2023-12-06 11:46:12
ᠣᠳᠣᠬᠠᠨ᠎ᠳᠤ ᠂ ᠬᠥᠬᠡᠬᠣᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ᠎ᠳᠤ ᠪᠠᠭ᠍ᠰᠢ ᠨᠠᠷᠦᠪᠡᠷᠰᠡᠳ ᠵᠢᠡᠨ ᠰᠤᠷᠤᠯᠴᠠᠬᠤ ᠨᠢ ᠨᠢᠭᠡᠨᠲᠡ ᠱᠢᠨ᠎ᠡ ᠬᠡᠪ ᠵᠠᠩᠰᠢᠯ ᠪᠣᠯᠵᠠᠢ᠃ ᠪᠠᠭ᠍ᠰᠢ᠎ᠨᠠᠷ ᠬᠤᠪᠢ ᠬᠥᠮᠦᠨ᠎ᠦ ᠪᠠᠭᠤᠷᠠᠶ ᠲᠠᠯ᠎ᠠ᠎ᠪᠠᠨ ᠦᠨᠳᠦᠰᠦᠯᠡᠨ ᠰᠤᠷᠤᠯᠴᠠᠬᠤ ᠲᠥᠯᠥᠪᠯᠡᠭᠡ ᠲᠣᠭ᠍ᠲᠠᠭᠠᠵᠤ᠂ ᠥᠪᠡᠷ ᠥᠪᠡᠷ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ᠎ᠪᠠᠨ ᠢᠳᠡᠪᠬᠢᠲᠡᠶ ᠳᠡᠭᠡᠭ᠌ᠰᠢᠯᠡᠭᠦᠯᠦᠨ᠎ᠡ᠃
《ᠮᠢᠨᠦ ᠦᠵᠡᠭᠰᠡᠨ ᠨᠣᠮ ᠪᠢᠴᠢᠭ᠎ᠦᠨ ᠬᠦᠷᠢᠶ᠎ᠡ ᠬᠡᠪᠴᠢᠶ᠎ᠡ ᠬᠢᠵᠠᠭᠠᠷ᠎ᠲᠠᠶ᠂ ᠪᠢᠳᠡ ᠬᠠᠷᠠᠭ᠎ᠠ ᠪᠠᠨ ᠥᠷᠭᠡᠳᠭᠡᠬᠦ᠌ ᠴᠢᠬᠤᠯᠠᠲᠠᠶ ᠂ ᠡᠢᠨ ᠬᠥ᠌ ᠱᠠᠲᠤ ᠦᠶᠡᠴᠢ ᠴᠢᠨᠠᠷᠲᠠᠶ ᠨᠣᠮ ᠤᠩᠱᠢᠬᠤ ᠲᠥᠯᠥᠪᠯᠡᠭᠡ ᠲᠣᠭ᠍ᠲᠠᠭᠠᠪᠠ᠃ ᠦᠨᠡᠨ᠎ᠳᠡᠭᠡᠨ ᠬᠠᠮᠲᠤ ᠠᠵᠢᠯᠲᠠᠳ ᠪᠦᠷ ᠬᠠᠨᠳᠤᠯᠭᠠᠲᠤ ᠴᠢᠨᠠᠷᠲᠠᠶ᠎ᠪᠠᠷ ᠰᠤᠷᠤᠯᠴᠠᠵᠦ ᠪᠠᠢᠨ᠎ᠠ᠂ ᠮᠠᠰᠢ ᠣᠯᠠᠨ ᠬᠡᠯᠡ ᠪᠢᠴᠢᠭ᠎ᠦᠨ ᠪᠠᠭ᠍ᠰᠢ ᠡᠳᠦᠷ ᠪᠦᠷᠢ ᠵᠢᠭᠠᠬᠤ ᠮᠠᠲ᠋ᠧᠷᠢᠶᠠᠯ ᠤᠩᠱᠢᠬᠤ᠂ ᠰᠣᠨᠢᠨ ᠮᠡᠳᠡᠭᠡ ᠤᠩᠱᠢᠬᠤ ᠳᠠᠳᠭᠠᠯ᠎ᠲᠠᠶ ᠪᠠᠢᠳᠠᠭ ᠁》ᠭᠡᠵᠦ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠪᠦᠦ ᠣᠶᠤᠨ ᠲᠠᠨᠢᠯᠴᠠᠭᠤᠯᠤᠯ᠎ᠠ᠃ ᠲᠡᠬᠦᠨ ᠤ ᠲᠠᠨᠢᠯᠴᠠᠭᠤᠯᠤᠭᠰᠠᠨ ᠵᠢᠡᠷ᠂ ᠪᠠᠭ᠍ᠰᠢ᠎ᠨᠠᠷ ᠰᠠᠨᠠᠭᠠᠴᠢᠯᠠᠭ᠎ᠠ᠎ᠠᠴᠠ᠎ᠪᠠᠨ ᠡᠯ᠎ᠡ ᠵᠦᠶ᠋ᠯ᠎ᠦᠨ ᠠᠷᠭ᠎ᠠ ᠬᠡᠯᠪᠡᠷᠢ᠎ᠪᠡᠷ ᠮᠡᠷᠭᠡᠵᠢᠯ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠷᠠᠲᠤ ᠰᠤᠷᠭᠠᠭᠤᠯᠢ ᠵᠢᠴᠢ ᠪᠥᠬᠥ᠌ ᠤᠯᠤᠰ᠎ᠤᠨ ᠨᠠᠷᠠᠲᠤ ᠪᠠᠭ᠍ᠰᠢ᠎ᠶ᠋ᠢᠨ ᠱᠢᠯᠢᠳᠡᠭ ᠵᠢᠭᠠᠨ ᠰᠤᠷᠭᠠᠯᠲᠠ᠎ᠪᠡᠷ ᠪᠠᠷᠢᠮᠵᠢᠶᠠᠯᠠᠵᠤ《ᠦᠴᠦᠭᠡᠨ ᠴᠸ᠋ ᠤᠷᠬᠢᠭᠳᠠᠭᠤᠯᠬᠤ ᠦᠭᠡᠢ᠂ ᠨᠢᠭᠡ ᠵᠢ ᠴᠸ᠋ ᠤᠷᠬᠢᠭᠳᠠᠭᠤᠯᠵᠤ ᠪᠤᠯᠬᠤ ᠦᠭᠡᠢ》 ᠬᠠᠷᠠᠯᠲᠠ᠎ᠶ᠋ᠢ ᠴᠢᠷᠮᠠᠢᠨ ᠪᠡᠶᠡᠯᠡᠭᠦᠯᠵᠦ᠍ ᠪᠠᠢᠨ᠎ᠠ᠃ ᠲᠡᠷᠢᠭᠦᠨ᠎ᠦ ᠣᠨᠣᠯ᠂ ᠵᠢᠭᠠᠨ ᠰᠤᠷᠭᠠᠬᠤ ᠠᠷᠭ᠎ᠠ᠎ᠶ᠋ᠢ ᠰᠤᠷᠤᠯᠴᠠᠬᠤ᠎ᠶ᠋ᠢᠨ ᠬᠠᠮᠲᠤ᠂ ᠪᠠᠭ᠍ᠰᠢ᠎ᠨᠠᠷ ᠵᠢᠭᠠᠨ ᠰᠤᠷᠭᠠᠯᠲᠠ᠎ᠶ᠋ᠢᠨ ᠪᠣᠳᠠᠲᠤ ᠪᠠᠢᠳᠠᠯ᠎ᠳᠤ ᠪᠠᠨ ᠰᠠᠭᠤᠷᠢᠯᠠᠨ ᠲᠠᠰᠤᠷᠠᠯᠲᠠ ᠥᠬᠡᠶ ᠱᠢᠨ᠎ᠡ᠎ᠶ᠋ᠢ ᠡᠭᠦᠳᠪᠡ᠃ ᠬᠡᠯᠡ ᠪᠢᠴᠢᠭ᠎ᠦᠨ ᠳᠤᠭᠤᠢᠯᠠᠩ᠎ᠤᠨ ᠬᠢᠨ ᠪᠠᠰᠠ ᠰᠤᠷᠭᠠᠭᠤᠯᠢ᠎ᠶ᠋ᠢᠨ《ᠨᠤᠮ᠎ᠤᠨ ᠦᠨᠦᠷ ᠬᠠᠩᠬᠤᠯᠤᠭᠰᠠᠨ ᠰᠤᠷᠭᠠᠭᠤᠯᠢ᠎ᠶ᠋ᠢᠨ ᠬᠦᠷᠢᠶ᠎ᠡ》 ᠭᠡᠬᠦ᠌ ᠨᠣᠮ ᠤᠩᠱᠢᠬᠤ ᠠᠵᠢᠯᠯᠠᠭ᠎ᠠ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍᠂ ᠪᠠᠭ᠍ᠰᠢ᠎ᠶ᠋ᠢᠨ ᠤᠩᠱᠢᠯᠭ᠎ᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠪᠡ ᠭᠡᠵᠡᠢ᠃
《2021 ᠣᠨ᠎ᠤ 3 ᠰᠠᠷ᠎ᠠ᠎ᠡᠴᠡ ᠪᠢ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠨᠢᠭᠡᠳᠦᠭᠡᠷ ᠣᠨ᠎ᠤ ᠬᠣᠶᠠᠷ ᠠᠩᠬᠢ᠎ᠶ᠋ᠢᠨ ᠬᠡᠯᠡ ᠪᠢᠴᠢᠭ᠎ᠢ ᠵᠢᠭᠠᠵᠦ ᠡᠬᠢᠯᠡᠪᠡ᠂ ᠬᠣᠶᠠᠷ ᠵᠢᠯ ᠭᠠᠷᠤᠢ᠎ᠶ᠋ᠢᠨ ᠬᠤᠭᠤᠴᠠᠭᠠᠨ᠎ᠳᠤ ᠬᠡᠦᠬᠡᠳ᠎ᠦᠨ ᠤᠩᠱᠢᠯᠭ᠎ᠠ᠎ᠶ᠋ᠢᠨ ᠲᠦᠪᠱᠢᠨ ᠶᠠᠪᠤᠬᠤ ᠳᠤᠳᠤᠮ ᠳᠡᠭᠡᠭ᠌ᠰᠢᠯᠡᠵᠦ᠍ ᠂ ᠤᠩᠱᠢᠬᠤ ᠳᠤᠷᠠᠲᠠᠢ ᠪᠠᠢᠭ᠍ᠰᠠᠨ᠎ᠠᠴᠠ᠎ᠪᠠᠨ ᠤᠩᠱᠢᠵᠤ ᠴᠢᠳᠠᠬᠤ ᠪᠣᠯᠤᠭ᠍ᠰᠠᠨ ᠪᠠᠢᠨ᠎ᠠ 》 ᠭᠡᠵᠦ ᠠᠩᠬ᠎ᠠ ᠳᠤᠮᠳᠠᠳᠤ᠎ᠶ᠋ᠢᠨ ᠭᠤᠷᠪᠠᠳᠤᠭᠠᠷ ᠣᠨ᠎ᠤ ᠬᠡᠯᠡ ᠪᠢᠴᠢᠭ᠎ᠦᠨ ᠬᠢᠴᠢᠶᠡᠯ ᠪᠡᠯᠡᠳᠭᠡᠬᠦ᠌ ᠳᠤᠭᠤᠢᠯᠠᠩ᠎ᠤᠨ ᠳᠠᠷᠤᠭ᠎ᠠ ᠼᠤᠤ ᠹᠸᠩ ᠱᠢᠶᠠ ᠪᠠᠶᠠᠷᠲᠠᠶ ᠬᠡᠯᠡᠨ᠎ᠡ᠃ ᠡᠨᠡ ᠵᠢᠭᠠᠬᠠᠨ ᠬᠢᠷᠢ ᠪᠦᠲᠦᠮᠵᠢ᠎ᠶ᠋ᠢ ᠣᠯᠤᠭ᠍ᠰᠠᠨ ᠨᠢ ᠬᠡᠯᠡ ᠪᠢᠴᠢᠭ᠎ᠦᠨ ᠳᠤᠭᠤᠢᠯᠠᠩ᠎ᠤᠨ ᠪᠠᠭ᠍ᠰᠢ᠎ᠨᠠᠷ ᠵᠢᠭᠠᠨ ᠰᠤᠷᠭᠠᠬᠤ ᠠᠷᠭ᠎ᠠ ᠬᠡᠯᠪᠡᠷᠢ᠎ᠵᠢᠨ ᠰᠢᠨ᠎ᠡ ᠵᠢ ᠡᠬᠦᠳᠴᠦ᠂ ᠵᠢᠭᠠᠨ ᠰᠤᠷᠭᠠᠬᠤ ᠠᠷᠭ᠎ᠠ᠎ᠪᠠᠨ ᠰᠠᠢᠵᠢᠷᠠᠭᠤᠯᠤᠭ᠍ᠰᠠᠨᠤ ᠦᠷ᠎ᠡ ᠳ᠋ᠦᠩ ᠶᠤᠮ᠃ ᠰᠤᠷᠤᠭ᠍ᠴᠢᠳ᠎ᠢ ᠬᠠᠪᠰᠤᠷᠤᠨ ᠬᠡᠯᠡ ᠪᠢᠴᠢᠭ ᠰᠤᠷᠬᠤ ᠴᠢᠳᠠᠪᠤᠷᠢ᠎ᠶ᠋ᠢ ᠨᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌᠎ᠶ᠋ᠢᠨ ᠲᠥᠯᠥᠭᠡ ᠪᠠᠭ᠍ᠰᠢ᠎ᠨᠠᠷ ᠪᠠᠰᠠ ᠬᠡᠯᠡ ᠪᠢᠴᠢᠭ᠎ᠦᠨ ᠤᠩᠱᠢᠵᠤ ᠣᠢᠯᠠᠭᠠᠬᠤ᠂ ᠵᠣᠬᠢᠶᠠᠨ ᠪᠢᠴᠢᠬᠦ᠌ ᠵᠢᠯᠤᠭᠤᠳᠤᠯᠭ᠎ᠠ ᠵᠡᠷᠭᠡ ᠠᠭᠤᠯᠭ᠎ᠠ᠎ᠶᠢ ᠲᠥᠬᠥᠷᠵᠢᠭᠦᠯᠦᠭ᠌ᠰᠡᠨ ᠪᠠᠢᠨ᠎ᠠ᠃《ᠪᠢ ᠦᠷᠭᠦᠯᠵᠢ ᠤᠷᠠᠨ ᠤᠩᠱᠢᠯᠭ᠎ᠠ᠎ᠶ᠋ᠢᠨ ᠬᠤᠷᠠᠯ᠂ ᠨᠣᠮ ᠤᠩᠱᠢᠭᠰᠠᠨ ᠤᠯᠤᠯᠳᠠ ᠲᠦᠷᠦᠭᠳᠡᠯ ᠵᠢᠡᠨ ᠰᠣᠯᠢᠯᠴᠠᠬᠤ ᠬᠤᠷᠠᠯ᠂ ᠮᠠᠷᠭᠤᠯᠳᠤᠭᠠᠨ ᠦᠷᠨᠢᠬᠦᠯᠬᠦ ᠵᠡᠷᠭᠡ ᠠᠵᠢᠯᠯᠠᠭ᠎ᠠ᠎ᠶᠢ ᠵᠤᠬᠢᠶᠠᠨ ᠪᠠᠢᠭᠤᠯᠵᠦ᠂ ᠰᠤᠷᠤᠭ᠍ᠴᠢᠳ᠎ᠤᠨ ᠬᠡᠯᠡ ᠪᠢᠴᠢᠭ ᠰᠤᠷᠬᠤ ᠤᠷᠮ᠎ᠠ ᠵᠤᠷᠢᠭ᠎ᠢ ᠬᠦᠭᠵᠢᠭᠡᠳᠡᠭ᠃ ᠪᠠᠰᠠ ᠴᠢᠳᠠᠬᠤ᠎ᠶ᠋ᠢᠨ ᠬᠢᠷᠢ᠎ᠪᠡᠷ ᠰᠤᠷᠤᠭ᠍ᠴᠢᠳ᠎ᠢᠶᠠᠷ ᠢᠯᠡᠭᠦᠬᠡᠨ ᠦᠶ᠋ᠯᠡᠳᠦᠯᠭᠡ᠎ᠶ᠋ᠢᠨ ᠠᠵᠢᠯᠯᠠᠭ᠎ᠠ ᠬᠢᠯᠭᠡᠨ᠎ᠡ᠃ ᠰᠤᠷᠤᠭᠴᠢᠳ ᠥᠪᠡᠷ᠎ᠢᠶᠡᠨ ᠰᠡᠳᠦᠪ ᠰᠣᠩᠭᠣᠵᠤ᠂ ᠥᠪᠡᠷ᠎ᠢᠶᠡᠨ ᠰᠤᠷᠪᠤᠯᠵᠢᠯᠠᠭ᠎ᠠ᠎ᠶ᠋ᠢᠨ ᠲᠣᠪᠴᠢ ᠪᠢᠴᠢᠵᠦ᠍᠂ ᠥᠪᠡᠷ᠎ᠢᠶᠡᠨ ᠨᠠᠢᠷᠠᠭᠤᠯᠵᠤ᠂ ᠪᠦᠲᠦᠭᠡᠯ᠎ᠢᠶᠡᠨ ᠬᠠᠮᠲᠤ ᠰᠤᠷᠤᠭ᠍ᠴᠢᠳ᠎ᠲᠠᠶ᠎ᠪᠠᠨ ᠬᠤᠪᠢᠶᠠᠯᠴᠠᠬᠤ᠎ᠶ᠋ᠢᠨ ᠬᠠᠮᠲᠤ ᠪᠦᠬᠦ ᠣᠨ᠎ᠳᠤ ᠨᠡᠪᠲᠡᠷᠡᠭᠦᠯᠭᠡ ᠬᠢᠨ᠎ᠠ᠃ ᠦᠢᠯᠡᠳᠦᠯᠭᠡ᠎ᠶ᠋ᠢᠨ ᠳᠤᠮᠳᠠ ᠰᠤᠷᠤᠭᠴᠢᠳ ᠬᠡᠯᠡ ᠪᠢᠴᠢᠭ᠎ᠢ ᠰᠠᠢᠳᠤᠷ ᠰᠤᠷᠤᠯᠴᠠᠬᠤ᠎ᠶ᠋ᠢᠨ ᠰᠠᠢ᠌ᠨᠳᠠᠢ ᠲᠠᠯ᠎ᠠ᠎ᠶ᠋ᠢ ᠦᠨᠡᠨ ᠬᠦ᠌ ᠮᠡᠳᠡᠷᠡᠵᠦ᠂ ᠡᠬᠦᠨ᠎ᠤ ᠤᠯᠠᠮ ᠵᠢᠡᠷ ᠰᠤᠷᠤᠯᠴᠠᠯᠭ᠎ᠠ᠎ᠪᠠᠨ ᠠᠬᠢᠭᠤᠯᠳᠠᠭ》 ᠭᠡᠵᠦ᠍ ᠼᠤᠤ ᠹᠧᠩ ᠱᠢᠶᠠ ᠬᠡᠯᠡᠪᠡ᠃
《ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠬᠤ᠎ᠨᠢ ᠰᠤᠷᠤᠭ᠍ᠴᠢᠳ᠎ᠤᠨ ᠬᠠᠷᠠᠭ᠎ᠠ᠎ᠶ᠋ᠢ ᠥᠷᠭᠡᠳᠭᠡᠵᠦ᠍᠂ ᠰᠤᠷᠤᠯᠴᠠᠬᠤ ᠴᠢᠳᠠᠪᠤᠷᠢ ᠪᠣᠯᠤᠨ ᠬᠡᠯᠡᠵᠦ ᠢᠯᠡᠳᠭᠡᠬᠦ᠌ ᠴᠢᠳᠠᠪᠤᠷᠢ ᠵᠢᠴᠢ ᠬᠥᠮᠦᠰ᠎ᠦᠨ ᠬᠣᠭᠣᠷᠣᠨᠳᠣᠬᠢ ᠬᠠᠷᠢᠯᠴᠠᠭᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠠᠱᠢᠭ᠍ᠲᠠᠶ ᠪᠠᠢᠵᠤ᠂ ᠰᠤᠷᠤᠭ᠍ᠴᠢᠳ᠎ᠤᠨ ᠬᠣᠢᠱᠢᠳᠠ᠎ᠶ᠋ᠢᠨ ᠠᠵᠢᠯ ᠮᠡᠷᠭᠡᠵᠢᠯ᠎ᠦᠨ ᠬᠥᠭ᠌ᠵᠢᠯᠲᠡ ᠪᠣᠯᠤᠨ ᠨᠡᠢᠭᠡᠮ᠎ᠦᠨ ᠬᠠᠷᠢᠯᠴᠠᠭ᠎ᠠ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭ᠌ᠬᠦ ᠪᠣᠯᠤᠨ᠎ᠠ᠃ ᠲᠡᠮᠦᠷ ᠳᠠᠪᠲᠠᠬᠤ᠎ᠳᠤ ᠦᠪᠡᠰᠦᠪᠡᠨ ᠬᠠᠳᠠᠭᠤ ᠪᠠᠢᠬᠤ ᠬᠡᠷᠡᠭ᠌ᠲᠡᠶ᠂ ᠡᠢᠮᠦ᠍᠎ᠡᠴᠡ ᠪᠢᠳᠡ ᠪᠠᠭ᠍ᠰᠢ᠎ᠶ᠋ᠢᠨ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠬᠤ᠎ᠶ᠋ᠢ ᠣᠨᠴᠠᠭᠠᠢᠯᠠᠨ ᠴᠢᠬᠤᠯᠠᠴᠢᠯᠠᠬᠰᠠᠨ ᠪᠦᠭᠡᠳ ᠪᠠᠰᠠ ᠢᠯᠡᠳᠲᠡ ᠦᠷ᠎ᠡ ᠪᠦᠲᠦᠮᠵᠢ ᠣᠯᠤᠭ᠍ᠰᠠᠨ ᠪᠠᠢᠨ᠎ᠠ》 ᠭᠡᠵᠦ᠍ ᠬᠥᠬᠡᠬᠣᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ᠎ᠶ᠋ᠢᠨ ᠳᠡᠳ᠋ ᠵᠠᠬᠢᠷᠤᠯ ᠰᠦᠨ ᠶᠤᠸᠠᠢ ᠳ᠋ᠦᠩ ᠬᠡᠯᠡᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃