ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-01-22 11:23:54

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

2023 ᠤᠨ ᠤ᠋ ᠰᠤᠷᠤᠯᠭ᠎ᠠ᠎ᠶᠢᠨ ᠬᠤᠭᠤᠴᠠᠭ᠎ᠠ ᠲᠡᠭᠦᠰᠬᠦ ᠦᠶ᠎ᠡ᠎ᠪᠡᠷ᠂ ᠬᠥᠬᠡᠬᠣᠲᠠ᠎ᠶᠢᠨ ᠶᠢᠰᠦᠳᠦᠭᠡᠷ ᠬᠤᠭᠤᠴᠠᠭᠠᠨ ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ ᠵᠢᠴᠢ ᠲᠠᠪᠤᠳᠤᠭᠠᠷ ᠬᠤᠭᠤᠴᠠᠭᠠᠨ᠎ᠤ ᠪᠠᠭ᠍ᠰᠢ᠎ᠶᠢᠨ ᠳᠦᠷᠢᠮᠵᠢᠭᠰᠡᠨ ᠬᠢᠲᠠᠳ ᠦᠰᠦᠭ᠎ᠦᠨ ᠰᠣᠨᠣᠰᠴᠤ ᠪᠢᠴᠢᠬᠦ ᠤᠷᠤᠯᠳᠤᠭᠠᠨ ᠲᠡᠭᠦᠰ ᠠᠮᠵᠢᠯᠲᠠ᠎ᠲᠠᠢ ᠦᠨᠳᠦᠷᠯᠡᠪᠡ᠃ ᠪᠦᠬᠦ ᠬᠣᠲᠠ᠎ᠶᠢᠨ ᠡᠯ᠎ᠡ ᠰᠤᠷᠭᠠᠭᠤᠯᠢ᠎ᠶᠢᠨ 52 ᠲᠥᠯᠥᠭᠡᠯᠡᠭᠴᠢᠳ᠎ᠦᠨ ᠠᠩᠭᠢ᠂ 387 ᠪᠠᠭ᠍ᠰᠢ ᠰᠤᠷᠤᠭ᠍ᠴᠢ 4 ᠰᠠᠷ᠎ᠠ ᠰᠢᠬᠠᠮ ᠎ᠤᠨ ᠬᠤᠭᠤᠴᠠᠭᠠᠨ᠎ᠳ᠋ᠤ᠂ ᠦᠭᠡ ᠦᠬᠡᠰ ᠢ᠋ ᠰᠣᠨᠣᠰᠴᠤ ᠪᠢᠴᠢᠬᠦ᠂ ᠬᠡᠪᠰᠢᠮᠡᠯ ᠬᠡᠯᠡᠯᠭᠡ᠎ᠶᠢ ᠰᠣᠨᠣᠰᠴᠤ ᠪᠢᠴᠢᠬᠦ᠂ ᠰᠢᠯᠦᠭ ᠳᠠᠭᠤᠯᠠᠯ᠎ᠢ ᠨᠦᠬᠦᠵᠦ ᠪᠢᠴᠢᠬᠦ᠂ ᠦᠰᠦᠭ᠎ᠤᠨ ᠪᠢᠴᠢᠯᠭᠡ ᠵᠢᠨ ᠳᠠᠷᠠᠭᠠᠯᠠᠯ ᠵᠢᠡᠷ ᠪᠢᠴᠢᠬᠦ᠂ ᠵᠢᠷᠤᠭ ᠦᠵᠡᠵᠦ ᠡᠷᠲᠡᠨ᠎ᠦ ᠰᠢᠯᠦᠭ᠎ᠢ ᠲᠠᠭᠠᠮᠠᠭᠯᠠᠬᠤ ᠵᠡᠷᠭᠡ ᠲᠦᠷᠦᠯ ᠵᠦᠢᠯ ᠤ᠋ᠨ ᠤᠷᠤᠯᠳᠤᠭᠠᠨ ᠳ᠋ᠤ ᠬᠤᠷᠴᠨ ᠰᠢᠷᠦᠬᠦᠨ ᠦᠷᠢᠰᠦᠯᠳᠦᠬᠦ ᠪᠡᠷ ᠲᠠᠮᠵᠢᠨ᠂ ᠪᠠᠭᠰᠢ ᠰᠤᠷᠤᠭᠴᠢᠳ᠎ᠤᠨ ᠬᠢᠲᠠᠳ ᠦᠰᠦᠭ᠎ᠢ ᠰᠣᠨᠣᠰᠴᠤ ᠪᠢᠴᠢᠬᠦ᠂ ᠡᠷᠲᠡᠨ᠎ᠦ ᠰᠢᠯᠦᠭ ᠳᠠᠭᠤᠯᠠᠯ᠎ᠢ ᠴᠡᠬᠡᠵᠢᠯᠡᠵᠦ ᠡᠵᠡᠮᠰᠢᠬᠦ᠂ ᠤᠳᠬ᠎ᠠ ᠵᠣᠬᠢᠶᠠᠯ᠎ᠤᠨ ᠬᠤᠷᠠᠮᠳᠤᠭᠤᠯᠤᠯ ᠪᠠ ᠬᠡᠷᠡᠭᠯᠡᠯᠲᠡ ᠵᠡᠷᠭᠡ ᠦᠭᠡ ᠬᠡᠯᠡ ᠦᠰᠦᠭ ᠪᠢᠴᠢᠭ᠎ᠦᠨ ᠴᠢᠳᠠᠪᠤᠷᠢ᠎ᠳᠤ ᠶᠡᠷᠦᠩᠬᠡᠢᠯᠡᠭᠰᠡᠨ ᠪᠠᠢᠴᠠᠭᠠᠯᠲᠠ ᠬᠢᠬᠦ ᠵᠢᠨ ᠳᠠᠭᠠᠤ ᠪᠦᠬᠦ ᠬᠤᠲᠠ᠎ᠶᠢᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ ᠪᠠ ᠲᠦᠪᠰᠢᠨ᠎ᠢ᠋ ᠳᠡᠬᠡᠭᠰᠢᠯᠡᠬᠦᠯᠦᠭᠰᠡᠨ ᠪᠠᠢᠨ᠎ᠠ᠃

ᠲᠣᠰ ᠬᠤᠭᠤᠴᠠᠭᠠᠨ᠎ᠤ ᠤᠷᠤᠯᠳᠤᠭᠠᠨ ᠨᠢ 《ᠬᠥᠬᠡᠬᠣᠲᠠ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠴᠢᠨᠠᠷ ᠰᠠᠢᠲᠠᠢ ᠲᠦᠭᠡᠮᠡᠯᠵᠢᠭᠦᠯᠬᠦ 〈ᠨᠢᠭᠡ ᠭᠠᠵᠠᠷ ᠣᠷᠣᠨ ᠳ᠋ᠤ ᠨᠢᠭᠡ ᠠᠷᠭ᠎ᠠ ᠪᠣᠳᠣᠯᠭ᠎ᠠ ᠬᠡᠷᠡᠭᠵᠢᠬᠦᠯᠬᠦ〉ᠠᠵᠢᠯ᠎ᠤᠨ ᠲᠥᠰᠥᠯ》 ᠢ᠋ ᠨᠠᠢᠳᠠᠪᠤᠷᠢᠵᠢᠭᠤᠯᠬᠤ ᠠᠵᠢᠯᠯᠠᠭ᠎ᠠ᠎ᠶᠢᠨ ᠨᠢᠭᠡ ᠪᠣᠯᠤᠭᠰᠠᠨ᠎ᠤ ᠬᠤᠪᠢ᠎ᠳᠤ᠂ ᠪᠠᠭ᠍ᠰᠢ ᠰᠤᠷᠤᠭ᠍ᠴᠢᠳ᠎ᠤᠨ ᠳᠦᠷᠢᠮᠵᠢᠭᠰᠡᠨ ᠥᠰᠥᠭ ᠪᠢᠴᠢᠬᠦ ᠤᠬᠠᠮᠰᠠᠷ᠎ᠢ ᠶᠡᠬᠡ᠎ᠪᠡᠷ ᠴᠢᠩᠭᠠᠳᠬᠠᠵᠤ ᠂ ᠰᠤᠷᠤᠭ᠍ᠴᠢᠳ᠎ᠤᠨ ᠬᠢᠲᠠᠳ ᠥᠰᠥᠭ ᠤᠩᠰᠢᠬᠤ᠂ ᠪᠢᠴᠢᠬᠦ᠂ ᠰᠣᠨᠣᠰᠬᠤ ᠴᠢᠳᠠᠪᠤᠷᠢ᠎ᠶᠢ ᠳᠡᠭᠡᠭᠰᠢᠯᠡᠭᠦᠯᠦᠭᠰᠡᠨ ᠪᠠᠢᠨ᠎ᠠ᠃

ᠣᠢᠷ᠎ᠠ᠎ᠶᠢᠨ ᠵᠢᠯ᠎ᠦᠳ᠎ᠲᠦ᠂ ᠬᠥᠬᠡᠬᠣᠲᠠ ᠤᠷᠢᠳ ᠬᠣᠵᠢᠳ 《ᠬᠥᠬᠡᠬᠣᠲᠠ᠎ᠶᠢᠨ ᠰᠢᠨ᠎ᠡ ᠴᠠᠭ ᠦᠶ᠎ᠡ᠎ᠶᠢᠨ ᠦᠭᠡ ᠬᠡᠯᠡ ᠥᠰᠥᠭ ᠪᠢᠴᠢᠭ᠎ᠦᠨ ᠠᠵᠢᠯ᠎ᠢ ᠪᠥᠬᠥ ᠲᠠᠯ᠎ᠠ᠎ᠪᠠᠷ ᠴᠢᠩᠭᠠᠳᠬᠠᠬᠤ ᠳᠤᠬᠠᠢ ᠬᠡᠷᠡᠭᠵᠢᠭᠦᠯᠬᠦ ᠲᠥᠰᠥᠯ》᠂ 《ᠬᠥᠬᠡᠬᠣᠲᠠ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠲᠦᠬᠡᠮᠡᠯᠵᠢᠬᠦᠯᠬᠦ ᠡᠷᠴᠢᠮ᠎ᠢ ᠴᠢᠩᠭᠠᠷᠠᠭᠤᠯᠬᠤ 〈ᠨᠢᠭᠡ ᠭᠠᠵᠠᠷ ᠣᠷᠣᠨ ᠳ᠋ᠤ ᠨᠢᠭᠡ ᠠᠷᠭ᠎ᠠ ᠪᠣᠳᠣᠯᠭ᠎ᠠ ᠬᠡᠷᠡᠭᠵᠢᠬᠦᠯᠬᠦ〉 ᠠᠵᠢᠯ᠎ᠤᠨ ᠬᠡᠷᠡᠭᠵᠢᠭᠦᠯᠬᠦ ᠲᠥᠰᠥᠯ》᠂《ᠬᠥᠬᠡᠬᠣᠲᠠ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠪᠠ ᠨᠡᠢᠳᠡᠯᠢᠭ ᠬᠡᠯᠡ ᠵᠢ ᠲᠦᠬᠡᠮᠡᠯᠵᠢᠬᠦᠯᠦᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠥᠯᠥᠪᠯᠡᠭᠡ᠎ᠶᠢᠨ ᠠᠵᠢᠯ᠎ᠤᠨ ᠲᠥᠰᠥᠯ》 ᠵᠡᠷᠭᠡ᠎ᠶᠢ ᠨᠡᠢᠳᠡᠯᠡᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠬᠡᠮᠡᠯᠵᠢᠬᠦᠯᠦᠨ ᠳᠡᠯᠭᠡᠷᠡᠭᠦᠯᠬᠦ ᠠᠵᠢᠯ᠎ᠤᠨ ᠪᠣᠳᠠᠲᠠᠢ ᠱᠠᠭᠠᠷᠳᠠᠯᠭ᠎ᠠ᠎ᠶᠢ ᠲᠣᠳᠣᠷᠬᠠᠢᠯᠠᠪᠠ᠃ ᠣᠳᠣᠬᠠᠨ᠎ᠳᠤ᠂ ᠪᠥᠬᠥ᠌ ᠬᠣᠲᠠ᠎ᠶ᠋ᠢᠨ ᠨᠡᠢᠲᠡᠯᠢᠭ ᠬᠡᠯᠡ ᠵᠢ ᠲᠦᠭᠡᠮᠡᠯᠵᠢᠬᠦᠯᠦᠭ᠌ᠰᠡᠨ ᠨᠣᠷᠮ᠎ᠠ 91.62% ᠲᠸ᠋ ᠬᠦᠷᠴᠦ᠍᠂ ᠬᠥᠬᠡᠬᠣᠲᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠦᠬᠡᠮᠡᠯᠵᠢᠬᠦᠯᠦᠯᠳᠡ ᠶ᠋ᠢ ᠴᠢᠩᠭᠠᠳᠭᠠᠬᠤ 《ᠨᠢᠭᠡ ᠭᠠᠵᠠᠷ ᠣᠷᠣᠨ᠎ᠳᠤ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌》 ᠠᠵᠢᠯ ᠎ᠤᠨ ᠬᠠᠷᠠᠯᠲᠠ᠎ᠶ᠋ᠢ ᠤᠷᠢᠳᠴᠢᠯᠠᠨ ᠪᠡᠶᠡᠯᠡᠭᠦᠯᠪᠡ᠃ ᠡᠨᠡ ᠬᠦ᠌ ᠰᠠᠭᠤᠷᠢᠨ ᠳᠡᠭᠡᠷ᠎ᠡ᠂ ᠬᠥᠬᠡᠬᠣᠲᠠ ᠪᠠᠰᠠ 《ᠬᠥᠬᠡᠬᠣᠲᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠴᠢᠨᠠᠷ ᠰᠠᠢᠲᠠᠢ ᠲᠦᠭᠡᠮᠡᠯᠵᠢᠭᠦᠯᠬᠦ᠌ 〈ᠨᠢᠭᠡ ᠭᠠᠵᠠᠷ ᠤᠷᠤᠨ ᠳ᠋ᠦ ᠨᠢᠭᠡ ᠠᠷᠭ᠎ᠠ ᠪᠤᠳᠤᠯᠭ᠎ᠠ ᠬᠡᠷᠡᠭ᠌ᠵᠢᠭᠦᠯᠬᠦ᠌〉 ᠠᠵᠢᠯ᠎ᠤᠨ ᠲᠥᠰᠦᠯ》᠎ᠢ᠋ ᠲᠣᠭ᠍ᠲᠠᠭᠠᠵᠠᠢ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠳᠦᠷᠢᠮᠵᠢᠭᠦᠯᠦᠯᠲᠡ᠎ᠶ᠋ᠢ ᠪᠠᠷᠢᠮᠵᠢᠶ᠎ᠠ᠎ᠳᠤ ᠬᠦᠷᠭᠡᠭᠰᠡᠨ ᠰᠤᠷᠭᠠᠭᠤᠯᠢ᠎ᠶ᠋ᠢ ᠡᠭᠦᠳᠦᠨ ᠪᠠᠢᠭᠤᠯᠬᠤ ᠠᠵᠢᠯ᠎ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠡᠨᠡ ᠵᠢᠯ᠎ᠦᠨ ᠡᠴᠦᠰ ᠪᠣᠯᠬᠤ᠎ᠳᠤ ᠪᠥᠬᠥ᠌ ᠬᠣᠲᠠ᠎ᠶ᠋ᠢᠨ ᠳᠤᠮᠳᠠᠳᠤ ᠪᠠᠭ᠎ᠠ ᠰᠤᠷᠭᠠᠭᠤᠯᠢ (ᠬᠡᠸ᠋ᠬᠡᠳ᠎ᠦᠨ ᠴᠡᠴᠡᠷᠯᠢᠭ) ᠶ᠋ᠢᠨ ᠳᠦᠷᠢᠮᠵᠢᠭᠦᠯᠦᠯᠲᠡ᠎ᠶ᠋ᠢ ᠪᠠᠷᠢᠮᠵᠢᠶ᠎ᠠ᠎ᠳᠤ ᠬᠦᠷᠭᠡᠭᠰᠡᠨ ᠰᠤᠷᠭᠠᠭᠤᠯᠢ ᠵᠢ ᠡᠬᠦᠳᠦᠨ ᠪᠠᠢᠭᠤᠯᠬᠤ ᠨᠣᠷᠮ᠎ᠠ᠎ᠶ᠋ᠢ 95%᠎ᠳ᠋ᠤ ᠬᠦᠷᠭᠡᠵᠦ᠍᠂ 2025 ᠣᠨ ᠪᠣᠯᠳᠠᠯ᠎ᠠ ᠪᠠᠷᠢᠮᠵᠢᠶ᠎ᠠ᠎ᠳᠤ ᠬᠦᠷᠭᠡᠬᠦ᠌ ᠬᠠᠷᠠᠯᠲᠠᠲᠤ ᠡᠭᠦᠷᠭᠡ᠎ᠶ᠋ᠢ ᠪᠦᠬᠦᠨ᠎ᠢ ᠪᠡᠶᠡᠯᠡᠭᠦᠯᠦᠨ᠎ᠡ ᠭᠡᠵᠦ᠍ ᠲᠣᠳᠣᠷᠬᠠᠶ ᠲᠣᠭ᠍ᠲᠠᠭᠠᠪᠠ᠃

2023 ᠣᠨ᠎ᠳᠤ ᠬᠥᠬᠡᠬᠣᠲᠠ 《ᠨᠡᠢᠲᠡᠯᠢᠭ ᠬᠡᠯᠡ᠎ᠶ᠋ᠢ ᠲᠦᠭᠡᠮᠡᠯᠵᠢᠭᠦᠯᠵᠦ᠍᠂ ᠱᠢᠨ᠎ᠡ ᠠᠶᠠᠨ᠎ᠳᠤ ᠡᠷᠡᠮᠡᠭᠡᠢᠯᠡᠨ ᠤᠷᠤᠭ᠍ᠰᠢᠯᠠᠶ᠎ᠠ》 ᠭᠡᠬᠦ ᠭᠣᠣᠯ ᠰᠡᠳᠦᠪᠲᠦ ᠨᠡᠢᠲᠡᠯᠢᠭ ᠬᠡᠯᠡᠨ᠎ᠦ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ᠂ ᠪᠦᠬᠦ᠌ ᠬᠤᠳᠠ᠎ᠶ᠋ᠢᠨ ᠳᠤᠮᠳᠠᠳᠤ᠎ᠶ᠋ᠢᠨ ᠰᠣᠩᠭᠣᠳᠠᠭ ᠵᠣᠬᠢᠶᠠᠯ᠎ᠤᠨ ᠤᠩᠱᠢᠯᠭ᠎ᠠ ᠵᠢᠨ ᠤᠷᠤᠯᠳᠤᠭᠠᠨ᠂ ᠬᠢᠲᠠᠳ ᠦᠰᠦᠭ᠎ᠤᠨ ᠰᠣᠨᠣᠰᠴᠤ᠌ ᠪᠢᠴᠢᠬᠦ᠌ ᠤᠷᠤᠯᠳᠤᠭᠠᠨ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠬᠠᠮᠲᠤ᠎ᠪᠠᠷ ᠤᠩᠱᠢᠬᠤ ᠠᠵᠢᠯᠯᠠᠭ᠎ᠠ ᠵᠡᠷᠭᠡ ᠤᠯᠠᠨ ᠬᠡᠯᠪᠡᠷᠢ᠎ᠶ᠋ᠢᠨ᠂ ᠡᠯᠪᠡᠭ ᠪᠠᠶᠠᠯᠢᠭ ᠠᠭᠤᠯᠭ᠎ᠠ᠎ᠪᠦᠬᠦᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠦᠬᠡᠮᠡᠯᠵᠢᠬᠦᠯᠦᠨ ᠳᠡᠯᠭᠡᠷᠡᠭᠦᠯᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠡᠢ᠃

ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠪᠥᠬᠥ ᠲᠠᠯ᠎ᠠ ᠪᠡᠷ ᠰᠠᠢᠲᠤᠷ ᠬᠢᠪᠠ᠃ ᠣᠳᠣᠬᠠᠨ᠎ᠳᠤ᠂ ᠪᠥᠬᠥ᠌ ᠬᠣᠲᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠥᠷᠥᠯ ᠵᠦᠶ᠋ᠯ᠎ᠦᠨ ᠰᠤᠷᠭᠠᠭᠤᠯᠢ (ᠴᠡᠴᠡᠷᠯᠢᠭ) ᠨᠡᠢᠲᠡ 307 (ᠬᠡᠸ᠋ᠬᠡᠳ᠎ᠦᠨ ᠴᠡᠴᠡᠷᠯᠢᠭ 303᠂ ᠤᠸ᠋ᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ 4) ᠪᠠᠢᠵᠤ᠂ ᠲᠥᠷᠥᠯ ᠵᠦᠶ᠋ᠯ᠎ᠦᠨ ᠰᠤᠷᠭᠠᠭᠤᠯᠢ (ᠴᠡᠴᠡᠷᠯᠢᠭ) ᠶ᠋ᠢᠨ 5226 ᠪᠠᠭ᠍ᠰᠢ ᠲᠠᠩᠰᠠᠨ ᠨᠣᠮᠧᠷ᠎ᠳᠠᠩᠰᠠᠯᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯᠯᠠᠭ᠎ᠠ ᠦᠷᠨᠢᠬᠦᠯᠦᠭᠰᠡᠨ ᠴᠠᠭ ᠨᠢ ᠨᠡᠢᠲᠡ 9076 ᠴᠠᠭ ᠪᠤᠯᠤᠭᠰᠠᠨ ᠪᠠᠢᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面