2023-12-24 12:14:29
ᠰᠢᠯᠢᠡᠭᠬᠤᠳᠠ ᠵᠢᠨ ᠶᠢᠰᠦᠳᠤᠭᠡᠷ ᠪᠠᠭ᠎ᠠ ᠰᠤᠷᠭᠠᠭᠤᠯᠢ ᠵᠢᠨ ᠬᠤᠶᠠᠳᠤᠭᠠᠷ ᠤᠨ᠎ᠤ ᠪᠢᠴᠢᠬᠠᠨ ᠰᠤᠷᠤᠭᠴᠢᠳ᠎ᠤᠨ ᠦᠱᠦ ᠵᠢᠨ ᠬᠦᠳᠡᠯᠦᠯ᠎ᠤᠨ ᠲᠠᠭᠠᠤ ᠮᠢᠡᠭᠭᠠᠨ ᠦᠰᠦᠭ᠎ᠤᠨ ᠰᠢᠯᠦᠭ᠎ᠢ ᠠᠢᠵᠠᠮ ᠬᠦᠭ ᠲᠠᠢ ᠤᠡᠭᠰᠢᠬᠤ ᠨᠢ ᠤᠷᠮ᠎ᠠ ᠪᠠᠬ᠎ᠠ ᠵᠢ ᠲᠠᠳᠠᠵᠤ᠂ ᠦᠰᠪᠦᠷᠢ ᠵᠢᠨ ᠪᠠᠭᠠᠴᠤᠳ᠎ᠤᠨ ᠴᠤᠭ ᠵᠤᠯᠪᠤᠭ᠎ᠠ ᠪᠠᠳᠠᠷᠠᠵᠦ ᠪᠠᠢᠯ᠎ᠠ᠃
《ᠦᠱᠦ᠍ ᠪᠣᠯ ᠮᠠᠨ᠎ᠤ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠳᠤ ᠰᠤᠶᠤᠯ ᠮᠦᠨ᠂ ᠮᠢᠩᠭᠠᠨ ᠦᠰᠦᠭ᠎ᠤᠨ ᠰᠢᠯᠦᠭ ᠴᠦ᠍ ᠮᠠᠨ᠎ᠤ ᠤᠯᠤᠰ᠎ᠤᠨ ᠰᠣᠩᠭᠣᠳᠠᠭ ᠪᠢᠴᠢᠭ ᠪᠤᠯᠤᠨ᠎ᠠ᠂ ᠦᠱᠦ᠍ ᠪᠣᠯᠤᠨ ᠤᠯᠠᠮᠵᠢᠯᠠᠯᠲᠤ ᠰᠣᠶᠣᠯ᠎ᠢ ᠤᠶᠠᠯᠳᠤᠭᠤᠯᠬᠤ ᠨᠢ ᠬᠡᠦᠬᠡᠳᠦᠳᠪᠡᠶᠡ ᠮᠠᠬᠠᠪᠣᠳ ᠵᠢᠡᠨ ᠴᠢᠨᠭᠭᠠᠷᠠᠭᠤᠯᠬᠤ ᠪᠡᠷ ᠪᠠᠷᠠᠬᠤ ᠦᠭᠡᠢ ᠮᠤᠷᠠᠯ ᠰᠤᠷᠳᠠᠯ ᠬᠤᠤᠰᠯᠠᠭᠰᠠᠨ ᠬᠦᠭᠡᠷᠦᠬᠦᠨ ᠴᠤᠪᠤᠭᠤ ᠪᠠᠭᠠᠴᠤᠳ ᠪᠤᠯᠤᠨ ᠬᠦᠮᠦᠵᠢᠭᠳᠡᠵᠦ ᠪᠤᠯᠤᠨ᠎ᠠ》 ᠭᠡᠵᠦ᠍ ᠱᠢᠯᠢᠩᠬᠣᠲᠠ᠎ᠶ᠋ᠢᠨ ᠶᠢᠰᠦᠳᠦᠭᠡᠷ ᠪᠠᠭ᠎ᠠ ᠰᠤᠷᠭᠠᠭᠤᠯᠢ᠎ᠶ᠋ᠢᠨ ᠦᠱᠦ᠍ ᠨᠢᠳᠤᠷᠭ᠎ᠠ ᠵᠢᠨ ᠨᠡᠢᠭᠡᠮᠯᠢᠭ᠎ᠦᠨ ᠪᠠᠭ᠍ᠰᠢ ᠵᠠᠩ ᠴᠤᠤ ᠰᠤᠷᠪᠤᠯᠵᠢᠯᠠᠭ᠎ᠠ ᠬᠦᠯᠢᠶᠡᠬᠦ ᠳ᠋ᠡᠭᠡᠨ ᠡᠢᠨ ᠬᠦ᠌ ᠶᠠᠷᠢᠯ᠎ᠠ᠃
《ᠪᠠᠭ᠍ᠰᠢ ᠡ᠂ ᠲᠠ ᠦᠵᠡᠭᠡᠴᠢ᠂ ᠮᠢᠨᠦ᠍ ᠡᠨᠡ ᠤᠳᠠᠭ᠎ᠠ ᠵᠢᠨ ᠦᠱᠦ ᠵᠢᠨ ᠬᠦᠳᠡᠯᠦᠯ ᠵᠦᠪ ᠤᠨᠤᠪᠴᠢᠳᠠᠢ ᠪᠦᠭᠡᠳ ᠤᠷᠠᠨ ᠭᠤᠢᠳᠠ ᠪᠠᠢᠨ᠎ᠠ ᠤᠤ ?》 ᠭᠡᠵᠦ ᠬᠣᠶᠠᠳᠤᠭᠠᠷ ᠣᠨ᠎ᠤ ᠪᠢᠴᠢᠬᠠᠨ ᠰᠤᠷᠤᠭᠴᠢ ᠶᠣᠣ ᠵᠢᠶᠠ ᠶᠤᠸᠠᠨ ᠪᠠᠭᠰᠢ ᠡᠴᠡ ᠪᠠᠨ ᠠᠰᠠᠭᠤᠵᠦ ᠭᠠᠷᠤᠯ᠎ᠠ᠃
《〈ᠮᠢᠩᠭᠠᠨ ᠦᠰᠦᠭ᠎ᠤᠨ ᠰᠢᠯᠦᠭ〉 ᠪᠣᠯ ᠮᠠᠨ᠎ᠤ ᠤᠯᠤᠰ᠎ᠤᠨ ᠨᠢᠭᠡᠳᠦᠯᠳᠡᠢ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠣᠩᠭᠣᠳᠠᠭ ᠵᠣᠬᠢᠶᠠᠯ ᠪᠣᠯᠤᠨ᠎ᠠ᠂ ᠬᠡᠦᠬᠡᠳ᠎ᠦᠳ᠎ᠢ ᠨᠡᠩ ᠰᠠᠢ᠌ᠳᠤᠷ ᠴᠡᠭᠡᠵᠢᠯᠡᠭᠦᠯᠬᠦ᠌ ᠵᠢᠨ ᠬᠠᠮᠲᠤ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠦᠷᠦᠯ ᠵᠦᠢᠯ᠎ᠦᠨ ᠬᠦᠯᠢᠶᠡᠰᠦᠯᠡᠯ᠎ᠢ ᠡᠪᠳᠡᠬᠦ᠌᠎ᠶ᠋ᠢᠨ ᠲᠥᠯᠥᠭᠡ ᠪᠢᠳᠡ ᠰᠤᠷᠭᠠᠭᠤᠯᠢ᠎ᠶ᠋ᠢᠨ ᠵᠢᠠᠨ ᠦᠱᠦ ᠵᠢᠨ ᠨᠡᠢᠭᠡᠮᠯᠢᠭᠲᠡᠭᠡᠨ ᠮᠢᠩᠭᠠᠨ ᠦᠰᠦᠭ᠎ᠤᠨ ᠰᠢᠯᠦᠭ ᠪᠤᠯᠤᠨ ᠦᠱᠦ ᠵᠢᠨ ᠲᠠᠮᠢᠷ᠎ᠢ ᠠᠯᠬᠤᠮ ᠠᠯᠬᠤᠮ᠎ᠢᠶᠠᠷ ᠳᠡᠯᠭᠡᠷᠡᠭᠦᠯᠵᠦ᠍᠂ ᠰᠤᠷᠤᠯᠴᠠᠯᠭ᠎ᠠ ᠪᠤᠯᠤᠨ ᠲᠠᠮᠢᠷ᠎ᠤᠨ ᠬᠦᠳᠡᠯᠭᠡᠭᠡᠨ᠎ᠢ ᠤᠶᠠᠯᠳᠤᠭᠤᠯᠵᠠᠢ》 ᠭᠡᠵᠦ᠍ ᠱᠢᠯᠢᠩᠬᠣᠲᠠ᠎ᠶ᠋ᠢᠨ ᠶᠢᠰᠦᠳᠦᠭᠡᠷ ᠪᠠᠭ᠎ᠠ ᠰᠤᠷᠭᠠᠭᠤᠯᠢ᠎ᠶ᠋ᠢᠨ ᠨᠡᠢᠭᠡᠮᠯᠢᠭ᠎ᠦᠨ ᠬᠠᠮᠢᠶᠠᠷᠤᠯᠲᠠ᠎ᠶ᠋ᠢᠨ ᠲᠥᠪ᠎ᠦᠨ ᠡᠷᠬᠢᠯᠡᠭ᠌ᠴᠢ ᠷᠧᠨ ᠬᠤᠢ ᠲᠠᠨᠢᠯᠴᠠᠭᠤᠯᠪᠠ᠃
2014 ᠣᠨ᠎ᠠᠴᠠ ᠨᠠᠭᠠᠰᠢ᠂ ᠱᠢᠯᠢᠩᠬᠣᠲᠠ᠎ᠶ᠋ᠢᠨ ᠶᠢᠰᠦᠳᠦᠭᠡᠷ ᠪᠠᠭ᠎ᠠ ᠰᠤᠷᠭᠠᠭᠤᠯᠢ ᠤᠯᠠᠮᠵᠢᠯᠠᠯᠲᠤ ᠰᠣᠶᠣᠯ᠎ᠢ ᠬᠢᠴᠢᠶᠡᠯᠯᠡᠭᠡ ᠳ᠋ᠤ ᠣᠷᠣᠭᠤᠯᠬᠤ᠎ᠶ᠋ᠢ ᠠᠬᠢᠭᠤᠯᠵᠤ᠂ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠢ ᠡᠳᠦᠷ ᠲᠤᠲᠤᠮ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠪᠥᠬᠥ᠌ ᠶᠠᠪᠤᠴᠠ᠎ᠳᠤ ᠠᠭᠤᠰᠭᠠᠨ᠂ ᠡᠳᠦᠷ ᠪᠦᠷᠢ᠎ᠶ᠋ᠢᠨ 《ᠤᠡᠭᠰᠢᠭᠤ 10 ᠮᠢᠨᠦ᠋ᠲ》᠂ 《ᠬᠢᠴᠢᠶᠡᠯ᠎ᠦᠨ ᠲᠤᠮᠳᠠᠬᠢ 3 ᠮᠢᠨᠦ᠋ᠲ》 ᠂ 《ᠪᠠᠭᠠᠴᠤᠳ᠎ᠤᠨ ᠶᠠᠷᠢᠶᠠᠨ᠎ᠤ ᠲᠠᠪᠴᠠᠩ》᠂ 《ᠤᠯᠤᠰ᠎ᠤᠨ ᠲᠣᠭ᠎ᠤᠨ ᠳᠤᠤᠷᠠᠬᠢ ᠤᠩᠱᠢᠯᠭ᠎ᠠ》 ᠵᠡᠷᠭᠡ ᠣᠯᠠᠨ ᠵᠦᠶ᠋ᠯ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯᠯᠠᠭ᠎ᠠ ᠵᠢᠴᠢ 《ᠪᠡᠬᠡ ᠵᠢᠨ ᠦᠨᠦᠷ᠎ᠲᠡᠶ ᠰᠤᠷᠭᠠᠭᠤᠯᠢ᠎ᠶ᠋ᠢᠨ ᠬᠦᠷᠢᠶ᠎ᠡ》 ᠵᠢᠨ ᠲᠥᠯᠥᠪᠯᠡᠭᠡ᠎ᠳᠦ ᠲᠦᠱᠢᠭ᠌ᠯᠡᠨ᠂ ᠬᠡᠦᠬᠡᠳ᠎ᠦᠨ ᠬᠢᠴᠢᠶᠡᠯ ᠰᠤᠷᠤᠯᠭ᠎ᠠ᠎ᠶ᠋ᠢᠨ ᠠᠮᠢᠳᠤᠷᠠᠯ᠎ᠢ ᠪᠠᠶᠠᠯᠢᠭ᠍ᠵᠢᠭᠤᠯᠬᠤ᠎ᠶ᠋ᠢᠨ ᠬᠠᠮᠲᠤ ᠳᠤᠮᠳᠠᠳᠤ ᠵᠢᠨ ᠤᠯᠠᠮᠵᠢᠯᠠᠯᠲᠤ ᠰᠣᠶᠣᠯ᠎ᠢᠶᠠᠷ ᠰᠤᠷᠤᠭ᠍ᠴᠢᠳ᠎ᠤᠨ ᠰᠡᠳᠭᠢᠯ᠎ᠢ ᠤᠮᠳᠠᠯᠠᠪᠠ᠃
ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠪᠠ ᠬᠥᠭ᠌ᠵᠢᠭᠦᠯᠬᠦ᠌᠎ᠳᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠤᠯ ᠴᠢᠬᠤᠯᠠ ᠠᠴᠢᠶᠠᠯᠠᠪᠤᠷᠢ ᠪᠤᠯᠬᠤ ᠶᠤᠮ᠃ ᠤᠢ᠍ᠢᠷ᠎ᠠ᠎ᠶ᠋ᠢᠨ ᠵᠢᠯ᠎ᠡᠴᠡ ᠱᠢᠯᠢᠩᠬᠣᠲᠠ᠎ᠶ᠋ᠢᠨ ᠶᠢᠰᠦᠳᠦᠭᠡᠷ ᠪᠠᠭ᠎ᠠ ᠰᠤᠷᠭᠠᠭᠤᠯᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠱᠢᠵᠢᠮ ᠪᠣᠯᠭᠠᠵᠤ᠂ ᠰᠤᠷᠭᠠᠭᠤᠯᠢ᠎ᠶ᠋ᠢᠨ ᠬᠦᠷᠢᠶᠡᠨ᠎ᠳᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠢᠳᠡᠪᠬᠢᠲᠡᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠪᠠᠷᠢᠮᠵᠢᠶ᠎ᠠ ᠬᠡᠯᠡ ᠪᠡᠷ ᠶᠠᠷᠢᠵᠦ ᠳᠦᠷᠢᠮᠵᠢᠭ᠌ᠰᠡᠨ ᠦᠰᠦᠭ᠎ᠢ ᠰᠠᠢᠲᠤᠷ ᠪᠢᠴᠢᠵᠦ᠍᠂ ᠭᠠᠷᠠᠭ ᠪᠦᠷᠢ ᠬᠠᠮᠲᠤ᠎ᠪᠠᠷ ᠬᠢᠴᠢᠶᠡᠯ ᠪᠡᠯᠡᠳᠭᠡᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠂ ᠬᠢᠴᠢᠶᠡᠯ᠎ᠦᠨ ᠲᠠᠩᠬᠢᠮ᠎ᠤᠨ ᠦᠢᠯᠡᠳᠦᠯᠭᠡ᠎ᠶ᠋ᠢ ᠭᠦᠨᠵᠡᠭᠡᠢ ᠰᠤᠳᠤᠯᠵᠤ ᠲᠤᠷᠱᠢᠯᠭ᠎ᠠ᠎ᠪᠠᠨ ᠭᠦᠢᠴᠡᠳ ᠳ᠋ᠦᠡᠭᠨᠡᠪᠡ᠃ ᠰᠤᠷᠭᠠᠭᠤᠯᠢ᠎ᠶ᠋ᠢᠨ ᠬᠦᠷᠢᠶᠡᠨ᠎ᠦ ᠤᠷᠠᠨ ᠪᠢᠴᠢᠯᠭᠡ᠎ᠶ᠋ᠢᠨ ᠤᠷᠤᠯᠳᠤᠭᠠᠨ᠂ 《ᠲᠣᠩᠱᠢᠭᠤᠯ ᠠᠵᠢᠯᠯᠠᠭ᠎ᠠ》 ᠰᠠᠮᠪᠠᠷ᠎ᠠ᠎ᠶ᠋ᠢᠨ ᠰᠣᠨᠢᠨ᠎ᠤ ᠠᠭᠤᠯᠭ᠎ᠠ᠎ᠶ᠋ᠢ ᠵᠠᠯᠠᠷᠠᠭᠤᠯᠬᠤ ᠵᠡᠷᠭᠡ ᠱᠢᠨ᠎ᠡ ᠰᠣᠷᠭᠣᠭ ᠬᠡᠯᠪᠡᠷᠢ ᠮᠠᠶᠢᠭ ᠪᠦᠬᠦᠢ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠦᠭᠰᠡᠭᠡᠷ ᠢᠷᠡᠵᠠᠢ᠃ ᠰᠠᠷ᠎ᠠ ᠪᠦᠷᠢ ᠪᠠᠭ᠍ᠰᠢ ᠨᠠᠷ᠎ᠤᠨ ᠤᠣᠠᠶ᠋ᠢᠨ ᠪᠢᠷ᠎ᠦᠨ ᠦᠰᠦᠭ᠎ᠦᠨ ᠦᠵᠡᠭᠦᠯᠭᠡ ᠬᠢᠵᠦ᠂ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠦᠨᠳᠦᠰᠦᠨ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠪᠠ᠃
《〈ᠭᠡᠷ᠎ᠦᠨ ᠰᠤᠷᠲᠠᠯ〉 ᠬᠢᠭᠡᠳ 〈ᠭᠡᠷ᠎ᠦᠨ ᠬᠦᠮᠦᠵᠢᠯ〉 ᠪᠣᠯ ᠮᠠᠨ᠎ᠤ ᠤᠯᠤᠰ᠎ᠤᠨ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠰᠤᠷᠤᠭ᠍ᠴᠢᠳ᠎ᠤᠨ ᠰᠤᠷᠭᠠᠨ ᠬᠥᠮᠦᠵᠢᠯ᠎ᠳᠦ ᠮᠠᠰᠢ ᠴᠢᠬᠤᠯᠠ ᠵᠢᠭᠠᠨ ᠰᠤᠷᠭᠠᠬᠤ ᠠᠴᠢ ᠬᠤᠯᠪᠤᠭᠳᠠᠯ ᠦᠵᠡᠭᠦᠯᠬᠦ᠌ ᠪᠣᠯᠤᠨ᠎ᠠ᠂ ᠳᠠᠷᠠᠭᠠᠴᠢ᠎ᠶ᠋ᠢᠨ ᠠᠯᠬᠤᠮ᠎ᠳᠤ᠂ ᠮᠠᠨ᠎ᠤ ᠰᠤᠷᠭᠠᠭᠤᠯᠢ ᠤᠯᠠᠮᠵᠢᠯᠠᠯᠲᠤ ᠰᠣᠶᠣᠯ᠎ᠢ ᠭᠡᠷ ᠪᠦᠯᠢ᠎ᠶ᠋ᠢᠨ ᠰᠤᠷᠭᠠᠨ ᠬᠥᠮᠦᠵᠢᠯ᠎ᠲᠡᠶ ᠤᠶᠠᠯᠳᠤᠭᠤᠯᠵᠤ᠂ ᠭᠡᠷ ᠪᠦᠯᠢ ᠪᠠ ᠰᠤᠷᠭᠠᠭᠤᠯᠢ ᠬᠠᠮᠲᠤ᠎ᠪᠠᠷ ᠬᠥᠮᠦᠵᠢᠭᠦᠯᠵᠦ᠍᠂ ᠭᠦᠨ ᠳᠠᠪᠬᠤᠷᠭ᠎ᠠ᠎ᠠᠴᠠ ᠤᠯᠠᠮᠵᠢᠯᠠᠯᠲᠤ ᠰᠣᠶᠣᠯ᠎ᠤᠨ ᠤᠯᠠᠮᠵᠢᠯᠠᠯ ᠪᠠ ᠬᠥᠭ᠌ᠵᠢᠯᠲᠡ᠎ᠶ᠋ᠢ ᠠᠬᠢᠭᠤᠯᠬᠤ ᠪᠣᠯᠤᠨ᠎ᠠ》ᠭᠡᠵᠦ᠍ ᠱᠢᠯᠢᠩᠬᠣᠲᠠ᠎ᠶ᠋ᠢᠨ ᠶᠢᠰᠦᠳᠦᠭᠡᠷ ᠪᠠᠭ᠎ᠠ ᠰᠤᠷᠭᠠᠭᠤᠯᠢ᠎ᠶ᠋ᠢᠨ ᠳᠡᠳ᠋ ᠵᠠᠬᠢᠷᠤᠯ ᠵᠠᠩ ᠫᠦ ᠬᠡᠯᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃