ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-12-15 09:57:59

ᠵᠣᠬᠢᠶᠠᠭ᠍ᠴᠢ᠄ ᠸᠠᠩ ᠢᠦᠶ ᠵᠦᠧᠧ᠂ ᠶᠣᠣ ᠷᠦᠢ ᠱᠢᠤᠸᠠᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠡᠮᠦᠨᠡᠬᠡᠨ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠮᠣᠩᠭᠣᠯ ᠦᠨᠳᠦᠰᠦᠲᠡᠨ᠎ᠦ ᠰᠤᠷᠭᠠᠭᠤᠯᠢ᠎ᠳᠤ ᠣᠷᠣᠬᠤ᠎ᠳᠤ᠂ ᠨᠢᠭᠡᠨ ᠠᠮᠢᠳᠤᠯᠢᠭ ᠰᠣᠨᠢᠷᠬᠠᠯᠲᠠᠶ ᠬᠡᠯᠡ ᠪᠢᠴᠢᠭ᠎ᠦᠨ ᠶᠠᠷᠢᠶᠠᠨ᠎ᠤ ᠬᠡᠯᠡᠨ᠎ᠦ ᠬᠠᠷᠢᠯᠴᠠᠭᠠᠨ᠎ᠤ ᠬᠢᠴᠢᠶᠡᠯ ᠶᠠᠭ ᠶᠠᠪᠤᠭ᠍ᠳᠠᠵᠤ ᠪᠠᠢᠯ᠎ᠠ᠂ ᠪᠠᠭ᠍ᠰᠢ᠎ᠶ᠋ᠢᠨ ᠳᠠᠭᠠᠭᠤᠯᠭ᠎ᠠ ᠳᠤᠤᠷ᠎ᠠ᠂ ᠰᠤᠷᠤᠭ᠍ᠴᠢᠳ ᠥᠪᠡᠷᠰᠡᠳ᠎ᠦᠨ ᠥᠯᠢᠭᠡᠷ᠎ᠢᠶᠡᠨ ᠬᠤᠪᠢᠶᠠᠯᠴᠠᠵᠠᠭᠠᠨ᠎ᠠ᠃ ᠵᠢᠷᠭᠤᠳᠤᠭᠠᠷ ᠣᠨ᠎ᠤ ᠰᠤᠷᠤᠭ᠍ᠴᠢ ᠣᠷᠴᠢᠯᠠᠩ ᠭᠤᠷᠪᠠᠳᠤᠭᠠᠷ ᠣᠨ᠎ᠡᠴᠡ ᠪᠠᠨ ᠡᠬᠢᠯᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠢ ᠥᠷᠭᠡᠨ᠎ᠢᠶᠡᠷ ᠬᠦᠷᠲᠡᠪᠡ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠠᠩᠬ᠎ᠠ ᠰᠤᠷᠬᠤ ᠦᠶ᠎ᠡ᠎ᠳᠦ ᠲᠡᠷᠡ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠥᠪᠡᠷ᠎ᠦᠨ ᠪᠤᠳᠤᠯ᠎ᠢᠶᠠᠨ ᠣᠨᠣᠪᠴᠢᠲᠠᠢ ᠢᠯᠡᠳᠭᠡᠵᠦ᠍ ᠴᠢᠳᠠᠬᠤ ᠦᠭᠡᠢ ᠪᠠᠢᠪᠠ᠃ ᠱᠢᠨᠲᠠᠷᠠᠰᠢ ᠥᠬᠡᠶ ᠴᠢᠷᠮᠠᠢᠯᠭ᠎ᠠ᠎ᠪᠠᠷ ᠳᠡᠮᠵᠢᠨ᠂ ᠣᠲᠣ ᠬᠡᠯᠡ ᠪᠢᠴᠢᠭ᠎ᠦᠨ ᠶᠠᠷᠢᠶᠠᠨ᠎ᠤ ᠬᠡᠯᠡᠨ᠎ᠦ ᠬᠠᠷᠢᠯᠴᠠᠭᠠᠨ᠎ᠤ ᠬᠢᠴᠢᠶᠡᠯ ᠳᠡᠭᠡᠷ᠎ᠡ ᠨᠢᠭᠡᠨᠲᠡ ᠬᠢᠴᠢᠶᠡᠯ᠎ᠦᠨ ᠲᠠᠩᠬᠢᠮ᠎ᠤᠨ ᠭᠤᠤᠯ ᠳᠦᠷᠢ ᠪᠣᠯᠵᠠᠶ᠃

《ᠪᠢ ᠬᠠᠷᠠᠬᠠᠨ ᠪᠠᠭ᠎ᠠ᠎ᠡᠴᠡ᠎ᠪᠠᠨ ᠲᠠᠯᠠᠢ ᠲᠠᠩᠭᠢᠰ᠎ᠤᠨ ᠠᠮᠢᠳᠤ ᠪᠣᠳᠠᠰ᠎ᠤᠨ ᠲᠦᠷᠦᠯ᠎ᠦᠨ ᠨᠣᠮ ᠪᠢᠴᠢᠭ᠎ᠢ ᠨᠡᠯᠢᠶᠡᠳ ᠪᠠᠬᠠᠷᠬᠠᠳᠠᠭ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠡᠵᠡᠮᠱᠢᠭ᠌ᠰᠡᠨ᠎ᠦ ᠲᠠᠷᠠᠭ᠎ᠠ᠂ ᠮᠢᠨᠦ᠍ ᠮᠡᠳᠡᠯᠭᠡ᠎ᠶ᠋ᠢᠨ ᠬᠡᠪᠴᠢᠢ᠎ᠡ ᠤᠯᠠᠮ ᠥᠷᠭᠡᠵᠢᠵᠦ᠍᠂ ᠵᠠᠷᠢᠮ ᠬᠢᠴᠢᠶᠡᠯ᠎ᠦᠨ ᠭᠠᠳᠠᠨᠠᠬᠢ ᠨᠣᠮ ᠪᠢᠴᠢᠭ᠎ᠢ ᠦᠵᠡᠵᠦ᠍ ᠤᠢᠯᠠᠭᠠᠬᠤ ᠪᠤᠯᠵᠤ᠂ ᠬᠠᠷᠠᠭ᠎ᠠ ᠤᠯᠠᠮ ᠥᠷᠭᠡᠵᠢᠵᠠᠢ》 ᠭᠡᠵᠦ᠍ ᠤᠷᠴᠢᠯᠠᠩ ᠪᠠᠶᠠᠷᠲᠠᠶ ᠬᠡᠯᠡᠨ᠎ᠡ᠃

ᠵᠡᠭᠦᠨᠭᠠᠷ ᠬᠣᠱᠢᠭᠤᠨ᠎ᠤ ᠮᠣᠩᠭᠣᠯ ᠦᠨᠳᠦᠰᠦᠲᠡᠨ᠎ᠦ ᠰᠤᠷᠭᠠᠭᠤᠯᠢ᠎ᠶ᠋ᠢᠨ ᠪᠠᠭ᠍ᠰᠢ ᠸᠠᠩ ᠱᠢᠤᠸᠠᠢ ᠰᠤᠷᠪᠤᠯᠵᠢᠯᠠᠭ᠍ᠴᠢ᠎ᠳᠤ᠄《ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠰᠤᠷᠤᠯᠴᠠᠭ᠍ᠰᠠᠨ᠎ᠤ ᠳᠠᠷᠠᠭ᠎ᠠ᠂ ᠤᠷᠴᠢᠯᠠᠩ᠎ᠤᠨ ᠤᠩᠱᠢᠯᠭ᠎ᠠ᠎ᠶ᠋ᠢᠨ ᠬᠢᠷᠢ ᠲᠦᠪᠱᠢᠨ ᠢᠯᠡᠳᠲᠡ ᠳᠡᠭᠡᠭ᠌ᠰᠢᠯᠡᠵᠦ᠍᠂ ᠶᠠᠷᠢᠶᠠᠨ᠎ᠤ ᠬᠡᠯᠡ ᠨᠢ ᠤᠷᠤᠰᠤᠮ᠎ᠠ ᠱᠢᠯᠤᠭᠤᠨ ᠪᠣᠯᠵᠣ᠂ ᠵᠣᠬᠢᠶᠠᠨ ᠪᠢᠴᠢᠬᠦ᠌ ᠴᠢᠳᠠᠪᠤᠷᠢ ᠨᠢ ᠴᠦ᠍ ᠶᠡᠬᠡ᠎ᠪᠡᠷ ᠳᠡᠭᠡᠭ᠌ᠰᠢᠯᠡᠵᠡᠶ᠂ ᠨᠢᠳᠤᠨᠤᠨ ᠲᠡᠷᠡ ᠪᠥᠬᠥ᠌ ᠬᠣᠱᠢᠭᠤᠨ᠎ᠤ ᠵᠣᠬᠢᠶᠠᠨ ᠪᠢᠴᠢᠯᠭᠡ᠎ᠶ᠋ᠢᠨ ᠤᠷᠤᠯᠳᠤᠭᠠᠨ᠎ᠳᠤ ᠬᠣᠶᠠᠳᠤᠭᠠᠷ᠎ᠲᠤ ᠣᠷᠣᠵᠠᠢ》 ᠭᠡᠯ᠎ᠠ᠃

ᠵᠡᠭᠦᠨᠭᠠᠷ ᠬᠣᠱᠢᠭᠤᠨ᠎ᠤ ᠡᠯ᠎ᠡ ᠰᠤᠷᠭᠠᠭᠤᠯᠢ ᠵᠢᠨ ᠬᠢᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ ᠪᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠰᠣᠩᠭᠣᠳᠠᠭ ᠱᠢᠯᠦᠭ ᠪᠢᠴᠢᠭ᠎ᠦᠨ ᠤᠩᠱᠢᠯᠭ᠎ᠠ᠂ ᠬᠡᠪᠰᠢᠮᠡᠯ ᠦᠭᠡᠰ ᠱᠢᠯᠦᠭ ᠳᠠᠭᠤᠯᠠᠯ᠎ᠢ ᠰᠣᠨᠣᠰᠴᠤ᠌ ᠪᠢᠴᠢᠬᠦ᠌᠂ ᠤᠷᠠᠨ ᠪᠢᠴᠢᠯᠭᠡ᠂ ᠨᠣᠮ ᠤᠩᠱᠢᠨ᠎ᠬᠠᠮᠲᠤ ᠪᠠᠷ ᠬᠤᠪᠢᠶᠠᠯᠴᠠᠬᠤ ᠬᠤᠷᠠᠯ ᠵᠡᠷᠭᠡ ᠱᠢᠷᠢᠰ ᠠᠵᠢᠯᠯᠠᠭ᠎ᠠ᠎ᠶ᠋ᠢ ᠥᠷᠨᠢᠭᠦᠯᠵᠦ᠍᠂ ᠳᠤᠮᠳᠠᠳᠤ᠎ᠶ᠋ᠢᠨ ᠬᠡᠯᠡ ᠰᠣᠶᠣᠯ᠎ᠤᠨ ᠷᠢᠳᠢ ᠱᠢᠳᠢ᠎ᠶ᠋ᠢ ᠢᠯᠡᠷᠡᠭᠦᠯᠪᠡ᠃ ᠲᠡᠷᠡᠴᠢᠯᠡᠨ ᠰᠤᠷᠭᠠᠭᠤᠯᠢ ᠶ᠋ᠢᠨ ᠶᠣᠰᠣ ᠰᠤᠷᠲᠠᠬᠤᠨ᠎ᠤ ᠬᠥᠮᠦᠵᠢᠯ᠂ ᠤᠶᠤᠨ᠎ᠤ ᠬᠥᠮᠦᠵᠢᠯ᠂ ᠭᠤᠤ᠎ᠠ ᠰᠠᠢᠬᠠᠨ᠎ᠤ ᠬᠥᠮᠦᠵᠢᠯ ᠲᠡᠶ ᠣᠷᠭᠠᠨᠢᠭ᠎ᠢᠶᠠᠷ ᠠᠭᠤᠰᠤᠯᠴᠠᠭᠤᠯᠵᠤ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠎ᠦᠨ ᠤᠬᠠᠮᠰᠠᠷ ᠪᠣᠯᠤᠨ ᠬᠡᠷᠡᠭ᠌ᠯᠡᠭᠡᠨ᠎ᠦ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠰᠤᠷᠭᠠᠭᠤᠯᠢ᠎ᠶ᠋ᠢᠨ ᠨᠡᠢᠭᠡᠮ᠎ᠳᠦ ᠦᠵᠡᠭᠦᠯᠬᠦ᠌ ᠥᠷᠭᠡᠨ ᠳᠡᠯᠭᠡᠷ ᠨᠥᠯᠥᠭᠡᠯᠡᠬᠦ᠌ ᠦᠢᠯᠡᠳᠦᠯ᠎ᠢ ᠭᠦᠢᠴᠡᠳ ᠪᠠᠳᠠᠷᠠᠭᠤᠯᠵᠠᠢ᠃

ᠣᠢᠷ᠎ᠠ᠎ᠶ᠋ᠢᠨ ᠵᠢᠯ᠎ᠡᠴᠡ ᠨᠠᠭᠠᠰᠢ᠂ ᠵᠡᠭᠦᠨᠭᠠᠷ ᠬᠣᠱᠢᠭᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠦᠭᠡᠮᠡᠯᠵᠢᠯᠲᠡ ᠶ᠋ᠢᠨ ᠬᠡᠮᠵᠢᠶ᠎ᠡ ᠪᠠ ᠶᠠᠰᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃ ᠪᠥᠬᠥ᠌ ᠬᠣᠱᠢᠭᠤᠨ᠎ᠤ ᠨᠠᠮ ᠵᠠᠰᠠᠭ᠎ᠤᠨ ᠪᠠᠢᠭᠤᠯᠭ᠎ᠠ᠂ ᠰᠤᠷᠭᠠᠭᠤᠯᠢ᠂ ᠰᠣᠨᠢᠨ ᠮᠡᠳᠡᠭᠡᠨ᠎ᠦ ᠵᠠᠭᠤᠴᠢᠯᠠᠭᠤᠷ᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠠᠵᠢᠯ ᠲᠥᠷᠥᠯ ᠵᠢᠴᠢ ᠣᠯᠠᠨ ᠨᠡᠢᠲᠡ᠎ᠶ᠋ᠢᠨ ᠲᠤᠨᠤᠭ ᠲᠥᠬᠥᠭᠡᠷᠦᠮᠵᠢ᠎ᠶ᠋ᠢᠨ ᠦᠭᠡ ᠬᠡᠯᠡ ᠥᠰᠥᠭ ᠪᠢᠴᠢᠭ᠎ᠢ ᠳᠦᠷᠢᠮᠵᠢᠭᠦᠯᠦᠨ ᠬᠡᠷᠡᠭ᠌ᠯᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠎ᠳᠤ ᠢᠳᠡᠪᠬᠢᠲᠡᠶ ᠣᠷᠣᠯᠴᠠᠵᠤ᠂ ᠣᠯᠠᠨ ᠬᠦᠷᠢᠶ᠎ᠡ ᠴᠠᠷᠠᠭ᠎ᠠ᠎ᠵᠢ ᠬᠠᠮᠤᠷᠴᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠱᠢᠭ ᠬᠦᠷᠲᠡᠭᠡᠬᠦ᠌ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠪᠡ᠃ ᠤᠯᠠᠨ ᠲᠠᠯ᠎ᠠ᠎ᠶ᠋ᠢᠨ ᠬᠢᠨ ᠬᠣᠯᠪᠣᠭᠠᠯᠠᠨ ᠬᠥᠳᠡᠯᠦᠯᠴᠡᠬᠦ᠌᠎ᠳᠦ ᠣᠷᠣᠯᠴᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠤᠨ ᠬᠠᠮᠲᠤᠷᠠᠯ ᠬᠦᠴᠦᠨ᠎ᠢ ᠭᠦᠢᠴᠡᠳ ᠨᠢᠭ᠍ᠲᠠᠷᠠᠭᠤᠯᠵᠤ᠂ ᠥᠷᠭᠡᠨ᠎ᠢᠶᠡᠷ ᠤᠬᠠᠭᠤᠯᠤᠨ ᠲᠠᠢ᠌ᠴᠢᠯᠠᠵᠥ᠍᠂ ᠤᠯᠠᠨ ᠶᠠᠩᠵᠤ ᠬᠡᠯᠪᠡᠷᠢ᠎ᠶ᠋ᠢᠨ᠂ ᠪᠠᠶᠠᠯᠢᠭ ᠠᠭᠤᠯᠭ᠎ᠠ᠎ᠲᠠᠶ᠂ ᠢᠯᠡ ᠲᠣᠳᠣ ᠣᠨᠴᠠᠯᠢᠭ᠎ᠲᠠᠶ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠦᠨᠡᠨ ᠬᠦ᠌ ᠱᠢᠨ᠎ᠡ ᠠᠮᠵᠢᠯᠲᠠ ᠪᠦᠲᠦᠮᠵᠢ ᠭᠠᠷᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面