2024-02-25 11:41:35
ᠮᠠᠨ᠎ᠤ ᠣᠷᠣᠨ᠎ᠤ 3 ᠶᠡᠬᠡ ᠳᠡᠭᠡᠳᠦ ᠰᠤᠷᠭᠠᠭᠤᠯᠢ ᠭᠤᠷᠪᠠᠳᠤᠭᠠᠷ ᠪᠦᠯᠦᠭ ᠦᠨ ᠤᠯᠤᠰ ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ᠎ᠢᠶᠠᠷ ᠲᠣᠭᠲᠠᠭᠠᠭᠳᠠᠪᠠ
ᠤᠢᠷ᠎ᠠ ᠳ᠋ᠤ ᠰᠤᠷᠭᠠᠨ ᠬᠥᠮᠦᠵᠢᠯ᠎ᠦᠨ ᠶᠠᠮᠤᠨ᠂ ᠤᠯᠤᠰ᠎ᠤᠨ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠵᠥᠪᠯᠡᠯ ᠡᠴᠡ ᠮᠠᠨ᠎ᠤ ᠣᠷᠣᠨ ᠤ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠴᠠᠭᠳᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ 3 ᠶᠡᠬᠡ ᠳᠡᠭᠡᠳᠦ ᠰᠤᠷᠭᠠᠭᠤᠯᠢ᠎ᠶᠢ ᠭᠤᠷᠪᠠᠳᠤᠭᠠᠷ ᠪᠦᠯᠦᠭ᠎ᠦᠨ ᠤᠯᠤᠰ᠎ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ ᠢᠶᠠᠷ ᠦᠨᠡᠯᠡᠨ ᠲᠣᠭᠲᠠᠭᠠᠪᠠ᠃ ᠤᠢᠯᠠᠭᠠᠭᠰᠠᠨ ᠵᠢᠡᠷ᠂ ᠣᠲᠣ᠌ ᠪᠣᠯᠲᠠᠯ᠎ᠠ ᠮᠠᠨ ᠤ ᠣᠷᠣᠨ ᠤᠯᠤᠰ᠎ᠤᠨ ᠲᠠᠰ᠎ᠤᠨ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠰᠠᠭᠤᠷᠢᠨ᠎ᠢ ᠨᠡᠶ᠋ᠢᠲᠡ 6 ᠡᠭᠦᠳᠦᠨ ᠪᠠᠢᠭᠤᠯᠪᠠ᠃
ᠤᠯᠤᠰ᠎ᠤᠨ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠰᠠᠭᠤᠷᠢᠨ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠳ᠋ᠤ ᠦᠢᠯᠡᠴᠢᠯᠡᠨ᠂ ᠶᠣᠰᠣ᠌ ᠰᠤᠷᠲᠠᠬᠤᠨ ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠨᠠᠢᠳᠠᠪᠤᠷᠢᠵᠢᠭᠤᠯᠵᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠳᠤᠮᠳᠠᠳᠤ᠎ᠶᠢᠨ ᠰᠢᠯᠢᠳᠡᠭ ᠬᠡᠯᠡ ᠰᠣᠶᠣᠯ᠎ᠢ ᠤᠯᠠᠮᠵᠢᠯᠠᠨ ᠬᠥᠭᠵᠢᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠲᠤᠰ ᠪᠡᠶ᠎ᠡ᠎ᠶᠢᠨ ᠳᠠᠪᠠᠭᠤᠯᠢᠭ᠋᠎ᠲᠠᠭᠠᠨ ᠰᠠᠭᠤᠷᠢᠯᠠᠨ ᠰᠢᠨ᠎ᠡ ᠵᠢ ᠡᠭᠦᠳᠬᠦ ᠦᠢᠯᠡᠳᠦᠯᠭᠡ᠎ᠳᠦ ᠰᠠᠭᠤᠷᠢᠯᠠᠨ᠂ ᠴᠢᠳᠠᠪᠤᠷᠢᠲᠠᠨ᠎ᠤ ᠪᠠᠲᠤᠯᠠᠭ᠎ᠠ᠂ ᠤᠶᠤᠨ ᠤ ᠳᠡᠮᠵᠢᠯᠭᠡ ᠪᠠ ᠲᠤᠰᠬᠠᠢ ᠮᠡᠷᠭᠡᠵᠢᠯ᠎ᠦᠨ ᠦᠢᠯᠡᠴᠢᠯᠡᠭᠡ᠎ᠶᠢ ᠦᠷᠭᠦᠯᠵᠢᠯᠡᠨ ᠬᠠᠩᠭᠠᠨ᠎ᠠ᠃ ᠲᠠᠷᠠᠭᠠᠴᠢ᠎ᠪᠡᠷ᠂ ᠮᠠᠨ ᠤ ᠣᠷᠣᠨ ᠰᠠᠭᠤᠷᠢᠨ᠎ᠢ ᠡᠭᠦᠳᠦᠨ ᠪᠠᠶ᠋ᠢᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠣᠷᠳᠣ᠌ ᠬᠤᠭᠤᠴᠠᠭᠠᠨ᠎ᠤ ᠪᠦᠲᠦᠮᠵᠢᠲᠡᠶ ᠠᠵᠢᠯ᠎ᠤᠨ ᠲᠣᠭᠲᠠᠴᠠ᠎ᠶᠢ ᠪᠠᠢᠭᠤᠯᠵᠤ᠂ ᠰᠠᠭᠤᠷᠢᠨ ᠤ᠋ ᠠᠵᠢᠯᠯᠠᠭᠠᠨ᠎ᠤ ᠬᠠᠮᠢᠶᠠᠷᠤᠯᠲᠠ᠎ᠶᠢ ᠰᠠᠢᠲᠤᠷ ᠬᠢᠵᠦ᠂ ᠡᠬᠢ ᠪᠠᠶᠠᠯᠢᠭ᠋᠎ᠤᠨ ᠳᠠᠪᠠᠭᠤᠯᠢᠭ᠋ ᠪᠠ ᠨᠥᠯᠥᠭᠡᠯᠡᠨ ᠳᠠᠭᠠᠭᠤᠯᠬᠤ ᠦᠢᠯᠡᠳᠦᠯ᠎ᠢ ᠨᠢ ᠭᠦᠢᠴᠡᠳ ᠪᠠᠳᠠᠷᠠᠭᠤᠯᠤᠨ᠂ ᠣᠷᠣᠨ ᠪᠦᠰᠡ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠲᠦᠭᠡᠮᠡᠯᠵᠢᠯᠲᠡ᠎ᠶᠢᠨ ᠬᠢᠷᠢ ᠲᠦᠪᠰᠢᠨ ᠪᠠ ᠶᠠᠰᠤ ᠴᠢᠨᠠᠷ᠎ᠢ ᠳᠡᠭᠡᠭᠰᠢᠯᠡᠭᠦᠯᠬᠦ᠎ᠳᠦ ᠬᠦᠴᠦᠨ ᠨᠡᠮᠡᠷᠢᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠦᠭᠡ ᠬᠡᠯᠡ ᠥᠰᠥᠭ ᠪᠢᠴᠢᠭ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠴᠢᠳᠠᠯ᠎ᠢᠶᠠᠨ ᠨᠡᠮᠡᠷᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃