ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-10-28 17:45:25

ᠵᠣᠬᠢᠶᠠᠭ᠍ᠴᠢ᠄ ᠬᠤᠤ ᠪᠢᠶᠤᠤ ᠣᠩᠱᠢᠭ᠍ᠰᠠᠨ ᠣᠳᠠᠭ᠎ᠠ᠄ 3

10 ᠰᠠᠷ᠎ᠠ ᠢ᠋ᠢᠨ 23 ᠎ᠤ᠋ ᠥᠷᠯᠥᠭᠡᠬᠦᠷ᠂ ᠢᠷᠠᠭᠤ ᠴᠡᠬᠡᠯᠬᠡᠨ ᠨᠣᠮ ᠤᠩᠱᠢᠬᠤ ᠲᠠᠭᠤᠨ ᠦᠬᠠᠶ ᠬᠣᠲᠠ ᠢ᠋ᠢᠨ ᠠᠷᠪᠠᠨ ᠨᠠᠶ᠋ᠮᠠᠳᠤᠭᠠᠷ ᠳᠤᠮᠳᠠᠳᠤ ᠰᠤᠷᠭᠠᠭᠤᠯᠢ ᠢ᠋ᠢᠨ ᠬᠦᠷᠢᠶᠡᠨ᠎ᠡᠴᠡ ᠲᠤᠭᠤᠯᠳᠠᠨ᠎ᠠ᠃ ᠲᠣᠰ ᠰᠤᠷᠭᠠᠭᠤᠯᠢ ᠢ᠋ᠢᠨ ᠠᠩᠬ᠎ᠠ ᠳᠤᠮᠳᠠᠳᠤ ᠢ᠋ᠢᠨ ᠨᠢᠭᠡᠳᠦᠭᠡᠷ ᠣᠨ᠎ᠤ 16᠎ᠳ᠋ᠤᠭᠠᠷ ᠠᠩᠭᠢ ᠢ᠋ᠢᠨ ᠰᠤᠷᠤᠭ᠍ᠴᠢᠳ ᠬᠡᠯᠡ ᠪᠢᠴᠢᠭ ᠤ᠋ᠨ ᠪᠠᠭ᠍ᠰᠢ ᠭᠦᠸᠧ ᠵᠢᠶᠧ ᠢ᠋ᠢᠨ ᠳᠠᠭᠠᠭᠤᠯᠭ᠎ᠠ ᠪᠡᠷ 《ᠱᠢᠭᠦᠮᠵᠢᠯᠡᠯ ᠥᠭᠦᠯᠡᠯ》 ᠎ᠤ᠋ᠨ ᠠᠷᠪᠠᠨ ᠬᠣᠶᠠᠳᠤᠭᠠᠷ ᠪᠦᠯᠦᠭ ᠢ᠋ ᠢᠷᠠᠭᠤ ᠤᠷᠤᠰᠤᠮ᠎ᠠ ᠤᠨᠭᠰᠢᠵᠠᠭᠠᠨ᠎ᠠ᠃ ᠭᠦᠸᠧ ᠪᠠᠭ᠍ᠰᠢ ᠤᠩᠱᠢᠬᠤ ᠢ᠋ᠢᠨ ᠳᠠᠭᠠᠤ ᠰᠤᠷᠤᠭ᠍ᠴᠢᠳ ᠲᠠᠭᠠᠨ ᠵᠣᠬᠢᠶᠠᠯ᠎ᠤᠨ ᠠᠭᠤᠯᠭ᠎ᠠ ᠢ᠋ᠢ ᠨᠠᠷᠢᠨ ᠨᠢᠮᠪᠠᠢ ᠲᠠᠢᠯᠪᠤᠷᠢᠯᠠᠨ ᠦᠭᠴᠤ ᠪᠠᠢᠯ᠎ᠠ᠃

ᠭᠦᠸᠧ ᠵᠢᠶᠧ ᠂ ᠬᠡᠯᠡ ᠪᠢᠴᠢᠭ ᠤ᠋ᠨ ᠬᠢᠴᠢᠶᠡᠯ ᠢ᠋ ᠰᠠᠢᠲᠤᠷ ᠵᠢᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠰᠠᠢᠲᠤᠷ ᠰᠤᠷᠬᠤ ᠢ᠋ᠢᠨ ᠲᠥᠯᠥᠭᠡ᠂ ᠪᠢᠳᠡ ᠲᠣᠭ᠍ᠲᠠᠮᠠᠯ ᠬᠤᠭᠤᠴᠠᠭ᠎ᠠ ᠲᠠᠢ ᠪᠡᠷ ᠬᠡᠯᠡ ᠪᠢᠴᠢᠭ ᠤ᠋ᠨ ᠨᠢᠭᠡᠴᠢ ᠢ᠋ᠢᠨ ᠱᠢᠯᠭᠠᠯᠲᠠ ᠬᠢᠵᠦ᠍᠂ ᠰᠤᠷᠤᠭ᠍ᠴᠢᠳ ᠢ᠋ᠢᠡᠷ ᠱᠢᠯᠭᠠᠯᠲᠠ ᠢ᠋ᠢᠨ ᠰᠡᠳᠦᠪ ᠭᠠᠷᠭᠠᠭᠤᠯᠵᠤ᠂ ᠳᠠᠷᠠᠭ᠎ᠠ ᠨᠢ ᠱᠢᠯᠭᠠᠯᠲᠠ ᠢ᠋ᠢᠨ ᠰᠡᠳᠦᠪ ᠢ᠋ᠢᠡᠨ ᠰᠤᠯᠢᠯᠴᠠᠨ ᠬᠠᠷᠢᠭᠤᠯᠳᠠᠭ ᠬᠡᠵᠤ ᠲᠠᠨᠢᠯᠴᠠᠭᠤᠯᠤᠨ᠎ᠡ᠃ ᠲᠠᠷᠠ᠄《ᠰᠡᠳᠦᠪ ᠭᠠᠷᠭᠠᠬᠤ ᠪᠡᠷ ᠳᠠᠮᠵᠢᠭᠤᠯᠤᠨ ᠰᠤᠷᠤᠭ᠍ᠴᠢᠳ ᠨᠡᠩ ᠭᠦᠨ ᠳᠠᠪᠬᠤᠷᠭ᠎ᠠ᠎ᠡᠴᠡ ᠪᠤᠳᠤᠯᠬᠢᠯᠠᠬᠤ ᠪᠤᠯᠵᠤ᠂ ᠡᠨᠡᠬᠦ᠌ ᠶᠠᠪᠤᠴᠠ ᠳ᠋ᠤ᠌ ᠰᠤᠷᠤᠭ᠍ᠴᠢᠳ ᠦᠰᠦᠭ ᠤ᠋ᠨ ᠠᠪᠢᠶ᠎ᠠ ᠪᠣᠯᠤᠨ ᠦᠰᠦᠭ ᠤ᠋ᠨ ᠬᠡᠯᠪᠡᠷᠢ ᠢ᠋ᠢ ᠤᠤᠯ᠎ᠤᠨ ᠬᠠᠭᠤᠯᠤᠨ ᠪᠢᠴᠢᠬᠦ᠌᠎ᠲᠡᠶ ᠬᠠᠷᠢᠴᠠᠭᠤᠯᠪᠠᠯ ᠨᠡᠩ ᠰᠠᠢᠨ ᠣᠢᠯᠠᠭᠠᠵᠤ ᠡᠵᠡᠮᠱᠢᠭ᠌ᠰᠡᠨ ᠪᠠᠢᠨ᠎ᠠ》 ᠬᠡᠯ᠎ᠠ᠃ ᠡᠭᠦᠨ᠎ᠦ ᠬᠠᠮᠳᠤ᠂ ᠲᠡᠳᠡ ᠪᠠᠰᠠ ᠰᠤᠷᠤᠭ᠍ᠴᠢᠳ᠎ᠵᠢᠡᠨ ᠵᠣᠬᠢᠶᠠᠨ ᠪᠠᠢᠭᠤᠯᠤᠨ 《ᠭᠢᠷᠠᠬᠠᠶ ᠨᠢᠳᠤᠨ》ᠠᠵᠢᠯᠯᠠᠭ᠎ᠠ ᠥᠷᠨᠢᠭᠦᠯᠵᠦ᠍᠂ ᠰᠤᠷᠤᠭᠴᠢᠳ᠎ᠵᠢᠡᠨ ᠰᠤᠷᠭᠠᠭᠤᠯᠢ ᠢ᠋ᠢᠨ ᠬᠦᠷᠢᠶᠡᠨ᠎ᠦ ᠡᠯ᠎ᠡ ᠲᠣᠮᠣ ᠲᠠᠯᠠᠪᠠᠶ ᠣᠷᠳᠣᠨ ᠢ᠋ᠢᠡᠷ ᠣᠴᠢᠭᠤᠯᠤᠨ ᠪᠤᠷᠤᠭᠤ ᠦᠰᠦᠭ ᠪᠢᠴᠢᠭᠰᠡᠨ ᠡᠰᠡᠬᠦ᠌᠂ ᠴᠡᠭ ᠲᠡᠮᠳᠡᠭ ᠢ᠋ ᠵᠥᠪ ᠬᠡᠷᠡᠭᠯᠡᠭᠰᠡᠨ ᠡᠰᠡᠬᠦ᠌᠂ ᠦᠭᠡ ᠢ᠋ᠢ ᠲᠣᠬᠢᠷᠠᠮᠵᠢᠲᠠᠶ ᠬᠡᠷᠡᠭᠯᠡᠭᠰᠡᠨ ᠡᠰᠡᠬᠦ᠌ ᠢ᠋ᠢ ᠪᠠᠢᠴᠠᠭᠠᠯᠭᠠᠵᠤ᠂ ᠰᠤᠷᠤᠭ᠍ᠴᠢᠳ᠎ᠤᠨ ᠳᠦᠷᠢᠮᠵᠢᠭ᠌ᠰᠡᠨ ᠬᠢᠲᠠᠳ ᠦᠰᠦᠭ ᠤ᠋ᠨ ᠲᠤᠬᠠᠶ ᠴᠡᠬᠡᠵᠢᠯᠡᠵᠤ ᠣᠢᠯᠠᠭᠠᠬᠤ ᠢ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠪᠡ᠃

ᠰᠤᠷᠭᠠᠭᠤᠯᠢ ᠢ᠋ᠢᠨ ᠬᠢᠴᠢᠶᠡᠯ ᠬᠥᠮᠦᠵᠢᠯ ᠤ᠋ᠨ ᠭᠠᠵᠠᠷ᠎ᠤᠨ ᠳᠡᠳ᠋ ᠡᠷᠬᠢᠯᠡᠭ᠌ᠴᠢ ᠶᠢᠨ ᠢᠦᠶ ᠮᠧᠶ᠂ ᠰᠤᠷᠭᠠᠭᠤᠯᠢ ᠢ᠋ᠢᠨ ᠬᠦᠷᠢᠶᠡᠨ᠎ᠳᠦ ᠤᠷᠤᠰᠤᠮ᠎ᠠ ᠰᠠᠢᠬᠠᠨ ᠦᠭᠡ ᠬᠡᠯᠡ ᠪᠠ ᠴᠡᠪᠡᠷ ᠲᠤᠳᠤ ᠪᠢᠴᠢᠯᠭᠡ ᠢ᠋ᠢᠨ ᠣᠷᠴᠢᠨ ᠲᠣᠭᠣᠷᠢᠨ ᠢ᠋ ᠪᠣᠶ ᠪᠣᠯᠭᠠᠬᠤ ᠢ᠋ᠢᠨ ᠲᠥᠯᠥᠭᠡ᠂ ᠪᠠᠭ᠍ᠰᠢ᠎ᠨᠠᠷ ᠬᠡᠯᠡ ᠪᠢᠴᠢᠭ ᠤ᠋ᠨ ᠬᠢᠴᠢᠶᠡᠯ ᠢ᠋ ᠰᠠᠢᠳᠤᠷ ᠵᠢᠭᠠᠬᠤ ᠪᠡᠷ ᠴᠢᠷᠮᠠᠢᠬᠤ ᠢ᠋ᠢᠨ ᠬᠠᠮᠲᠤ᠂ ᠰᠤᠷᠭᠠᠭᠤᠯᠢ ᠡᠴᠡ ᠪᠠᠰᠠ ᠬᠢᠴᠢᠶᠡᠯ ᠤ᠋ᠨ ᠲᠣᠬᠢᠷᠠᠭᠤᠯᠤᠯᠲᠠ᠎ᠳᠠᠭᠠᠨ ᠬᠦᠴᠦ᠍ ᠲᠠᠯᠪᠢᠵᠤ᠂ ᠤᠷᠠᠨ ᠪᠢᠴᠢᠯᠭᠡ ᠢ᠋ᠢᠨ ᠬᠢᠴᠢᠶᠡᠯ᠂ ᠤᠩᠱᠢᠯᠭ᠎ᠠ ᠢ᠋ᠢᠨ ᠬᠢᠴᠢᠶᠡᠯ ᠨᠡᠬᠡᠬᠡᠬᠦ ᠪᠡᠷ ᠳᠠᠮᠵᠢᠭᠤᠯᠤᠨ᠂ ᠪᠦᠬᠦ ᠤᠯᠤᠰ᠎ᠤᠨ ᠨᠡᠢᠳᠡᠯᠢᠭ ᠭᠡᠯᠡ᠎ᠵᠢ ᠲᠦᠭᠡᠮᠡᠯᠵᠢᠬᠦᠯᠬᠦ ᠤᠬᠠᠭᠤᠯᠭ᠎ᠠ᠎ᠵᠢᠨ ᠭᠠᠷᠠᠭ᠎ᠤᠨ ᠠᠵᠢᠯᠯᠠᠭ᠎ᠠ ᠢ᠋ᠢ ᠦᠷᠨᠢᠬᠦᠯᠵᠤ᠂ ᠰᠤᠷᠤᠭ᠍ᠴᠢᠳ᠎ᠤᠨ ᠳᠦᠷᠢᠮᠵᠢᠭ᠌ᠰᠡᠨ ᠥᠰᠥᠭ ᠪᠢᠴᠢᠬᠦ᠌ ᠪᠠ ᠦᠭᠡ ᠬᠡᠯᠡᠨ᠎ᠦ ᠢᠯᠡᠳᠭᠡᠬᠦ᠌ ᠴᠢᠳᠠᠪᠤᠷᠢ ᠢ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠪᠠᠢᠨ᠎ᠠ ᠬᠡᠵᠤ ᠰᠤᠷᠪᠤᠯᠵᠢᠯᠠᠭᠴᠢ ᠳ᠋ᠤ᠌ ᠶᠠᠷᠢᠵᠤ ᠭᠠᠷᠤᠯ᠎ᠡ᠃

ᠰᠤᠷᠭᠠᠭᠤᠯᠢ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠬᠦ᠌ ᠭᠣᠣᠯ ᠵᠢᠭ᠍ᠰᠠᠭᠠᠯ᠎ᠤᠨ ᠭᠠᠵᠠᠷ ᠮᠥᠨ᠃ ᠣᠳᠣᠬᠠᠨ ᠳ᠋ᠤ᠌ ᠦᠬᠠᠶ ᠬᠣᠲᠠ ᠢ᠋ᠢᠨ ᠠᠷᠪᠠᠨ ᠨᠠᠶ᠋ᠮᠠᠳᠤᠭᠠᠷ ᠳᠤᠮᠳᠠᠳᠤ ᠰᠤᠷᠭᠠᠭᠤᠯᠢ ᠳ᠋ᠤ᠌᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠰᠠᠢᠲᠤᠷ ᠰᠤᠷᠴᠤ᠌ ᠰᠠᠢᠲᠤᠷ ᠬᠡᠷᠡᠭ᠌ᠯᠡᠬᠦ᠌ ᠠᠭᠤᠷ ᠠᠮᠢᠰᠭᠤᠯ ᠮᠠᠰᠢ ᠦᠳᠬᠡᠨ ᠵᠤᠵᠠᠭᠠᠨ ᠪᠤᠯᠵᠤ᠂ ᠨᠡᠢᠲᠡᠯᠢᠭ ᠬᠡᠯᠡ ᠢ᠋ᠢ ᠤᠷᠤᠰᠤᠮ᠎ᠠ ᠢᠷᠠᠭᠤ ᠶᠠᠷᠢᠵᠤ᠂ ᠳᠦᠷᠢᠮᠵᠢᠭ᠌ᠰᠡᠨ ᠥᠰᠥᠭ ᠢ᠋ ᠰᠠᠢᠲᠤᠷ ᠪᠢᠴᠢᠬᠦ᠌ ᠨᠢ ᠨᠢᠭᠡᠨᠲᠡ ᠰᠤᠷᠭᠠᠭᠤᠯᠢ ᠢ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠢ᠋ᠢᠨ ᠠᠵᠢᠯᠯᠠᠭ᠎ᠠ ᠳ᠋ᠤ᠌ ᠪᠥᠬᠥ᠌ ᠲᠠᠯ᠎ᠠ ᠪᠡᠷ ᠠᠭᠤᠰᠤᠯᠴᠠᠵᠤ᠂ ᠪᠠᠭ᠍ᠰᠢ ᠰᠤᠷᠤᠭ᠍ᠴᠢᠳ᠎ᠤᠨ ᠡᠳᠦᠷ ᠲᠤᠲᠤᠮ᠎ᠤᠨ ᠰᠤᠷᠤᠯᠴᠠᠯᠭ᠎ᠠ ᠠᠮᠢᠳᠤᠷᠠᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ ᠪᠠᠢᠨ᠎ᠠ᠃

ᠰᠤᠷᠭᠠᠭᠤᠯᠢ ᠢ᠋ᠢᠨ ᠵᠠᠬᠢᠷᠤᠯ ᠱᠢᠩ ᠱᠦ᠍ ᠲᠢᠩ᠂ ᠶᠠᠷᠤ᠎ᠵᠢᠨ ᠴᠠᠭ ᠲᠦ᠍ ᠰᠤᠷᠭᠠᠭᠤᠯᠢ ᠡᠴᠡ ᠬᠡᠯᠡ ᠪᠢᠴᠢᠭ ᠤ᠋ᠨ ᠬᠢᠴᠢᠶᠡᠯ᠂ ᠤᠩᠱᠢᠯᠭ᠎ᠠ ᠢ᠋ᠢᠨ ᠬᠢᠴᠢᠶᠡᠯ᠂ ᠤᠷᠠᠨ ᠪᠢᠴᠢᠯᠭᠡ ᠢ᠋ᠢᠨ ᠬᠢᠴᠢᠶᠡᠯ ᠵᠢᠴᠢ ᠪᠥᠬᠥ᠌ ᠤᠯᠤᠰ᠎ᠤᠨ ᠨᠡᠢᠲᠡᠯᠢᠭ ᠬᠡᠯᠡ ᠢ᠋ᠢ ᠲᠦᠭᠡᠮᠡᠯᠵᠢᠭᠦᠯᠬᠦ ᠤᠬᠠᠭᠤᠯᠭ᠎ᠠ᠎ᠵᠢᠨ ᠭᠠᠷᠠᠭ᠎ᠤᠨ ᠠᠵᠢᠯᠯᠠᠭ᠎ᠠ ᠵᠡᠷᠭᠡ᠎ᠪᠡᠷ ᠳᠠᠮᠵᠢᠭᠤᠯᠤᠨ ᠰᠤᠷᠤᠭ᠍ᠴᠢᠳ ᠲᠦ᠍ ᠰᠠᠢᠨ ᠰᠠᠢᠬᠠᠨ ᠰᠤᠷᠤᠯᠴᠠᠬᠤ ᠣᠷᠴᠢᠨ ᠨᠥᠬᠥᠴᠡᠯ ᠢ᠋ ᠪᠣᠶ ᠪᠣᠯᠭᠠᠵᠤ ᠥᠭ᠌ᠬᠦ᠎ᠡᠴᠡ ᠭᠠᠳᠠᠨ᠎ᠠ᠂ ᠲᠣᠭ᠍ᠲᠠᠮᠠᠯ ᠬᠤᠭᠤᠴᠠᠭ᠎ᠠ ᠲᠠᠢ ᠪᠡᠷ ᠰᠤᠷᠤᠭ᠍ᠴᠢᠳ ᠎ᠵᠢᠡᠨ ᠵᠣᠬᠢᠶᠠᠨ ᠪᠠᠢᠭᠤᠯᠵᠤ ᠦᠬᠠᠶ ᠬᠣᠲᠠ ᠢ᠋ᠢᠨ ᠮᠦᠽᠧᠶ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠣᠷᠳᠣᠨ᠂ ᠤᠷᠠᠨ ᠪᠢᠴᠢᠯᠭᠡ᠎ᠵᠢᠨ ᠤᠷᠠᠯᠢᠭ᠎ᠤᠨ ᠣᠷᠳᠣᠨ ᠵᠡᠷᠭᠡ ᠭᠠᠵᠠᠷ ᠲᠦ᠍ ᠬᠦᠷᠴᠤ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠍᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠲᠦ᠍ ᠬᠠᠢᠷᠠᠲᠠᠶ ᠪᠠᠢᠬᠤ ᠰᠡᠳᠭᠢᠯᠭᠡ ᠢ᠋ᠢ ᠨᠢ ᠲᠡᠭᠡᠭᠰᠢᠯᠡᠬᠦᠯᠵᠤ ᠪᠠᠢᠨ᠎ᠡ᠃ ᠡᠭᠦᠨ᠎ᠦ ᠬᠠᠮᠳᠤ᠂ ᠰᠤᠷᠭᠠᠭᠤᠯᠢ ᠡᠴᠡ ᠤᠯᠠᠮᠵᠢᠯᠠᠯᠲᠤ ᠪᠠᠶᠠᠷ᠎ᠤᠨ ᠡᠳᠦᠷ ᠲᠦ᠍ ᠲᠤᠬᠢᠶᠠᠯᠳᠤᠭᠤᠯᠤᠨ ᠪᠠᠶᠠᠯᠢᠭ ᠰᠠᠢᠬᠠᠨ ᠠᠭᠤᠯᠭ᠎ᠠ ᠪᠦᠬᠦᠢ ᠠᠵᠢᠯᠯᠠᠭ᠎ᠠ ᠢ᠋ᠢ ᠵᠤᠬᠢᠶᠠᠨ ᠪᠠᠢᠭᠤᠯᠤᠨ ᠦᠷᠨᠢᠬᠦᠯᠵᠤ᠂ ᠰᠤᠷᠤᠭ᠍ᠴᠢᠳ ᠲᠦ᠍ ᠤᠯᠠᠮᠵᠢᠯᠠᠯᠲᠤ ᠰᠣᠶᠣᠯ᠎ᠤᠨ ᠷᠢᠳᠢ ᠰᠢᠳᠢ ᠢ᠋ᠢ ᠮᠡᠳᠡᠷᠡᠭᠦᠯᠵᠦ᠍᠂ ᠰᠣᠶᠣᠯ᠎ᠤᠨ ᠢᠲᠡᠭᠡᠯ ᠢ᠋ ᠨᠢ ᠨᠡᠮᠡᠭᠳᠡᠬᠦᠯᠵᠤ ᠪᠡᠢᠨ᠎ᠡ ᠬᠡᠵᠤ ᠲᠠᠨᠢᠯᠴᠠᠭᠤᠯᠪᠠ᠃

ᠰᠤᠷᠭᠠᠭᠤᠯᠢ ᠢ᠋ᠢᠨ ᠬᠢᠨ ᠪᠠᠭ᠍ᠰᠢ ᠠᠵᠢᠯᠳᠠᠨ ᠎ᠵᠢᠡᠨ ᠲᠣᠭ᠍ᠲᠠᠮᠠᠯ ᠬᠤᠭᠤᠴᠠᠭ᠎ᠠ ᠲᠠᠢ ᠪᠡᠷ ᠵᠣᠬᠢᠶᠠᠨ ᠪᠠᠢᠭᠤᠯᠵᠤ ᠦᠭᠡ ᠬᠡᠯᠡ ᠦᠰᠦᠭ ᠪᠢᠴᠢᠭ ᠤ᠋ᠨ ᠳᠦᠷᠢᠮᠵᠢᠭᠦᠯᠦᠯᠲᠡ ᠢ᠋ᠢᠨ ᠲᠤᠰᠭᠠᠢ ᠰᠡᠳᠦᠪᠲᠦ ᠰᠤᠷᠤᠯᠴᠠᠯᠭ᠎ᠠ ᠢ᠋ᠢ ᠥᠷᠨᠢᠭᠦᠯᠬᠦ᠌ ᠢ᠋ᠢᠨ ᠬᠠᠮᠲᠤ ᠪᠠᠭ᠍ᠰᠢ ᠨᠠᠷ᠎ᠤᠨ ᠬᠤᠭᠤᠷᠤᠨᠳᠤ ᠣ ᠢ᠋ᠢᠨ ᠪᠢᠷ᠂ ᠪᠤᠯᠤᠳ ᠪᠢᠷ᠂ ᠦᠰᠦᠨ ᠪᠢᠷ ᠤ᠋ᠨ ᠪᠢᠴᠢᠯᠭᠡ ᠢ᠋ᠢᠨ ᠤᠷᠤᠯᠳᠤᠭᠠᠨ᠂ ᠰᠠᠮᠪᠠᠷ᠎ᠠ ᠢ᠋ᠢᠨ ᠪᠢᠴᠢᠯᠬᠡ ᠢ᠋ᠢᠨ ᠵᠢᠷᠤᠵᠤ ᠲᠥᠯᠥᠪᠯᠡᠬᠦ᠌ ᠤᠷᠤᠯᠳᠤᠭᠠᠨ᠂ ᠵᠢᠭᠠᠬᠤ ᠲᠥᠰᠦᠯ ᠢ᠋ ᠪᠢᠴᠢᠬᠦ᠌ ᠤᠷᠤᠯᠳᠤᠭᠠᠨ ᠢ᠋ ᠪᠠᠢᠩᠭᠤ ᠥᠷᠨᠢᠭᠦᠯᠵᠦ᠍᠂ ᠪᠠᠭ᠍ᠰᠢ ᠢ᠋ᠢᠨ ᠡᠩᠨᠡᠭᠡ ᠢ᠋ᠢᠨ ᠦᠭᠡ ᠬᠡᠯᠡ ᠦᠰᠦᠭ ᠪᠢᠴᠢᠭ ᠤᠷᠠᠨ ᠪᠢᠴᠢᠯᠭᠡ᠎ᠵᠢᠨ ᠦᠨᠳᠦᠰᠦᠨ ᠴᠢᠳᠠᠪᠤᠷᠢ ᠢ᠋ᠢ ᠪᠠᠳᠤᠳᠬᠠᠵᠤ ᠪᠤᠢ᠃ 《ᠣᠳᠣᠬᠠᠨ ᠳ᠋ᠤ᠌ ᠮᠠᠨ᠎ᠤ ᠰᠤᠷᠭᠠᠭᠤᠯᠢ ᠡᠴᠡ ᠲᠤᠰᠬᠠᠢ ᠬᠠᠷᠢᠭᠤᠴᠠᠵᠤ ᠪᠠᠢᠭ᠎ᠠ 228 ᠪᠠᠭ᠍ᠰᠢ ᠢ᠋ᠢᠨ ᠨᠡᠢᠲᠡᠯᠢᠭ ᠬᠡᠯᠡ ᠨᠢ ᠴᠥᠮ ᠪᠠᠷᠢᠮᠵᠢᠶ᠎ᠠ ᠳ᠋ᠤ᠌ ᠬᠦᠷᠴᠦ᠍᠂ ᠣᠯᠠᠩᠬᠢ ᠪᠠᠭ᠍ᠰᠢ ᠢ᠋ᠢᠨ ᠨᠡᠢᠳᠡᠯᠢᠭ ᠬᠡᠯᠡ ᠨᠢ ᠬᠤᠶᠠᠳᠤᠭᠠᠷ ᠲᠡᠰ ᠤ᠋ᠨ ᠬᠦᠬᠡᠭᠴᠢᠨ ᠵᠢᠴᠢ ᠬᠤᠶᠠᠳᠤᠭᠠᠷ ᠲᠡᠰ᠎ᠤᠨ ᠬᠦᠭᠡᠭᠴᠢᠨ ᠡᠴᠡ ᠳᠡᠭᠡᠭ᠌ᠰᠢᠬᠢ ᠲᠦᠪᠱᠢᠨ᠎ᠳᠦ ᠬᠦᠷᠴᠦ᠍᠂ ᠨᠡᠢᠲᠡᠯᠢᠭ ᠬᠡᠯᠡᠨ᠎ᠦ ᠪᠠᠷᠢᠮᠵᠢᠶ᠎ᠠ᠂ ᠬᠢᠴᠢᠶᠡᠯ ᠤ᠋ᠨ ᠲᠠᠩᠬᠢᠮ᠎ᠤᠨ ᠬᠡᠷᠡᠭ᠌ᠯᠡᠭᠡᠨ᠎ᠦ ᠬᠡᠯᠡ ᠨᠢ ᠪᠣᠯᠪᠠᠰᠤᠨ ᠪᠥᠭᠡᠳ ᠵᠢᠷᠤᠮᠵᠢᠭᠤᠨ᠂ ᠰᠠᠮᠪᠠᠷ᠎ᠠ ᠢ᠋ᠢᠨ ᠪᠢᠴᠢᠯᠬᠡ ᠨᠢ ᠭᠣᠶᠣ ᠰᠠᠢᠬᠠᠨ ᠪᠤᠯᠵᠦ᠂ ᠰᠤᠷᠤᠭ᠍ᠴᠢᠳ ᠲᠦ᠍ ᠮᠠᠰᠢ ᠰᠠᠢᠨ ᠬᠥᠲᠥᠯᠥᠨ ᠳᠠᠭᠠᠭᠤᠯᠬᠤ ᠪᠠ ᠵᠢᠱ᠌ᠢᠶ᠎ᠡ ᠦᠵᠡᠭᠦᠯᠬᠦ᠌ ᠦᠢᠯᠡᠳᠦᠯ ᠦᠵᠡᠬᠦᠯᠵᠤ ᠪᠠᠢᠨ᠎ᠠ》 ᠭᠡᠵᠦ᠍ ᠱᠢᠩ ᠱᠦ᠍ ᠲᠢᠩ ᠶᠠᠷᠢᠵᠤ ᠪᠡᠢᠯ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面