ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-11-13 16:31:11

ᠵᠣᠬᠢᠶᠠᠭ᠍ᠴᠢ᠄ ᠭᠦᠸᠧ ᠴᠢ ᠨᠠᠨ ᠂ ᠹᠸᠩ ᠯᠢ ᠶᠤᠸᠠᠨ᠂ ᠸᠠᠩ ᡁᠢ ᠸᠸᠨ ᠣᠩᠱᠢᠭ᠍ᠰᠠᠨ ᠣᠳᠠᠭ᠎ᠠ᠄ 3

ᠣᠢᠷ᠎ᠠ ᠳ᠋ᠤ᠂ ᠰᠤᠷᠪᠤᠯᠵᠢᠯᠠᠭ᠍ᠴᠢ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ᠎ᠤ ᠮᠣᠩᠭᠣᠯ ᠦᠨᠳᠦᠰᠦᠲᠡᠨ ᠤ᠋ ᠪᠠᠭ᠎ᠠ ᠰᠤᠷᠭᠠᠭᠤᠯᠢ ᠵᠢᠨ ᠭᠤᠷᠪᠠᠳᠤᠭᠠᠷ ᠣᠨ᠎ᠤ ᠨᠢᠭᠡᠳᠦᠭᠡᠷ ᠠᠩᠭᠢ ᠵᠢᠨ ᠬᠡᠷ ᠲᠸ᠋ ᠤᠷᠤᠬᠤ᠎ᠳᠤ᠂ ᠬᠡᠯᠡ ᠪᠢᠴᠢᠭ ᠤ᠋ᠨ ᠪᠠᠭ᠍ᠰᠢ ᠲᠦᠮᠦᠰᠤᠨᠬᠤᠸᠠᠷ ᠬᠢᠴᠢᠶᠡᠯ᠎ᠳᠡᠭᠡᠨ 《ᠪᠢᠳᠡ》 ᠭᠡᠰᠡᠨ ᠱᠢᠨ᠎ᠡ ᠥᠰᠥᠭ ᠢ᠋ ᠵᠢᠭᠠᠵᠤ ᠪᠠᠢᠯ᠎ᠠ᠂ ᠬᠡᠦᠬᠡᠳ ᠪᠢᠷ ᠵᠢᠡᠨ ᠪᠠᠷᠢᠵᠦ᠂ ᠪᠠᠭ᠍ᠰᠢ᠎ᠲᠠᠶ᠎ᠪᠠᠨ ᠬᠠᠮᠲᠤ ᠪᠢᠴᠢᠵᠦ᠍ ᠡᠬᠢᠯᠡᠬᠦ ᠳ᠋ᠤ ᠪᠠᠭ᠍ᠰᠢ ᠨᠢ ᠰᠤᠷᠤᠭ᠍ᠴᠢᠳ᠎ᠲᠠᠭᠠᠨ《ᠪᠢᠳᠡ ᠪᠣᠯ ᠳᠤᠮᠳᠠᠳᠤ ᠵᠢᠨ ᠦᠨᠳᠦᠰᠦᠲᠡᠨ ᠤ᠋ ᠴᠢᠬᠤᠯᠠ ᠨᠢᠭᠡᠨ ᠪᠦᠷᠢᠯᠳᠦᠬᠦᠨ ᠬᠡᠰᠡᠭ ᠪᠤᠯᠤᠨ᠎ᠠ》 ᠭᠡᠵᠦ᠍ ᠬᠡᠯᠡᠵᠦ᠍ ᠥᠭ᠌ᠪᠡ᠃ ᠪᠠᠭ᠍ᠰᠢ ᠡᠴᠡ ᠥᠭᠦᠯᠡᠪᠦᠷᠢ ᠵᠣᠬᠢᠶᠠᠬᠤ ᠪᠡᠷ ᠳᠠᠮᠵᠢᠭᠤᠯᠤᠨ ᠰᠤᠷᠤᠭ᠍ᠴᠢᠳ᠎ᠲᠤ ᠱᠢᠨ᠎ᠡ ᠥᠰᠥᠭ ᠤ᠋ᠨ ᠤᠴᠢᠷ ᠤᠳᠭ᠎ᠠ ᠶ᠋ᠢ ᠮᠠᠰᠢ ᠭᠦᠨᠵᠡᠭᠡᠶ ᠣᠢᠯᠠᠭᠠᠭᠤᠯᠪᠠ᠃

ᠠᠯᠪᠠᠨ ᠭᠡᠷ᠎ᠲᠡᠬᠡᠨ ᠬᠠᠷᠢᠭᠠᠳ᠂ ᠲᠦᠮᠦᠰᠤᠨᠬᠤᠸᠠᠷ ᠰᠤᠷᠪᠤᠯᠵᠢᠯᠠᠭ᠍ᠴᠢ ᠳ᠋ᠤ ᠬᠡᠦᠬᠡᠳ ᠤ᠋ᠨ ᠨᠢᠭᠡᠳᠦᠭᠡᠷ ᠣᠨ᠎ᠤ ᠳᠠᠰᠭᠠᠯ ᠤ᠋ᠨ ᠳᠡᠪᠲᠡᠷ ᠢ᠋ ᠳᠡᠯᠭᠡᠨ ᠦᠵᠡᠭᠦᠯᠪᠠ᠂ ᠬᠡᠦᠬᠡᠳ ᠳᠡᠰᠬᠠᠯ ᠤ᠋ᠨ ᠳᠡᠪᠲᠡᠷ ᠳᠡᠭᠡᠷ᠎ᠡ ᠪᠠᠨ ᠬᠢᠲᠠᠳ ᠦᠰᠦᠭ᠎ᠢ ᠳᠡᠷᠢ ᠲᠡᠭᠰᠢ ᠪᠢᠴᠢᠵᠦ᠂ ᠪᠠᠰᠠ 《ᠭᠡᠷᠡᠯᠲᠤ ᠨᠠᠷᠠ ᠥᠨᠳᠥᠷ᠎ᠲᠦ ᠮᠠᠨᠳᠤᠵᠤ᠂ ᠵᠤᠯᠵᠠᠭ᠎ᠠ ᠮᠤᠳᠤ ᠠᠭᠠᠵᠢᠮ ᠵᠢᠡᠷ ᠤᠷᠭᠤᠨ᠎ᠠ ᠁》 ᠭᠡᠬᠦ᠌ ᠮᠠᠳᠤ ᠣᠬᠣᠷ ᠱᠢᠯᠦᠭ ᠵᠤᠬᠢᠶᠠᠬᠰᠠᠨ ᠪᠠᠢᠬᠤ ᠬᠠᠷᠠᠬᠳᠠᠨ᠎ᠠ᠃ 3 ᠵᠢᠯ ᠤ᠋ᠨ ᠲᠤᠷᠰᠢ ᠲᠤᠰ ᠰᠤᠷᠭᠠᠭᠤᠯᠢ ᠵᠢᠨ ᠰᠤᠷᠭᠠᠭᠤᠯᠢ ᠳ᠋ᠤ ᠪᠠᠢᠭ᠎ᠠ ᠰᠤᠷᠤᠭ᠍ᠴᠢᠳ ᠤ᠋ᠨ ᠬᠢᠴᠢᠶᠡᠯ ᠤ᠋ᠨ ᠭᠠᠳᠠᠭᠤᠷᠬᠢ ᠤᠩᠱᠢᠯᠭ᠎ᠠ ᠵᠢᠨ ᠬᠡᠮᠵᠢᠶ᠎ᠡ 160 ᠭᠠᠷᠤᠶ ᠳᠡᠪᠲᠡᠷ᠎ᠲᠦ ᠬᠦᠷᠴᠦ᠍᠂ ᠳᠡᠭᠰᠢᠳᠭᠡᠭᠡᠳ ᠰᠤᠷᠤᠭ᠍ᠴᠢ ᠪᠦᠷᠢ ᠡᠳᠦᠷ᠎ᠲᠦ ᠳᠤᠮᠳᠠᠴᠢ ᠪᠡᠷ ᠠᠳᠠᠭ ᠲᠠᠭᠠᠨ 1300 ᠭᠠᠷᠤᠶ ᠦᠰᠦᠭ ᠤᠩᠰᠢᠳᠠᠭ ᠪᠠᠢᠨ᠎ᠠ᠃

ᠣᠢᠯᠠᠭᠠᠭ᠍ᠰᠠᠨ ᠵᠢᠡᠷ᠂ ᠤᠯᠤᠰ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠬᠡᠷᠡᠭ᠌ᠯᠡᠵᠦ᠍ ᠪᠠᠢᠭ᠎ᠠ ᠰᠤᠷᠤᠭ᠍ᠴᠢᠳ ᠤ᠋ᠨ ᠰᠤᠷᠤᠯᠭ᠎ᠠ ᠪᠡᠨ ᠳᠠᠭᠠᠵᠤ ᠲᠡᠢᠯᠬᠦ ᠵᠢ ᠰᠠᠢᠳᠤᠷ ᠪᠠᠳᠤᠯᠠᠬᠤ ᠵᠢᠨ ᠲᠥᠯᠥᠭᠡ᠂ ᠲᠣᠰ ᠰᠤᠷᠭᠠᠭᠤᠯᠢ ᠲᠠᠰ ᠬᠤᠪᠢᠶᠠᠭ᠍ᠰᠠᠨ ᠵᠢᠭᠠᠨ ᠰᠤᠷᠭᠠᠯᠲᠠ ᠵᠢᠨ ᠦᠶ᠋ᠯᠡᠳᠦᠯᠭᠡ ᠵᠢᠨ ᠰᠡᠳᠦᠪ ᠤ᠋ᠨ ᠰᠤᠳᠤᠯᠭᠠᠨ ᠥᠷᠨᠢᠭᠦᠯᠵᠦ᠍᠂ ᠨᠢᠭᠡ ᠲᠠᠯ᠎ᠠ ᠪᠡᠷ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ᠎ᠶᠢᠨ ᠪᠠᠭ᠍ᠰᠢ ᠵᠢᠨ ᠪᠣᠯᠪᠠᠰᠤᠷᠠᠯ ᠢ᠋ ᠵᠤᠬᠢᠶᠠᠨ ᠪᠠᠢᠭᠤᠯᠵᠤ᠂ ᠪᠠᠭ᠍ᠰᠢ ᠵᠢᠨ ᠲᠤᠰᠭᠠᠶ ᠮᠡᠷᠭᠡᠵᠢᠯ ᠤ᠋ᠨ ᠴᠢᠳᠠᠪᠤᠷᠢ ᠶ᠋ᠢ ᠳᠡᠭᠡᠭ᠌ᠰᠢᠯᠡᠭᠦᠯᠦᠨ᠂ ᠪᠥᠬᠥ᠌ ᠰᠤᠷᠭᠠᠭᠤᠯᠢ ᠵᠢᠨ ᠨᠢᠭᠡᠳᠦᠭᠡᠷ ᠹᠷᠣᠨᠲ ᠤ᠋ᠨ ᠪᠠᠭ᠍ᠰᠢ ᠵᠢᠨ ᠨᠡᠢᠲᠡᠯᠢᠭ ᠬᠡᠯᠡᠨ ᠤ᠋ ᠦᠨᠡᠮᠯᠡᠯ ᠲᠡᠶ ᠪᠡᠷ ᠠᠵᠢᠯ ᠤ᠋ᠨ ᠪᠠᠢᠷᠢ ᠳ᠋ᠤ ᠭᠠᠷᠬᠤ ᠨᠣᠷᠮ᠎ᠠ ᠶ᠋ᠢ 100%᠎ᠳ᠋ᠤ ᠬᠦᠷᠭᠡᠬᠦ᠌ ᠶ᠋ᠢ ᠦᠨᠡᠨ ᠬᠦ᠌ ᠪᠠᠲᠤᠯᠠᠵᠤ᠂ ᠨᠥᠭᠥᠭᠡ ᠲᠠᠯ᠎ᠠ ᠪᠡᠷ ᠠᠳᠠᠯᠢ ᠪᠤᠰᠤ ᠣᠨ᠎ᠤ ᠰᠣᠷᠣᠭ᠍ᠴᠢ ᠳ᠋ᠤ ᠴᠢᠭ᠌ᠯᠡᠭᠦᠯᠵᠤ᠂ ᠵᠢᠭᠠᠨ ᠰᠤᠷᠭᠠᠯᠲᠠ ᠵᠢᠨ ᠲᠥᠰᠦᠯ ᠢ᠋ ᠨᠠᠷᠢᠯᠢᠬ᠍ᠵᠢᠭᠤᠯᠤᠨ ᠳᠤᠭᠤᠢᠯᠠᠩ ᠬᠤᠪᠢᠶᠠᠨ ᠬᠢᠴᠢᠶᠡᠯ ᠵᠢᠭᠠᠵᠤ᠂ ᠰᠣᠷᠣᠭ᠍ᠴᠢᠳ᠎ᠤᠨ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ᠋ ᠰᠠᠢᠲᠤᠷ ᠡᠵᠡᠮᠱᠢᠨ ᠬᠡᠷᠡᠭ᠌ᠯᠡᠬᠦ᠌ ᠶ᠋ᠢ ᠦᠨᠡᠨ ᠬᠦ᠌ ᠪᠠᠲᠤᠯᠠᠪᠠ᠃

2020 ᠣᠨ᠎ᠤ ᠨᠠᠮᠤᠷ ᠤ᠋ᠨ ᠤᠯᠠᠷᠢᠯ ᠤ᠋ᠨ ᠰᠤᠷᠤᠯᠭ᠎ᠠ ᠵᠢᠨ ᠬᠤᠭᠤᠴᠠᠭ᠎ᠠ ᠡᠴᠡ ᠡᠬᠢᠯᠡᠵᠤ᠂ ᠤᠯᠠᠭᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠬᠣᠢᠲᠤ ᠬᠣᠱᠢᠭᠤᠨ᠎ᠤ ᠪᠣᠶ ᠪᠥᠬᠥᠶ ᠮᠣᠩᠭᠣᠯ ᠦᠨᠳᠦᠰᠦᠲᠡᠨ ᠤ᠋ ᠰᠤᠷᠭᠠᠭᠤᠯᠢ ᠳ᠋ᠤ ᠭᠤᠷᠪᠠᠨ ᠬᠢᠴᠢᠶᠡᠯ ᠲᠥᠷᠥᠯ ᠤ᠋ᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠭᠡᠷᠡᠭᠯᠡᠵᠦ᠂ ᠬᠢᠴᠢᠶᠡᠯ ᠤ᠋ᠨ ᠱᠢᠯᠵᠢᠯᠲᠡ᠂ ᠪᠠᠭ᠍ᠰᠢ ᠵᠢᠨ ᠲᠣᠬᠢᠷᠠᠭᠤᠯᠤᠯᠲᠠ ᠵᠢᠴᠢ ᠤᠬᠠᠭᠤᠯᠭ᠎ᠠ ᠵᠢᠨ ᠠᠵᠢᠯᠯᠠᠭ᠎ᠠ ᠵᠡᠷᠭᠡ ᠲᠠᠯ᠎ᠠ ᠪᠡᠷ ᠠᠳᠠᠯᠢ ᠪᠤᠰᠤ ᠬᠡᠮᠵᠢᠶᠡᠨ ᠤ᠋ ᠱᠢᠨ᠎ᠡ ᠶ᠋ᠢ ᠡᠭᠦᠳᠬᠦ᠌ ᠠᠷᠭ᠎ᠠ ᠬᠡᠮᠵᠢᠶ᠎ᠡ ᠠᠪᠤᠭ᠍ᠰᠠᠨ ᠪᠠᠢᠨ᠎ᠠ᠃ ᠴᠠᠬᠠᠷ ᠪᠠᠷᠠᠭᠤᠨ ᠭᠠᠷᠤᠨ ᠬᠣᠢᠲᠤ ᠬᠣᠱᠢᠭᠤ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤᠳᠭᠠᠬᠤ ᠪᠡᠷ ᠭᠣᠣᠯ ᠱᠢᠵᠢᠮ ᠪᠣᠯᠭᠠᠵᠤ᠂ ᠬᠢᠴᠢᠶᠡᠯ ᠤ᠋ᠨ ᠲᠠᠩᠬᠢᠮ ᠤ᠋ᠨ ᠵᠢᠭᠠᠨ ᠰᠤᠷᠭᠠᠯᠲᠠ ᠪᠡᠷ ᠪᠡᠬᠢᠯᠡᠯᠲᠡ ᠵᠢᠨ ᠭᠠᠵᠠᠷ ᠪᠣᠯᠭᠠᠨ᠂ ᠵᠢᠭᠠᠨ ᠰᠤᠷᠭᠠᠯᠲᠠ ᠵᠢᠨ ᠵᠠᠭ᠍ᠪᠤᠷ ᠢ᠋ ᠴᠢᠨᠠᠭ᠍ᠰᠢᠳᠠ ᠱᠢᠨᠡᠴᠢᠯᠡᠵᠤ᠂ ᠤᠯᠤᠰ ᠤ᠋ᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠬᠡᠷᠡᠭ᠌ᠯᠡᠬᠦ᠌ ᠠᠵᠢᠯ ᠢ᠋ ᠦᠷᠭᠦᠯᠵᠢᠯᠡᠨ ᠰᠠᠢᠲᠤᠷ ᠬᠢᠵᠦ᠍᠂ ᠬᠥᠮᠦᠨ ᠬᠥᠮᠦᠵᠢᠭᠦᠯᠬᠦ᠌ ᠠᠵᠢᠯ ᠢ᠋ ᠰᠠᠢᠲᠤᠷ ᠬᠢᠵᠦ᠍ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面