ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-12-07 09:59:01

ᠵᠣᠬᠢᠶᠠᠭ᠍ᠴᠢ᠄ ᠵᠦ᠍ ᠶᠤᠸᠠᠨ ᠯᠢ ᠣᠩᠱᠢᠭ᠍ᠰᠠᠨ ᠣᠳᠠᠭ᠎ᠠ᠄ 3

《ᠬᠦᠨᠳᠦᠲᠦ ᠵᠣᠴᠢᠳ᠂ ᠬᠠᠢᠷᠠᠲᠤ ᠮᠠᠯᠴᠢᠨ ᠨᠥᠬᠥᠳ ᠡ᠂ ᠲᠠ᠎ᠨᠠᠷ᠎ᠲᠤ ᠦᠳᠡ᠎ᠶ᠋ᠢᠨ ᠬᠤᠢᠨᠠᠬᠢ ᠮᠡᠨᠳᠦ ᠲᠡᠪᠰᠢᠭᠦᠯᠦᠶ᠎ᠡ᠂ ᠦᠨᠦᠳᠦᠷ ᠱᠢᠯᠢ᠎ᠶ᠋ᠢᠨ ᠭᠤᠤᠯ ᠠᠢᠮᠠᠭ᠎ᠤᠨ ᠤᠯᠠᠭᠠᠨᠮᠥ᠋ᠴᠢᠷ ᠪᠣᠯᠤᠨ ᠱᠢᠯᠢᠩᠬᠣᠲᠠ᠎ᠶ᠋ᠢᠨ ᠤᠯᠠᠭᠠᠨᠮᠥ᠋ᠴᠢᠷ ᠡᠨᠳᠡ ᠢᠷᠡᠵᠦ᠍᠂ ᠤᠮᠠᠷᠠᠲᠤ ᠬᠢᠯᠢ᠎ᠶ᠋ᠢᠨ ᠰᠣᠶᠣᠯ᠎ᠢ ᠪᠠᠳᠠᠷᠠᠭᠤᠯᠵᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠦᠶ᠋ᠯᠡᠴᠢᠯᠡᠬᠦ᠌ ᠪᠥᠬᠥ᠌ ᠣᠷᠣᠨ᠎ᠤ ᠤᠯᠠᠭᠠᠨᠮᠥ᠋ᠴᠢᠷ᠎ᠦᠨ 〈 ᠰᠤᠷᠤᠯᠴᠠᠬᠤ· ᠵᠣᠬᠢᠶᠠᠨ ᠪᠦᠲᠦᠭᠡᠬᠦ᠌· ᠲᠤᠭᠯᠠᠬᠤ〉 ᠱᠢᠨ᠎ᠡ ᠪᠦᠲᠦᠭᠡᠯ᠎ᠦᠨ ᠦᠵᠡᠬᠦᠯᠭᠡ ᠵᠢᠨ ᠲᠣᠭ᠍ᠯᠠᠯᠲᠠ ᠥᠷᠨᠢᠭᠦᠯᠬᠦ᠌ ᠪᠣᠯᠤᠨ᠎ᠠ ᠁》

ᠡᠨᠡ ᠵᠢᠯ 39 ᠨᠠᠰᠤᠲᠠᠢ ᠠᠯᠢᠮ᠎ᠠ ᠤᠷᠤᠰᠤᠮ᠎ᠠ ᠰᠠᠢᠬᠠᠨ ᠪᠠᠷᠢᠮᠵᠢᠶ᠎ᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠱᠢᠯᠢᠩᠬᠣᠲᠠ᠎ᠶ᠋ᠢᠨ ᠪᠤᠯᠠᠭᠠᠨ ᠰᠤᠮᠤᠨ᠎ᠳᠤ ᠲᠤᠬᠠᠢ᠎ᠶ᠋ᠢᠨ ᠲᠠᠯᠠᠪᠠᠢ᠎ᠵᠢᠨ ᠲᠣᠭ᠍ᠯᠠᠯᠲᠠ᠎ᠵᠢ ᠬᠦᠳᠦᠯᠦᠨ᠎ᠡ᠃ 17 ᠵᠢᠯ ᠠᠵᠢᠯᠯᠠᠭ᠍ᠰᠠᠨ ᠤᠯᠠᠭᠠᠨᠮᠥ᠋ᠴᠢᠷ᠎ᠦᠨ ᠲᠣᠭ᠍ᠯᠠᠭ᠍ᠴᠢ ᠪᠣᠯᠤᠭ᠍ᠰᠠᠨ᠎ᠤ ᠬᠤᠪᠢ᠎ᠳᠤ ᠲᠤᠭᠯᠠᠯᠲᠠ᠎ᠶᠢᠨ ᠲᠠᠢᠰᠠ ᠨᠢ ᠲᠡᠭᠦᠨ᠎ᠦ ᠡᠷᠳᠡᠮ ᠴᠢᠳᠠᠪᠤᠷᠢ᠎ᠪᠠᠨ ᠪᠠᠳᠠᠷᠠᠭᠤᠯᠬᠤ ᠲᠠᠪᠴᠠᠩ ᠪᠤᠯᠤᠭᠰᠠᠨ ᠪᠠᠢᠨ᠎ᠠ᠃ ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠣᠷᠳᠣ᠎ᠶ᠋ᠢᠨ ᠳᠠᠭᠤᠤ᠎ᠶ᠋ᠢᠨ ᠲᠤᠰᠭᠠᠶ ᠮᠡᠷᠭᠡᠵᠢᠯ᠎ᠡᠴᠡ ᠲᠡᠭᠦᠰᠦᠭ᠌ᠰᠡᠨ ᠲᠡᠷᠡ ᠪᠡᠷ ᠬᠠᠷᠠᠬᠠᠨ ᠪᠠᠭ᠎ᠠ᠎ᠠᠴᠠ᠎ᠪᠠᠨ ᠳᠠᠭᠤᠤ ᠬᠥᠭ᠌ᠵᠢᠮ᠎ᠳᠦ ᠤᠨᠴᠠ᠎ᠶᠢᠨ ᠪᠠᠬᠠᠲᠠᠢ ᠪᠠᠢᠭᠰᠠᠨ ᠪᠤᠯ ᠤᠯᠠᠭᠠᠨᠮᠥ᠋ᠴᠢᠷ ᠲᠡᠭᠦᠨ᠎ᠳᠦ ᠬᠦᠰᠡᠯ ᠵᠡᠭᠦᠳᠦ᠍᠎ᠪᠡᠨ ᠪᠡᠶᠡᠯᠡᠭᠦᠯᠬᠦ᠌ ᠲᠣᠬᠢᠶᠠᠯ ᠣᠯᠭᠣᠭ᠍ᠰᠠᠨ᠎ᠢᠶᠠᠷ ᠪᠠᠷᠠᠬᠤ ᠥᠬᠡᠶ ᠪᠠᠰᠠ ᠲᠡᠭᠦᠨ ᠎ᠢ ᠨᠢᠭᠡ ᠳ᠋ᠤ ᠮᠡᠷᠭᠡᠰᠢᠵᠦ ᠤᠯᠠᠨ ᠳ᠋ᠤ ᠴᠠᠭᠠᠷᠠᠭᠰᠠᠨ《ᠬᠤᠪᠢᠰᠭᠠᠯᠲᠤ ᠤᠳᠭ᠎ᠠ ᠤᠷᠠᠯᠢᠭ ᠎ᠤᠨ ᠬᠥᠩᠭᠡᠨ ᠮᠣᠷᠢᠲᠤ ᠴᠡᠷᠢᠭ》ᠪᠣᠯᠭᠠᠨ ᠬᠥᠮᠦᠵᠢᠭᠦᠯᠪᠡ᠃ ᠲᠡᠷᠡ ᠪᠠᠭ᠎ᠠ ᠰᠤᠷᠭᠠᠭᠤᠯᠢ ᠎ᠠᠴᠠ ᠪᠠᠨ ᠡᠬᠢᠯᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠢ ᠰᠤᠷᠤᠯᠴᠠᠭᠰᠠᠨ ᠵᠢᠡᠷ ᠤᠯᠠᠭᠠᠨᠮᠦᠴᠢᠷ᠎ᠤᠨ ᠬᠥᠲᠥᠯᠥᠭ᠌ᠴᠢ ᠪᠣᠯᠬᠤ ᠵᠠᠪᠱᠢᠶᠠᠨ᠎ᠲᠠᠶ ᠪᠣᠯᠤᠭᠰᠠᠨ ᠠᠵᠢ᠃

《 ᠤᠯᠠᠭᠠᠨᠮᠥ᠋ᠴᠢᠷ᠎ᠲᠸ᠋ ᠢᠷᠡᠭᠡᠳ ᠬᠡᠰᠡᠭ ᠬᠤᠭᠤᠴᠠᠭ᠎ᠠ ᠪᠣᠯᠤᠭ᠍ᠰᠠᠨ᠎ᠤ ᠳᠠᠷᠠᠭ᠎ᠠ ᠣᠯᠠᠨ᠎ᠢᠶᠠᠷ᠎ᠢᠶᠠᠨ ᠮᠢᠨᠦ᠍ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠶᠠᠷᠢᠬᠤ ᠨᠡᠯᠢᠶᠡᠳ ᠵᠦᠭᠡᠷ ᠪᠠᠢᠬᠤ᠎ᠶ᠋ᠢ ᠣᠯᠵᠤ ᠮᠡᠳᠡᠵᠡᠢ᠃ ᠤᠯᠠᠭᠠᠨᠮᠥ᠋ᠴᠢᠷ᠎ᠦᠨ ᠲᠣᠭ᠍ᠯᠠᠭ᠍ᠴᠢ ᠪᠦᠷ ᠨᠢᠭᠡ ᠳ᠋ᠤ ᠮᠡᠷᠭᠡᠰᠢᠵᠦ ᠤᠯᠠᠨ ᠳ᠋ᠤ ᠴᠠᠭᠠᠷᠠᠭᠰᠠᠨ ᠪᠠᠢᠳᠠᠭ᠂ ᠪᠢ ᠡᠨᠡ ᠲᠠᠯ᠎ᠠ᠎ᠶ᠋ᠢᠨ ᠳᠠᠪᠠᠭᠤᠯᠢᠭ ᠵᠢᠡᠨ ᠪᠠᠳᠠᠷᠠᠭᠤᠯᠵᠤ᠂ ᠣᠷᠳᠣ᠎ᠶ᠋ᠢᠨ ᠳᠠᠭᠤᠤ ᠳᠠᠭᠤᠯᠠᠴᠢᠬᠠᠳᠠᠭ ᠮᠥᠷᠲᠡᠭᠡᠨ ᠪᠠᠰᠠ ᠬᠦᠳᠦᠯᠵᠦ ᠴᠢᠳᠠᠳᠠᠭ ᠶᠡᠷᠦᠩᠬᠡᠢᠯᠡᠭ᠌ᠰᠡᠨ ᠴᠢᠳᠠᠪᠤᠷᠢᠲᠠᠢ ᠲᠣᠭ᠍ᠯᠠᠭ᠍ᠴᠢ ᠪᠣᠯᠤᠭ᠍ᠰᠠᠨ ᠪᠠᠢᠨ᠎ᠠ》 ᠭᠡᠵᠦ᠍ ᠠᠯᠢᠮ᠎ᠠ ᠶᠠᠷᠢᠨ᠎ᠠ᠃

ᠱᠢᠯᠢᠩᠬᠣᠲᠠ᠎ᠶ᠋ᠢᠨ ᠤᠯᠠᠭᠠᠨᠮᠥ᠋ᠴᠢᠷ᠎ᠲᠦ ᠤᠳᠤ 52 ᠭᠡᠱᠢᠭᠦᠨ᠎ᠲᠡᠶ᠂ ᠲᠡᠳᠡ ᠨᠢᠭᠡ ᠨᠢᠭᠡ᠎ᠪᠡᠷ᠎ᠢᠶᠡᠨ ᠪᠦᠷ ᠤᠯᠠᠨ ᠲᠠᠯ᠎ᠠ ᠵᠢᠨ ᠠᠪᠢᠶᠠᠰ ᠴᠢᠳᠠᠪᠤᠷᠢ᠎ᠲᠠᠶ᠃ ᠬᠥᠮᠦᠨ ᠪᠣᠯᠭᠠᠨ ᠪᠠᠷᠤᠭ ᠯᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠤᠷᠤᠰᠤᠮ᠎ᠠ ᠰᠠᠢᠬᠠᠨ ᠶᠠᠷᠢᠵᠤ ᠴᠢᠳᠠᠳᠠᠭ᠃ 2007 ᠣᠨ᠎ᠳᠤ ᠤᠯᠠᠭᠠᠨᠮᠥ᠋ᠴᠢᠷ᠎ᠲᠸ᠋ ᠱᠢᠯᠭᠠᠨ ᠤᠷᠤᠭ᠍ᠰᠠᠨ ᠪᠥᠵᠢᠭ᠌ᠴᠢᠨ ᠲᠡᠷᠭᠡᠯ ᠪᠤᠯ ᠲᠡᠳᠡᠨ ᠎ᠤ ᠨᠢᠭᠡ ᠪᠣᠯᠤᠨ᠎ᠠ᠃

《ᠪᠢ ᠤᠯᠠᠭᠠᠨᠮᠥ᠋ᠴᠢᠷ᠎ᠤᠨ ᠪᠥᠵᠢᠭ᠌ᠴᠢᠨ ᠪᠣᠯᠣᠭᠠᠳ16 ᠵᠢᠯ ᠪᠣᠯᠵᠤ ᠪᠠᠢᠨ᠎ᠠ᠃ ᠳᠤᠮᠳᠠᠳᠤ ᠵᠡᠷᠭᠡ᠎ᠶ᠋ᠢᠨ ᠲᠤᠰᠭᠠᠢ ᠮᠡᠷᠭᠡᠵᠢᠯ᠎ᠦᠨ ᠰᠤᠷᠭᠠᠭᠤᠯᠢ᠎ᠳᠤ ᠰᠤᠷᠤᠯᠴᠠᠵᠤ ᠪᠠᠢᠬᠤ ᠳ᠋ᠠᠭᠠᠨ ᠪᠠᠭ᠍ᠰᠢ ᠪᠠ ᠬᠠᠮᠲᠤ ᠨᠥᠬᠥᠳ ᠲᠡᠶ ᠎ᠪᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠶᠠᠷᠢᠵᠦ ᠪᠠᠢᠭᠰᠠᠨ᠃ ᠠᠵᠢᠯ᠎ᠤᠨ ᠭᠠᠷᠤᠭ᠎ᠠ ᠪᠠᠨ ᠠᠪᠤᠭᠰᠠᠨ᠎ᠤ ᠳᠠᠷᠠᠭ᠎ᠠ ᠣᠨᠴᠠᠭᠠᠢᠯᠠᠨ ᠭᠠᠳᠠᠨ᠎ᠠ ᠣᠷᠣᠨ᠎ᠳᠤ ᠣᠴᠢᠵᠤ ᠲᠣᠭ᠍ᠯᠠᠯᠲᠠ ᠭᠠᠷᠭᠠᠬᠤ ᠪᠤᠶᠤ ᠪᠣᠯᠪᠠᠰᠤᠷᠠᠯ ᠬᠢᠬᠦ᠌᠎ᠦᠶ᠎ᠡ ᠳ᠋ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠪᠡᠷ ᠭᠣᠣᠯᠯᠠᠨ ᠡᠷᠬᠢᠯᠡᠬᠦ᠌ ᠲᠠᠯ᠎ᠠ ᠪᠠ ᠦᠵᠡᠭ᠌ᠴᠢᠳ ᠵᠢᠴᠢ ᠪᠠᠭ᠍ᠰᠢ ᠎ᠨᠠᠷ ᠲᠠᠶ ᠮᠠᠰᠢ ᠰᠠᠢ᠌ᠨ ᠤᠢᠯᠠᠭᠠᠯᠴᠠᠵᠦ᠂ ᠦᠵᠡᠭ᠌ᠴᠢᠳ᠎ᠲᠦ ᠨᠡᠩ ᠰᠠᠢ᠌ᠨ ᠦᠢᠯᠡᠴᠢᠯᠡᠬᠦ᠌ ᠎ᠶ᠋ᠢᠨ ᠬᠠᠮᠲᠤ ᠪᠠᠰᠠ ᠥᠪᠡᠷ ᠎ᠢ᠎ᠪᠡᠨ ᠨᠡᠩ ᠰᠠᠢ᠌ᠨ ᠳᠡᠭᠡᠭ᠌ᠰᠢᠯᠡᠭᠦᠯᠵᠦ ᠴᠢᠳᠠᠪᠠ᠃ ᠬᠣᠢᠱᠢᠳᠠ ᠪᠢ ᠪᠠᠰᠠ ᠦᠷᠭᠦᠯᠵᠢᠯᠡᠨ ᠴᠢᠷᠮᠠᠢᠨ ᠰᠤᠷᠤᠯᠴᠠᠵᠤ᠂ ᠤᠯᠠᠮᠵᠢᠯᠠᠯᠲᠤ ᠰᠣᠶᠣᠯ ᠪᠠ ᠦᠨᠳᠦᠰᠦᠲᠡᠨ᠎ᠦ ᠤᠷᠠᠯᠢᠭ᠎ᠢ ᠨᠡᠩ ᠰᠠᠢᠲᠤᠷ ᠤᠯᠠᠮᠵᠢᠯᠠᠨ ᠵᠠᠯᠭᠠᠮᠵᠢᠯᠠᠨ᠎ᠠ》 ᠭᠡᠵᠦ᠍ ᠲᠡᠷᠭᠡᠯ ᠪᠠᠶᠠᠷᠲᠠᠢᠬᠠᠨ ᠶᠠᠷᠢᠪᠠ᠃

《 ᠪᠢ ᠪᠠᠭ᠎ᠠ ᠰᠤᠷᠭᠠᠭᠤᠯᠢ᠎ᠶ᠋ᠢᠨ ᠨᠢᠭᠡᠳᠦᠭᠡᠷ ᠣᠨ᠎ᠠᠴᠠ ᠡᠬᠢᠯᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠶ᠋ᠢ ᠰᠤᠷᠴᠤ᠌᠂ ᠰᠡᠭᠦᠯᠡᠷ ᠨᠢ ᠬᠦᠭᠵᠢᠮ ᠰᠤᠷᠤᠭᠰᠠᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠨᠢ ᠮᠢᠨᠦ᠍ ᠲᠤᠰᠭᠠᠢ ᠮᠡᠷᠭᠡᠵᠢᠯ ᠰᠤᠷᠤᠯᠴᠠᠬᠤ᠎ᠳᠤ ᠮᠠᠰᠢ ᠶᠡᠬᠡ ᠬᠠᠪᠰᠤᠷᠤᠯᠭ᠎ᠠ ᠦᠵᠡᠭᠦᠯᠦᠭ᠌ᠰᠡᠨ᠎ᠢᠶᠡᠷ ᠪᠠᠷᠠᠬᠤ ᠦᠭᠡᠢ ᠪᠠᠰᠠ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠤᠯᠠᠨ ᠰᠠᠢ᠌ᠨ ᠨᠠᠢᠵᠠ᠎ᠲᠠᠶ ᠪᠣᠯᠭᠠᠵᠠᠢ》 ᠭᠡᠵᠦ᠍ ᠬᠥᠭ᠌ᠵᠢᠮᠴᠢᠨ ᠪᠦᠦ ᠯᠦ᠍ ᠬᠡᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面