠦ᠌ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠤᠷᠠᠳ᠎ᠤᠨ ᠬᠣᠢᠲᠤ ᠬᠣᠱᠢᠭᠤᠨ᠎ᠤ ᠡᠮᠡᠭ᠌ᠲᠡᠢᠴᠦᠳ ᠬᠡᠦᠬᠡᠳ᠎ᠦᠨ ᠨᠡᠢᠲᠡᠯᠢᠭ ᠬᠡᠯᠡ᠎ᠶ᠋ᠢ ᠬᠡᠷᠡᠭ᠌ᠯᠡᠬᠦ᠌ ᠴᠢᠳᠠᠪᠤᠷᠢ ᠪᠠ ᠬᠡᠷᠡᠭ᠌ᠯᠡᠬᠦ᠌ ᠬᠢᠷᠢ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠪᠡ》 ᠭᠡᠵᠦ ᠬᠡᠯᠡᠵᠡᠢ᠃
《ᠪᠢᠳᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠂ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠲᠠᠯ᠎ᠠ᠎ᠶ᠋ᠢᠨ ᠰᠠᠭᠤᠷᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠠᠭ᠍ᠰᠢ᠎ᠶ᠋ᠢᠨ ᠰᠤᠷᠭᠠᠨ ᠬᠥᠮᠦᠵᠢᠯ᠎ᠦᠨ ᠣᠨᠴᠠᠯᠢᠭ᠎ᠢ ᠭᠦᠢᠴᠡᠳ ᠢᠯᠡᠷᠡᠭᠦᠯᠵᠦ᠍᠂ ᠰᠠᠭᠤᠷᠢ ᠰᠤᠷᠭᠠᠨ ᠬᠥᠮᠦᠵᠢᠯ ᠪᠣᠯᠤᠨ ᠣᠷᠣᠨ ᠨᠤᠲᠤᠭ᠎ᠤᠨ ᠠᠵᠤ ᠠᠬᠤᠢ ᠰᠣᠶᠣᠯ᠎ᠤᠨ ᠪᠠᠢᠭᠤᠯᠤᠯᠲᠠ᠎ᠳᠤ ᠦᠢᠯᠡᠴᠢᠯᠡᠬᠦ᠌᠎ᠳᠦ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠷᠭᠦᠵᠦ᠍᠂ ᠱᠢᠨ᠎ᠡ ᠴᠠᠭ ᠦᠶ᠎ᠡ᠎ᠶ᠋ᠢᠨ ᠰᠤᠷᠭᠠᠨ ᠬᠥᠮᠦᠵᠢᠯ᠎ᠦᠨ ᠦᠢᠯᠡᠰ ᠪᠣᠯᠤᠨ ᠦᠭᠡ ᠬᠡᠯᠡ ᠦᠰᠦᠭ ᠪᠢᠴᠢᠭ᠎ᠦᠨ ᠦᠢᠯᠡᠰ᠎ᠦᠨ ᠬᠥᠭ᠌ᠵᠢᠯᠲᠡ᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ ᠤᠷᠠᠳ᠎ᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶᠠᠨ᠎ᠤ ᠳᠡᠳ᠋ ᠳᠠᠷᠤᠭ᠎ᠠ ᠰᠡᠩᠭᠡᠪᠠᠭᠠᠲᠤᠷ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃