2023-12-05 10:11:52
ᠡᠨᠡ ᠵᠢᠯ᠂ ᠬᠠᠢᠯᠠᠷ ᠲᠣᠭᠣᠷᠢᠭ ᠤᠨ ᠮᠣᠩᠭᠣᠯ ᠥᠨᠳᠤᠰᠤᠳᠡᠨ ᠤ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ ᠦᠨ ᠳᠤᠭᠤᠢᠯᠠᠩ ᠤᠨ ᠪᠠᠭ᠍ᠰᠢ᠎ᠨᠠᠷ᠎ᠤᠨ ᠥᠪᠡᠷ᠎ᠢᠶᠡᠨ ᠨᠠᠢᠷᠠᠭᠤᠯᠤᠨ ᠪᠢᠴᠢᠭ᠌ᠰᠡᠨ ᠡᠷᠲᠡᠨ ᠦ ᠱᠢᠯᠦᠭ ᠳᠠᠭᠤᠯᠠᠯ᠎ᠤᠨ ᠺᠠᠷᠲ ᠪᠣᠯᠤᠨ ᠤᠷᠠᠨ ᠪᠢᠴᠢᠯᠭᠡ᠎ᠶ᠋ᠢᠨ ᠦᠰᠦᠭ᠎ᠦᠨ ᠪᠢᠴᠢᠭᠡᠰᠦ᠎ᠵᠢ ᠰᠤᠷᠤᠭ᠍ᠴᠢᠳ ᠪᠤᠯᠢᠶᠠᠯᠳᠤᠨ ᠦᠵᠡᠵᠦ᠍ ᠬᠠᠳᠠᠭᠠᠯᠠᠵᠠᠭᠠᠨᠠ᠃
《ᠪᠠᠭ᠍ᠰᠢ᠎ᠶ᠋ᠢᠨ ᠪᠢᠴᠢᠭᠰᠡᠨ ᠱᠢᠯᠦᠭ ᠳᠠᠭᠤᠯᠠᠯ᠎ᠤᠨ ᠺᠠᠷᠲ ᠪᠣᠯᠤᠨ ᠦᠰᠦᠭ᠎ᠦᠨ ᠪᠢᠴᠢᠭᠡᠰᠦ ᠨᠢ ᠨᠠᠷᠢᠯᠢᠭ ᠰᠠᠢᠬᠠᠨ ᠪᠥᠭᠡᠳ ᠤᠩᠱᠢᠬᠤ᠎ᠳᠤ ᠳᠥᠭᠥᠮ》᠃ ᠰᠤᠷᠤᠭ᠍ᠴᠢ ᠨᠠᠢᠷᠠᠭ ᠡᠷᠲᠡᠨ᠎ᠦ ᠱᠢᠯᠦᠭ ᠳᠠᠭᠤᠯᠠᠯ᠎ᠳᠠᠬᠢ ᠲᠡᠦᠬᠡᠨ ᠦᠯᠢᠭᠡᠷᠲᠦ ᠮᠠᠰᠢ ᠳᠤᠷᠠᠲᠠᠶ ᠪᠠᠢᠵᠤ᠂ ᠱᠢᠯᠦᠭ ᠳᠠᠭᠤᠯᠠᠯ ᠡᠴᠡ ᠪᠤᠯᠵᠤ ᠤᠯᠠᠮᠵᠢᠯᠠᠯᠲᠤ ᠰᠣᠶᠣᠯ᠎ᠳᠤ ᠪᠠᠬᠠᠲᠠᠶ ᠪᠣᠯᠵᠠᠶ᠃
ᠬᠠᠢᠯᠠᠷ ᠲᠣᠭᠣᠷᠢᠭ᠎ᠤᠨ ᠮᠣᠩᠭᠣᠯ ᠥᠨᠳᠤᠰᠤᠳᠡᠨ ᠤ ᠳᠤᠮᠳᠠᠳᠤ ᠰᠤᠷᠭᠠᠭᠤᠯᠢ ᠵᠢᠭᠠᠨ ᠰᠤᠷᠭᠠᠯᠲᠠ᠎ᠶ᠋ᠢᠨ ᠬᠡᠯᠪᠡᠷᠢ᠎ᠪᠡᠨ ᠪᠠᠶᠠᠯᠢᠭ᠍ᠵᠢᠭᠤᠯᠵᠤ᠂ ᠡᠷᠲᠡᠨ᠎ᠦ ᠱᠢᠯᠦᠭ ᠳᠠᠭᠤᠯᠠᠯ᠎ᠤᠨ ᠺᠠᠷᠲ ᠂ ᠰᠡᠳᠭᠢᠬᠦᠢ᠎ᠶ᠋ᠢᠨ ᠤᠳᠤᠷᠢᠳᠭᠠᠯ ᠵᠢᠷᠤᠭ᠂ ᠪᠢᠴᠢᠮᠡᠯ ᠰᠣᠨᠢᠨ ᠪᠠ ᠨᠡᠷ᠎ᠡ ᠲᠣᠮᠢᠶᠠᠨᠤ ᠣᠷᠴᠢᠭᠤᠯᠭ᠎ᠠ᠎ᠶ᠋ᠢᠨ ᠭᠠᠷ ᠠᠪᠤᠯᠭ᠎ᠠ ᠵᠡᠷᠭᠡ᠎ᠶ᠋ᠢ ᠨᠠᠢᠷᠠᠭᠤᠯᠤᠨ ᠵᠣᠬᠢᠶᠠᠵᠤ᠂ ᠤᠷᠠᠨ ᠪᠢᠴᠢᠯᠭᠡᠵᠢᠭᠠᠨ ᠰᠤᠷᠭᠠᠯᠲᠠ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠮᠵᠢ᠎ᠶ᠋ᠢ ᠳᠡᠭᠡᠭ᠌ᠰᠢᠯᠡᠭᠦᠯᠪᠡ᠃ ᠰᠤᠷᠭᠠᠭᠤᠯᠢ ᠨᠢ《ᠪᠢᠴᠢᠭ᠎ᠦᠨ ᠰᠤᠷᠪᠤᠯᠵᠢᠲᠤ ᠰᠤᠷᠭᠠᠭᠤᠯᠢ᠎ᠶ᠋ᠢᠨ ᠬᠦᠷᠢᠶ᠎ᠡ》ᠵᠢᠨ ᠨᠣᠮ ᠤᠩᠱᠢᠬᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠨᠠᠮ᠎ᠤᠨ ᠦᠯᠢᠬᠡᠷ᠎ᠢ ᠶᠠᠷᠢᠵᠤ᠂ ᠰᠣᠩᠭᠣᠳᠠᠭ ᠵᠤᠬᠢᠶᠠᠯ᠎ᠢ ᠤᠯᠠᠮᠵᠢᠯᠠᠨ ᠤᠶᠠᠩᠭᠠᠯᠠᠬᠤ᠂ ᠶᠠᠷᠢᠶ᠎ᠠ ᠢᠯᠡᠳᠭᠡᠯ᠎ᠦᠨ ᠤᠷᠤᠯᠳᠤᠭᠠᠨ᠂ ᠨᠣᠮ ᠤᠩᠱᠢᠨ ᠬᠠᠷᠢᠭᠤ ᠮᠡᠳᠡᠭᠦᠯᠬᠦ᠌᠂ ᠬᠢᠴᠢᠶᠡᠯ ᠦᠨ ᠪᠢᠴᠢᠭ᠌᠎ᠲᠦ ᠵᠦᠴᠦᠭᠡᠵᠡᠷᠭᠡ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠠᠢᠲᠤᠷ ᠰᠤᠷᠤᠯᠴᠠᠵᠤ ᠰᠠᠢᠲᠤᠷ ᠬᠡᠷᠡᠭ᠌ᠯᠡᠬᠦ᠌ ᠣᠷᠴᠢᠨ᠎ᠢ ᠪᠤᠢ ᠪᠣᠯᠭᠠᠪᠠ; 《ᠳᠣᠯᠣᠭᠠᠨ ᠨᠢᠭᠡ》 ᠶ᠋ᠢᠨ ᠠᠵᠢᠯᠯᠠᠭ᠎ᠠ᠎ᠪᠠᠷ ᠭᠠᠷᠳᠠᠴᠠ ᠪᠣᠯᠭᠠᠨ᠂ ᠡᠬᠡ ᠣᠷᠣᠨᠴᠢ ᠦᠵᠡᠯ᠎ᠦᠨ ᠬᠥᠮᠦᠵᠢᠯ ᠪᠣᠯᠤᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠦᠨ ᠱᠢᠷᠢᠰ ᠭᠣᠣᠯ ᠰᠡᠳᠦᠪᠲᠦ ᠠᠵᠢᠯᠯᠠᠭ᠎ᠠ᠎ᠶ᠋ᠢ ᠥᠷᠨᠢᠭᠦᠯᠵᠦ᠍᠂ ᠪᠠᠭ᠍ᠰᠢ ᠰᠤᠷᠤᠭ᠍ᠴᠢᠳ᠎ᠤᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠮᠡᠳᠡᠷᠡᠬᠦ᠌ ᠰᠡᠳᠭᠢᠯᠭᠡ ᠪᠣᠯᠤᠨ ᠣᠮᠣᠭᠰᠢᠯ᠎ᠲᠦ ᠰᠡᠳᠭᠢᠯᠭᠡ᠎ᠶ᠋ᠢ ᠨᠡᠮᠡᠭ᠌ᠳᠡᠭᠦᠯᠪᠡ᠃
《ᠱᠢᠨ᠎ᠡ ᠵᠢᠭᠠᠬᠤ ᠮᠠᠲ᠋ᠧᠷᠢᠶᠠᠯ᠎ᠢ ᠰᠠᠢᠲᠤᠷ ᠬᠡᠷᠡᠭ᠌ᠯᠡᠵᠦ᠍᠂ ᠱᠢᠨ᠎ᠡ ᠵᠢᠭᠠᠬᠤ ᠠᠷᠭ᠎ᠠ᠎ᠶ᠋ᠢ ᠡᠵᠡᠮᠱᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠯᠢᠬᠡᠷ᠎ᠢ ᠰᠠᠢᠲᠤᠷ ᠶᠠᠷᠢᠵᠤ᠂ ᠰᠤᠷᠤᠭ᠍ᠴᠢᠳ᠎ᠤᠨ ᠬᠣᠢᠱᠢᠳᠠ᠎ᠶ᠋ᠢᠨ ᠦᠰᠦᠨ ᠪᠣᠢᠵᠢᠯᠲᠠ᠎ᠳᠤ ᠨᠡᠩ ᠥᠷᠭᠡᠨ ᠳᠠᠷᠳᠠᠩ ᠵᠠᠮ ᠳᠡᠪᠢᠰᠴᠦ᠍ ᠥᠭ᠌ᠭᠦᠨ᠎ᠡ》᠃ ᠰᠤᠷᠭᠠᠭᠤᠯᠢ᠎ᠶ᠋ᠢᠨ ᠵᠠᠬᠢᠷᠤᠯ ᠬ᠍ᠤ ᠢᠦᠢ ᠵᠠᠩ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠶ᠋ᠢ ᠪᠣᠯᠪᠠᠰᠤᠷᠠᠭᠤᠯᠬᠤ ᠪᠠ ᠬᠡᠷᠡᠭ᠌ᠯᠡᠬᠦ᠌᠎ᠶ᠋ᠢ ᠢᠳᠡᠪᠬᠢᠲᠡᠢ ᠳᠡᠯᠭᠡᠷᠡᠭᠦᠯᠦᠨ᠂ ᠲᠤᠰ ᠰᠤᠷᠭᠠᠭᠤᠯᠢ᠎ᠶ᠋ᠢᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠨᠡᠢᠲᠡᠯᠢᠭ ᠬᠡᠯᠡᠨ᠎ᠦ ᠳᠡᠰ ᠨᠢ ᠴᠥᠮ ᠬᠣᠶᠠᠳᠤᠭᠠᠷ ᠳᠡᠰ᠎ᠤᠨ ᠬᠦᠬᠡ ᠳᠡᠰ᠎ᠡᠴᠡ ᠳᠡᠭᠡᠭ᠌ᠰᠢ ᠪᠣᠯᠵᠠᠢ ᠃
ᠲᠦᠷᠦᠭᠦᠦ ᠬᠡᠳᠦᠨ ᠡᠳᠦᠷ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳᠤᠮᠳᠠᠳᠤ᠎ᠶ᠋ᠢᠨ ᠬᠢᠯᠢ ᠬᠢᠵᠠᠭᠠᠷ ᠣᠷᠣᠨ᠎ᠤ ᠠᠶᠠᠯᠠᠯ · 2023》 ᠠᠵᠢᠯᠯᠠᠭ᠎ᠠ ᠬᠠᠢᠯᠠᠷ ᠲᠣᠭᠣᠷᠢᠭ᠎ᠤᠨ ᠬᠥᠯᠥᠨ ᠪᠠᠭ᠎ᠠ ᠰᠤᠷᠭᠠᠭᠤᠯᠢ᠎ᠳᠤ ᠬᠦᠷᠴᠦ᠍᠂ ᠰᠤᠷᠪᠤᠯᠵᠢᠯᠠᠭ᠎ᠠ᠎ᠶ᠋ᠢᠨ ᠪᠦᠯᠬᠦᠮ ᠡᠯ᠎ᠡ ᠦᠨᠳᠦᠰᠦᠲᠡᠨ᠎ᠦ ᠰᠤᠷᠤᠭ᠍ᠴᠢᠳ᠎ᠲᠠᠶ ᠰᠠᠨᠠᠯ᠎ᠢᠶᠠᠨ ᠰᠣᠯᠢᠯᠴᠠᠵᠤ᠂ ᠦᠨᠳᠦᠰᠦᠲᠡᠨ᠎ᠨᠦᠭᠦᠳ᠎ᠦᠨ ᠲᠠᠰᠤᠷᠠᠯᠲᠠ ᠦᠭᠡᠢ ᠠᠭᠤᠰᠤᠯᠴᠠᠨ ᠬᠥᠭ᠌ᠵᠢᠬᠦ᠌᠂ ᠡᠪᠳᠡᠷᠡᠰᠢ ᠦᠭᠡᠢ ᠪᠠᠲᠤ ᠪᠡᠬᠢ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠵᠢ ᠨᠢᠭᠲᠠᠷᠠᠭᠤᠯᠤᠭᠰᠠᠨ ᠰᠡᠳᠭᠢᠯ ᠬᠥᠳᠡᠯᠭᠡᠮ᠎ᠡ ᠦᠯᠢᠭᠡᠷ᠎ᠢ ᠶᠠᠷᠢᠪᠠ᠃
《 ᠰᠤᠷᠭᠠᠭᠤᠯᠢ ᠣᠳᠣᠬᠠᠨ᠎ᠳᠤ ᠪᠦᠬᠦ᠌ ᠬᠢᠴᠢᠶᠡᠯ ᠲᠦᠷᠦᠯ᠎ᠢ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠪᠣᠯᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠵᠢᠭᠠᠨ ᠰᠤᠷᠭᠠᠵᠤ᠂ ᠡᠷᠲᠡᠨ᠎ᠦ ᠱᠢᠯᠦᠭ ᠳᠠᠭᠤᠯᠠᠯ᠂ ᠳᠠᠰᠭᠠᠯ ᠪᠠ ᠶᠠᠷᠢᠶᠠᠨ᠎ᠤ ᠬᠡᠯᠡᠨ᠎ᠦ ᠬᠠᠷᠢᠯᠴᠠᠭ᠎ᠠ ᠵᠡᠷᠭᠡ ᠬᠢᠴᠢᠶᠡᠯ᠎ᠦᠨ ᠬᠡᠯᠪᠡᠷᠢ᠎ᠶ᠋ᠢᠨ ᠵᠢᠯᠤᠭᠤᠳᠤᠯᠭ᠎ᠠ᠎ᠪᠠᠷ ᠭᠣᠣᠯ ᠪᠤᠯᠭᠠᠵᠤ᠂ ᠨᠡᠢᠲᠡᠯᠢᠭ ᠬᠡᠯᠡ᠎ᠪᠡᠷ ᠶᠠᠷᠢᠵᠤ᠂ ᠳᠦᠷᠢᠮᠵᠢᠭ᠌ᠰᠡᠨ ᠦᠰᠦᠭ᠎ᠢ ᠬᠡᠷᠡᠭ᠌ᠯᠡᠵᠦ᠍ ᠂ ᠰᠤᠷᠤᠭ᠍ᠴᠢᠳ᠎ᠤᠨ ᠬᠡᠯᠡ ᠪᠢᠴᠢᠭ᠎ᠦᠨ ᠭᠣᠣᠯᠯᠠᠬᠤ ᠬᠡᠪ ᠪᠣᠯᠪᠠᠰᠤᠷᠠᠯ ᠪᠣᠯᠤᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠵᠦ ᠪᠤᠢ》 ᠭᠡᠵᠦ᠍ ᠬᠥᠯᠥᠨ ᠪᠠᠭ᠎ᠠ ᠰᠤᠷᠭᠠᠭᠤᠯᠢ᠎ᠶ᠋ᠢᠨ ᠵᠠᠬᠢᠷᠤᠯ ᠠᠷᠪᠢᠨ ᠰᠤᠷᠪᠤᠯᠵᠢᠯᠠᠭ᠎ᠠ᠎ᠶᠢᠨ ᠪᠦᠯᠬᠦᠮ᠎ᠳᠦ ᠲᠠᠨᠢᠯᠴᠠᠭᠤᠯᠪᠠ᠃
ᠣᠢᠷ᠎ᠠ᠎ᠳᠤ᠂ ᠱᠢᠨ᠎ᠡ ᠪᠠᠷᠭᠤ ᠪᠠᠷᠠᠭᠤᠨ ᠬᠣᠱᠢᠭᠤ 2023 ᠣᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠱᠠᠯᠠᠪᠳᠠᠭᠤᠯᠤᠨ ᠵᠢᠯᠣᠭᠣᠳᠣᠯᠭ᠎ᠠ᠎ᠶ᠋ᠢᠨ ᠳᠠᠬᠢᠨ ᠦᠨᠡᠯᠡᠯᠲᠡᠡᠬᠢᠯᠡᠪᠡ᠃ ᠪᠥᠬᠥ᠌ ᠬᠣᠱᠢᠭᠤᠨ᠎ᠤ ᠬᠡᠦᠬᠡᠳ᠎ᠦᠨ ᠴᠡᠴᠡᠷᠯᠢᠭ ᠨᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠠᠰᠠᠷᠠᠨ ᠬᠥᠮᠦᠵᠢᠭᠦᠯᠬᠦ᠌ ᠠᠵᠢᠯᠯᠠᠭ᠎ᠠ᠎ᠶ᠋ᠢ ᠠᠬᠢᠭᠤᠯᠵᠤ᠂《ᠰᠤᠷᠬᠤ ᠨᠠᠰᠤᠨ᠎ᠡᠴᠡ ᠡᠮᠦᠨ᠎ᠡ ᠨᠡᠢᠲᠡᠯᠢᠭ ᠬᠡᠯᠡ᠎ᠶ᠋ᠢ ᠰᠤᠷᠴᠤ᠌ ᠡᠵᠡᠮᠱᠢᠬᠦ᠌》ᠵᠢᠴᠢ《ᠬᠡᠦᠬᠡᠳ᠎ᠦᠳ ᠠᠳᠠᠯᠢᠬᠠᠨ ᠦᠭᠡ ᠬᠡᠯᠡ ᠦᠰᠦᠭ ᠪᠢᠴᠢᠭ ᠲᠠᠢ ᠪᠠᠢᠬᠤ》 ᠲᠥᠯᠥᠪᠯᠡᠭᠡ᠎ᠶ᠋ᠢ ᠨᠠᠢᠳᠠᠪᠤᠷᠢᠵᠢᠭᠤᠯᠪᠠ᠃ ᠣᠢᠷ᠎ᠠ᠎ᠶ᠋ᠢᠨ ᠭᠤᠷᠪᠠᠨ ᠵᠢᠯ᠎ᠳᠦ᠂ ᠱᠢᠨ᠎ᠡ ᠪᠠᠷᠭᠤ ᠪᠠᠷᠠᠭᠤᠨ ᠬᠣᠱᠢᠭᠤ ᠭᠤᠤᠯ ᠰᠡᠳᠦᠪᠲᠦ ᠬᠥᠮᠦᠵᠢᠯ᠂ ᠦᠶ᠋ᠯᠡᠳᠦᠯᠭᠡ᠎ᠶ᠋ᠢᠨ ᠠᠵᠢᠯᠯᠠᠭ᠎ᠠ ᠪᠠ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠲᠠᠢᠯᠤᠮᠵᠢ᠎ᠶ᠋ᠢ ᠨᠡᠢᠲᠡ 60 ᠭᠠᠷᠤᠶ ᠤᠳᠠᠭ᠎ᠠ ᠥᠷᠨᠢᠭᠦᠯᠵᠦ᠍᠂ ᠬᠠᠮ ᠵᠠᠭᠤᠴᠢᠯᠠᠭᠤᠷ᠂ ᠵᠢᠷᠭᠢᠶ᠎ᠠ ᠵᠢᠨ ᠣᠯᠠᠨ ᠨᠡᠢᠲᠡ᠎ᠶ᠋ᠢᠨ ᠲᠠᠪᠴᠡᠨᠭ᠂ ᠵᠢᠷᠭᠢᠶ᠎ᠡ ᠬᠤᠯᠪᠤᠭ᠎ᠠ᠎ᠪᠡᠷ ᠳᠠᠮᠵᠢᠭᠤᠯᠤᠨ 3870 ᠬᠤᠪᠢ ᠤᠬᠠᠭᠤᠯᠭ᠎ᠠ᠎ᠶ᠋ᠢᠨ ᠳᠡᠪᠲᠡᠷ ᠲᠠᠷᠬᠠᠭᠠᠵᠤ᠂ 6020 ᠬᠥᠮᠦᠨ ᠤᠳᠠᠭ᠎ᠠ ᠡᠷᠦᠬᠡ᠎ᠳᠦ ᠬᠦᠷᠴᠦ᠍ ᠰᠤᠷᠪᠤᠯᠵᠢᠯᠠᠨ᠂ 《ᠬᠥᠮᠦᠨ ᠪᠦᠬᠦᠨ ᠨᠡᠢᠲᠡᠯᠢᠭ ᠬᠡᠯᠡ᠎ᠪᠡᠷ ᠶᠠᠷᠢᠵᠤ᠂ ᠬᠥᠮᠦᠨ ᠪᠦᠬᠦᠨ ᠳᠦᠷᠢᠮᠵᠢᠭ᠌ᠰᠡᠨ ᠥᠰᠥᠭ ᠬᠡᠷᠡᠭ᠌ᠯᠡᠬᠦ᠌》ᠨᠡᠢᠭᠡᠮ᠎ᠦᠨ ᠠᠭᠤᠷ ᠠᠮᠢᠰᠭᠤᠯ᠎ᠢ ᠴᠢᠷᠮᠠᠢᠨ ᠪᠣᠶ ᠪᠣᠯᠭᠠᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃