ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-09-25 11:51:56

ᠵᠣᠬᠢᠶᠠᠭ᠍ᠴᠢ᠄ ᠯᠢᠦ ᠬᠤᠩ ᠵᠠᠩ ᠫᠠᠨ ᠪᠧᠢ ᠣᠩᠱᠢᠭ᠍ᠰᠠᠨ ᠣᠳᠠᠭ᠎ᠠ᠄ 3

ᠪᠠᠭ᠎ᠠ ᠰᠤᠷᠭᠠᠭᠤᠯᠢ ᠪᠣᠯ ᠰᠤᠷᠤᠭ᠍ᠴᠢᠳ᠎ᠤᠨ ᠢᠯᠡᠳᠬᠡᠬᠦ ᠴᠢᠳᠠᠪᠤᠷᠢ᠎ᠶᠢ ᠬᠥᠮᠥᠵᠢᠭᠦᠯᠬᠦ ᠂ ᠤᠩᠰᠢᠯᠭ᠎ᠠ᠎ᠶᠢᠨ ᠤᠷᠮ᠎ᠠ᠎ᠶᠢ ᠬᠥᠭᠵᠢᠭᠡᠬᠦ ᠴᠢᠬᠤᠯᠠ ᠱᠠᠲᠤ ᠦᠶ᠎ᠡ ᠮᠥᠨ᠃ ᠠᠯᠠᠱᠠ ᠵᠡᠭᠦᠨ ᠬᠣᠰᠢᠭᠤᠨ ᠎ᠤ ᠮᠣᠩᠭᠣᠯ ᠦᠨᠳᠦᠰᠦᠲᠡᠨ ᠎ᠦ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠰᠣᠷᠣᠭ᠍ᠴᠢ ᠡᠰᠡᠷᠦᠨ ᠰᠤᠷᠭᠠᠭᠤᠯᠢ ᠎ᠳᠠᠭᠠᠨ ᠰᠤᠷᠤᠯᠴᠠᠬᠤ ᠪᠠ ᠨᠣᠮ ᠤᠩᠰᠢᠬᠤ᠎ᠵᠢ ᠪᠠᠷᠢᠮᠲᠠᠯᠠᠬᠤ᠎ᠵᠢᠨ ᠵᠡᠷᠬᠡ ᠪᠡᠷ ᠬᠡᠯᠡ ᠶᠠᠷᠢᠶᠠᠨ᠎ᠤ ᠪᠣᠯᠪᠠᠰᠤᠷᠠᠯ᠎ᠳᠤ ᠣᠷᠣᠯᠴᠠᠵᠤ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠪᠣᠯᠪᠠᠰᠤᠷᠠᠩᠭᠤᠢ ᠡᠵᠡᠮᠰᠢᠵᠦ᠂ ᠡᠳᠦᠷ ᠲᠤᠲᠤᠮ᠎ᠤᠨ ᠢᠯᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠦᠭᠰᠡᠨ᠎ᠢᠶᠡᠷ ᠪᠠᠷᠠᠬᠤ ᠦᠭᠡᠢ ᠬᠦᠰᠡᠯ ᠮᠦᠷᠦᠬᠡᠳᠦᠯ ᠳ᠋ᠡᠭᠡᠨ ᠬᠦᠴᠦᠳᠦ ᠵᠢᠭᠦᠷ ᠤᠷᠭᠤᠭᠤᠯᠤᠯ᠎ᠠ᠃

ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠢᠳᠤᠷ ᠡᠵᠡᠮᠰᠢᠬᠦ᠎ᠶᠢᠨ ᠲᠥᠯᠥᠭᠡ᠂ ᠡᠰᠡᠷᠦᠨ ᠬᠢᠴᠢᠶᠡᠯ᠎ᠦᠨ ᠭᠠᠳᠠᠭᠤᠷᠬᠢ ᠴᠠᠭ᠎ᠵᠢᠡᠷ ᠵᠢᠡᠨ ᠨᠤᠮ ᠤᠩᠰᠢᠬᠤ ᠵᠢᠨ ᠳᠠᠭᠠᠤ ᠨᠤᠮ ᠤᠩᠰᠢᠭᠰᠠᠨ ᠲᠥᠷᠥᠭᠳᠡᠯ᠎ᠢᠶᠡᠨ ᠪᠢᠴᠢᠵᠤ ᠲᠠᠮᠳᠡᠭᠯᠡᠬᠦ ᠬᠠᠮᠤᠭ ᠤ᠋ᠨ ᠳᠤᠷᠠᠲᠠᠢ᠃ ᠡᠨᠡ ᠵᠢᠯ᠎ᠦᠨ ᠵᠤᠨ᠎ᠤ ᠠᠮᠠᠷᠠᠯᠲᠠ᠎ᠪᠡᠷ ᠲᠡᠷᠡ 《ᠶᠡᠷᠦ ᠪᠤᠰᠤ᠎ᠶᠢᠨ ᠬᠠᠭᠠᠨ᠎ᠤ ᠣᠷᠳᠣᠨ》 ᠭᠡᠬᠦ ᠰᠢᠷᠢᠰ ᠨᠤᠮ ᠢ᠋ ᠤᠩᠰᠢᠵᠤ᠂ ᠬᠠᠭᠠᠨ᠎ᠤ ᠣᠷᠳᠣᠨ᠎ᠳ᠋ᠡᠬᠢ ᠲᠡᠦᠬᠡ᠎ᠶᠢᠨ ᠳᠤᠷᠠᠰᠬᠠᠯᠲᠤ ᠵᠦᠢᠯᠡᠰ ᠲᠸ᠋ ᠶᠡᠭᠡᠳᠡ ᠰᠡᠳᠬᠢᠯ ᠲᠠᠳᠠᠭᠳᠠᠵᠠᠢ᠃ ᠪᠢ ᠲᠡᠦᠬᠡ ᠰᠣᠶᠣᠯ᠎ᠤᠨ ᠲᠦᠷᠦᠯ ᠎ᠦᠨ ᠨᠣᠮ ᠪᠢᠴᠢᠭ ᠤᠩᠰᠢᠬᠤ ᠳᠤᠷᠠᠲᠠᠢ᠂ ᠦᠪᠡᠷ᠎ᠤᠨ ᠰᠣᠨᠢᠭᠤᠴᠢ ᠰᠡᠳᠬᠢᠯ᠎ᠢᠶᠡᠨ ᠬᠠᠩᠭᠠᠬᠤ ᠎ᠶᠢᠨ ᠬᠠᠮᠲᠤ ᠪᠠᠰᠠ ᠳᠤᠮᠳᠠᠳᠤ᠎ᠶᠢᠨ ᠤᠯᠠᠮᠵᠢᠯᠠᠯᠲᠤ ᠰᠣᠶᠣᠯ᠎ᠤᠨ ᠷᠢᠳᠢ ᠰᠢᠳᠢ᠎ᠶᠢ ᠮᠡᠳᠡᠷᠡᠳᠡᠭ ᠭᠡᠵᠦ ᠲᠡᠷᠡ ᠶᠠᠷᠢᠵᠤ ᠪᠠᠢᠯ᠎ᠠ᠃

《 ᠪᠢ ᠬᠡᠳᠦᠢᠪᠡᠷ ᠬᠠᠭᠠᠨ᠎ᠤ ᠣᠷᠳᠣᠨ᠎ᠳᠤ ᠣᠴᠢᠵᠤ ᠦᠵᠡᠭᠡ ᠦᠭᠡᠢ ᠪᠣᠯᠪᠠᠴᠤ ᠨᠣᠮ ᠤᠩᠰᠢᠬᠤ᠎ᠪᠠᠷ ᠳᠡᠮᠵᠢᠨ ᠬᠠᠭᠠᠨ᠎ᠤ ᠣᠷᠳᠣᠨ᠎ᠤ ᠪᠠᠷᠢᠯᠭ᠎ᠠ ᠶ᠋ᠢᠨ ᠬᠠᠴᠢᠨ ᠰᠣᠨᠢᠨ ᠪᠠ ᠰᠣᠶᠣᠯ᠎ᠤᠨ ᠠᠭᠤᠯᠬᠤᠨ ᠢ᠋ ᠤᠢᠯᠠᠭᠠᠵᠠᠢ᠂ ᠤᠯᠤᠰ ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠤᠷᠴᠤ ᠡᠵᠡᠮᠰᠢᠬᠦ ᠨᠢ ᠬᠢᠴᠢᠶᠡᠯ᠎ᠦᠨ ᠭᠠᠳᠠᠨᠠᠬᠢ ᠮᠡᠳᠡᠯᠭᠡ ᠵᠢ ᠰᠤᠷᠴᠤ ᠡᠵᠡᠮᠰᠢᠬᠦ ᠳ᠋ᠤ ᠠᠰᠢᠭᠳᠠᠢ》 ᠭᠡᠵᠦ ᠡᠰᠡᠷᠦᠨ ᠰᠤᠷᠪᠤᠯᠵᠢᠯᠠᠭ᠍ᠴᠢ ᠎ᠳᠤ ᠬᠡᠯᠡᠪᠡ᠃ ᠨᠣᠮ ᠤᠩᠰᠢᠬᠤ᠎ᠠᠴᠠ ᠭᠠᠳᠠᠨ᠎ᠠ᠂ ᠡᠰᠡᠷᠦᠨ ᠪᠠᠰᠠ ᠬᠡᠯᠡ ᠶᠠᠷᠢᠶᠠᠨ ᠤ᠋ ᠢᠯᠡᠳᠬᠡᠬᠦ ᠴᠢᠳᠠᠪᠤᠷᠢ᠎ᠵᠢᠨ ᠪᠤᠯᠪᠠᠰᠤᠷᠠᠯ ᠳ᠋ᠤ ᠤᠷᠤᠯᠴᠠᠬᠤ ᠵᠢ ᠪᠠᠷᠢᠮᠲᠠᠯᠠᠭᠰᠠᠭᠠᠷ ᠢᠷᠡᠵᠡᠢ᠃ ᠨᠡᠢᠲᠡᠯᠢᠭ ᠬᠡᠯᠡ᠎ᠶᠢ ᠪᠣᠯᠪᠠᠰᠤᠷᠠᠩᠭᠤᠢ ᠡᠵᠡᠮᠰᠢᠬᠦᠯᠬᠦ᠎ᠶᠢᠨ ᠲᠥᠯᠥᠭᠡ᠂ ᠬᠡᠦᠬᠡᠳ᠎ᠦᠨ ᠴᠡᠴᠡᠷᠯᠢᠭ ᠳᠡᠬᠦᠰᠦᠭᠰᠡᠨ ᠎ᠦ ᠳᠠᠷᠠᠭ᠎ᠠ᠂ ᠡᠵᠢ ᠨᠢ ᠲᠡᠭᠦᠨ᠎ᠢ ᠬᠡᠯᠡ ᠶᠠᠷᠢᠶᠠᠨ᠎ᠤ ᠴᠢᠳᠠᠪᠤᠷᠢ᠎ᠶᠢᠨ ᠪᠣᠯᠪᠠᠰᠤᠷᠠᠯ᠎ᠤᠨ ᠠᠩᠭᠢ᠎ᠳᠤ ᠬᠦᠷᠭᠡᠪᠡ᠃ ᠬᠡᠳᠦᠨ ᠵᠢᠯ ᠎ᠦᠨ ᠬᠡᠯᠨ᠎ᠶᠠᠷᠢᠶᠠᠨ ᠤ᠋ ᠴᠢᠳᠠᠪᠤᠷᠢ ᠎ᠶᠢᠨ ᠪᠣᠯᠪᠠᠰᠤᠷᠠᠯ᠎ᠢ ᠥᠩᠭᠡᠷᠡᠭᠡᠭᠡᠳ ᠡᠳᠦᠭᠡ ᠲᠡᠷᠡ ᠪᠠᠭᠠᠴᠤᠳ ᠬᠡᠦᠬᠡᠳ᠎ᠦᠨ ᠬᠡᠯᠡᠡ ᠤ᠋ ᠤᠷᠠᠯᠢᠭ᠋᠎ᠤᠨ ᠲᠣᠭᠯᠠᠯᠲᠠ᠎ᠶᠢᠨ ᠲᠤᠰᠬᠠᠢ ᠮᠡᠷᠭᠡᠵᠢᠯ᠎ᠦᠨ 6 ᠳ᠋ᠤᠭᠠᠷ ᠳᠡᠰ᠎ᠤᠨ ᠰᠢᠯᠭᠠᠯᠲᠠ᠎ᠶᠢ ᠥᠩᠭᠡᠷᠡᠭᠡᠭᠰᠡᠨ᠎ᠢᠶᠡᠷ ᠪᠠᠷᠠᠬᠤ ᠦᠭᠡᠢ᠂ ᠪᠠᠰᠠ ᠰᠤᠷᠭᠠᠭᠤᠯᠢ᠎ᠶᠢᠨ ᠳᠣᠲᠣᠨ᠎ᠠ ᠭᠠᠳᠠᠨᠠᠬᠢ ᠤᠯᠠᠨ ᠤᠳᠠᠭ᠎ᠠ᠎ᠶᠢᠨ ᠰᠣᠩᠭᠣᠳᠠᠭ ᠵᠣᠬᠢᠶᠠᠯ᠎ᠤᠨ ᠤᠩᠰᠢᠯᠭ᠎ᠠ᠂ ᠶᠠᠷᠢᠶ᠎ᠠ ᠢᠯᠡᠳᠬᠡᠯ᠎ᠦᠨ ᠤᠷᠤᠯᠳᠤᠭᠠᠨ᠂ ᠬᠥᠲᠥᠯᠥᠭᠴᠢ ᠵᠢᠨ ᠠᠵᠢᠯᠯᠠᠭ᠎ᠠ᠎ᠳᠤ ᠣᠷᠣᠯᠴᠠᠵᠤ᠂ 20 ᠭᠠᠷᠤᠢ ᠢᠷᠠᠭᠤ ᠠᠯᠳᠠᠷ᠎ᠤᠨ ᠦᠨᠡᠮᠯᠡᠯ᠎ᠲᠠᠢ ᠪᠣᠯᠵᠠᠢ᠃

《ᠬᠡᠯᠡ ᠶᠠᠷᠢᠶᠠᠨ᠎ᠤ ᠠᠩᠭᠢ᠎ᠳ᠋ᠤ ᠮᠠᠰᠢ ᠣᠯᠠᠨ ᠰᠢᠨ᠎ᠡ ᠨᠠᠢᠵᠠ᠎ᠲᠠᠢ ᠲᠠᠨᠢᠯᠴᠠᠵᠠᠢ᠂ ᠣᠯᠠᠨ᠎ᠢᠶᠠᠷ᠎ᠢᠶᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠪᠡᠷ ᠶᠠᠷᠢᠯᠴᠠᠵᠤ᠂ ᠶᠠᠮᠠᠷ ᠴᠤ᠌ ᠬᠠᠷᠰᠢ ᠰᠠᠭᠠᠳ ᠦᠭᠡᠢ ᠨᠡᠪᠳᠡᠷᠡᠯᠴᠡᠵᠦ ᠮᠠᠰᠢ ᠡᠶ᠎ᠡ ᠨᠠᠢᠷᠲᠠᠢ ᠪᠠᠢᠳᠠᠭ᠂ ᠣᠲᠣ᠌ ᠪᠢ ᠥᠪᠡᠷ᠎ᠦᠨ ᠪᠡᠶ᠎ᠡ᠎ᠳᠡᠭᠡᠨ ᠴᠦ᠍ ᠮᠠᠰᠢ ᠢᠲᠡᠭᠡᠯ᠎ᠲᠠᠢ ᠪᠤᠯᠪᠠ᠃ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠤᠯᠴᠠᠵᠤ ᠰᠠᠢᠲᠤᠷ ᠬᠡᠷᠡᠭᠯᠡᠬᠦ ᠨᠢ ᠰᠤᠷᠤᠯᠭ᠎ᠠ ᠪᠠ ᠠᠮᠢᠳᠤᠷᠠᠯ᠎ᠳᠤ ᠮᠠᠨᠢ ᠶᠡᠬᠡ ᠬᠠᠪᠰᠤᠷᠤᠯᠭ᠎ᠠ ᠪᠣᠯᠵᠤ᠂ ᠨᠡᠩ ᠴᠸ᠋ ᠬᠦᠰᠡᠯ ᠮᠦᠷᠦᠬᠡᠳᠦᠯ᠎ᠤᠨ ᠵᠢᠡᠨ ᠲᠦᠯᠦᠭᠡ ᠨᠡᠩ ᠰᠠᠢᠳᠤᠷ ᠰᠤᠷᠤᠯᠴᠠᠨ ᠲᠡᠮᠡᠴᠡᠬᠦ ᠳ᠋ᠤ ᠲᠦᠬᠦᠮ ᠪᠤᠯᠪᠠ》 ᠭᠡᠵᠦ ᠡᠰᠡᠷᠦᠨ ᠬᠡᠯᠡᠨ᠎ᠠ᠃

ᠶᠠᠷᠢᠵᠤ ᠢᠯᠡᠳᠬᠡᠬᠦ ᠪᠠ ᠵᠣᠬᠢᠶᠠᠨ ᠪᠢᠴᠢᠬᠦ ᠴᠢᠳᠠᠪᠤᠷᠢ ᠶ᠋ᠢᠨ ᠲᠠᠰᠤᠷᠠᠯᠲᠠ ᠦᠭᠡᠢ ᠳᠡᠭᠡᠭᠰᠢᠯᠡᠬᠦ ᠶ᠋ᠢ ᠳᠠᠭᠠᠯᠳᠤᠨ ᠡᠰᠡᠷᠦᠨ ᠨᠠᠩ ᠥᠨᠳᠥᠷ ᠬᠠᠷᠠᠯᠲᠠ᠎ᠲᠠᠢ ᠪᠤᠯᠪᠠ᠃ ᠲᠡᠷᠡ᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠎ᠳᠤ ᠰᠢᠯᠭᠠᠭᠤᠯᠤᠨ ᠤᠷᠤᠵᠤ᠂ ᠬᠣᠵᠢᠮ ᠨᠢᠬᠡᠨ ᠰᠣᠨᠢᠨ ᠮᠡᠳᠡᠭᠡᠨ᠎ᠦ ᠠᠵᠢᠯᠲᠠᠨ ᠪᠤᠯᠬᠤ ᠬᠦᠰᠡᠯ ᠳᠠᠢ᠂ ᠡᠨᠡ ᠬᠦ᠌ ᠬᠠᠷᠠᠯᠲᠠ ᠎ᠶᠢᠨ ᠵᠢᠡᠨ ᠲᠥᠯᠥᠭᠡ ᠲᠠᠷᠠ ᠲᠠᠰᠤᠷᠠᠯᠲᠠ ᠦᠭᠡᠢ ᠴᠢᠷᠮᠠᠢᠨ᠎ᠠ ᠬᠡᠵᠦ ᠰᠤᠷᠪᠤᠯᠵᠢᠯᠠᠭᠴᠢ ᠳ᠋ᠤ ᠶᠠᠷᠢᠨ᠎ᠠ᠃ ᠡᠨᠡ ᠳᠠᠯ᠎ᠠ ᠪᠡᠷ ᠡᠵᠢ ᠨᠢ ᠴᠦ᠍ ᠥᠬᠢᠨ᠎ᠢᠶᠡᠨ ᠮᠠᠰᠢ ᠳᠡᠮᠵᠢᠳᠡᠭ᠃ ᠰᠤᠷᠤᠭ᠍ᠴᠢ᠎ᠶᠢᠨ ᠭᠡᠷ᠎ᠦᠨ ᠠᠬᠠᠮᠠᠳ ᠪᠣᠯᠤᠭᠰᠠᠨ᠎ᠤ ᠬᠤᠪᠢ᠎ᠳᠤ᠂ ᠭᠡᠦᠭᠡᠳ ᠨᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠳᠤᠷ ᠡᠵᠡᠮᠰᠢᠬᠦ ᠨᠢ ᠬᠡᠦᠬᠡᠳ᠎ᠦᠨ ᠬᠣᠵᠢᠮ᠎ᠤᠨ ᠰᠤᠷᠤᠯᠭ᠎ᠠ᠂ ᠠᠵᠢᠯ ᠠᠮᠢᠳᠤᠷᠠᠯ᠎ᠳᠤ ᠵᠠᠮ ᠨᠡᠭᠡᠭᠡᠨ ᠦᠭᠴᠦ ᠨᠡᠩ ᠣᠯᠠᠨ ᠰᠣᠩᠭᠣᠯᠲᠠ ᠬᠢᠬᠦ ᠵᠠᠪᠰᠢᠶᠠᠨ ᠲᠠᠢ ᠪᠠᠢᠬᠤ ᠎ᠶᠢ ᠲᠡᠷᠡ ᠰᠠᠢᠨ ᠤᠢᠯᠠᠭᠠᠳᠠᠭ᠃

《ᠠᠪᠤ ᠡᠵᠢ ᠪᠣᠯᠤᠭᠰᠠᠨ᠎ᠤ ᠬᠤᠪᠢ᠎ᠳᠤ᠂ ᠬᠡᠦᠬᠡᠳ᠎ᠢᠶᠡᠨ ᠨᠠᠩ ᠰᠠᠢᠨ ᠬᠡᠯᠡ ᠶᠠᠷᠢᠶᠠᠨ᠎ᠦ ᠢᠯᠡᠳᠬᠡᠬᠦ ᠴᠢᠳᠠᠪᠤᠷᠢ᠎ᠲᠠᠢ ᠪᠣᠯᠭᠠᠬᠤ᠎ᠶᠢ ᠬᠦᠰᠡᠨ᠎ᠡ᠂ ᠣᠲᠣ᠌ ᠰᠤᠷᠭᠠᠭᠤᠯᠢ᠎ᠳᠤ ᠪᠠᠢᠭᠰᠠᠨ ᠴᠤ᠌ ᠲᠡᠷᠡ᠂ ᠬᠣᠵᠢᠮ ᠠᠵᠢᠯ᠎ᠤᠨ ᠪᠠᠢᠷᠢ ᠳ᠋ᠦ ᠭᠠᠷᠤᠭᠰᠠᠨ ᠴᠤ᠌ ᠲᠡᠷᠡ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠎ᠢ ᠰᠠᠢᠲᠤᠷ ᠡᠵᠡᠮᠰᠢᠬᠦ ᠨᠢ ᠮᠠᠰᠢ ᠴᠢᠬᠤᠯᠠ》 ᠭᠡᠵᠦ ᠡᠰᠡᠷᠦᠨ ᠎ᠤ ᠡᠵᠢ ᠰᠠᠷᠠᠭᠤᠯ ᠶᠠᠷᠢᠵᠦ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面