ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-12-11 09:35:40

ᠵᠣᠬᠢᠶᠠᠭ᠍ᠴᠢ᠄ ᠸᠠᠩ ᠶᠠ ᠵᠢᠩ ᠣᠩᠱᠢᠭ᠍ᠰᠠᠨ ᠣᠳᠠᠭ᠎ᠠ᠄ 3

ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠳᠡᠳ᠋ ᠳᠠᠷᠤᠭ᠎ᠠ ᠯᠢ ᠭᠠᠩ ᠲᠦᠷᠦᠭᠦᠬᠡᠨ ᠶᠠᠪᠤᠭᠳᠠᠭᠰᠠᠨ ᠬᠥᠬᠡᠬᠣᠲᠠ᠎ᠶᠢᠨ ᠤᠯᠤᠰ᠎ᠤᠨ ᠨᠡᠢᠳᠡᠮ ᠬᠡᠷᠡᠭᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢ ᠤᠯᠠᠮ ᠴᠢᠨᠠᠬᠰᠢᠳᠠ ᠠᠬᠢᠭᠤᠯᠬᠤ 《1+4+N》 ᠬᠠᠪᠰᠤᠷᠤᠯᠴᠠᠭ᠎ᠠ ᠬᠢᠵᠤ ᠬᠠᠮᠲᠤ᠎ᠪᠠᠷ ᠪᠠᠢᠭᠤᠯᠬᠤ ᠭᠠᠷ᠎ᠤᠨ ᠥᠰᠥᠭ ᠵᠢᠷᠤᠬᠤ ᠶᠣᠰᠣᠯᠠᠯ ᠳᠡᠭᠡᠷ᠎ᠡ᠂ 《ᠡᠯ᠎ᠡ ᠰᠤᠷᠭᠠᠭᠤᠯᠢ᠎ᠶᠢᠨ ᠤᠳᠤᠷᠢᠳᠤᠯᠭ᠎ᠠ ᠲᠦᠷᠦᠭᠦᠯᠡᠨ ᠵᠢᠱ᠌ᠢᠶ᠎ᠠ ᠦᠵᠡᠭᠦᠯᠵᠦ᠍᠂ ᠨᠠᠮ᠎ᠤᠨ ᠭᠡᠱᠢᠭᠦᠨ ᠺᠠᠳ᠋ᠷ ᠪᠦᠭᠦᠳᠡᠭᠡᠷ᠎ᠵᠢᠡᠨ ᠬᠥᠳᠡᠯᠦᠯᠴᠡᠵᠦ᠍᠂ ᠦᠨᠳᠦᠰᠦᠲᠡᠨ᠎ᠨᠦᠭᠦᠳ᠎ᠦᠨ ᠪᠠᠭᠰᠢ ᠰᠤᠷᠤᠭᠴᠢᠳ ᠢᠳᠡᠪᠬᠢᠲᠡᠢ ᠪᠡᠷ ᠴᠤᠤᠷᠢᠶᠠᠲᠤᠨ ᠲᠠᠭᠠᠵᠦ᠍ ᠣᠷᠣᠯᠴᠠᠨ᠂ ᠬᠠᠪᠰᠤᠷᠤᠯᠴᠠᠭ᠎ᠠ ᠭᠢᠬᠥ ᠠᠵᠢᠯᠯᠠᠭ᠎ᠠ᠎ᠶᠢ ᠰᠤᠷᠭᠠᠭᠤᠯᠢ᠎ᠶᠢᠨ ᠳᠠᠪᠬᠤᠷᠭ᠎ᠠ ᠨᠢᠭᠡ ᠪᠦᠷᠢ᠂ ᠥᠨᠴᠥᠭ ᠪᠤᠯᠤᠩ ᠪᠥᠬᠥᠨ᠎ᠳᠦ ᠬᠦᠷᠲᠡᠯ᠎ᠡ ᠥᠷᠨᠢᠭᠦᠯᠬᠦ᠌ ᠬᠡᠷᠡᠭᠲᠡᠢ》 ᠭᠡᠵᠤ ᠬᠡᠯᠡᠪᠡ᠃

ᠲᠤᠬᠠᠶ᠎ᠶᠢᠨ ᠡᠳᠦᠷ᠂ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ (ᠥᠪᠥᠷ ᠮᠣᠩᠭᠣᠯ᠎ᠤᠨ ᠪᠠᠭᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠬᠣᠶᠠᠳᠤᠭᠠᠷ ᠰᠤᠷᠭᠠᠭᠤᠯᠢ) ᠨᠢ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ᠂ ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠬᠥᠬᠡᠬᠣᠲᠠ ᠳ᠋ᠡᠬᠢ ᠬᠤᠪᠢᠶᠠᠷᠢ ᠰᠤᠷᠭᠠᠭᠤᠯᠢ᠂ ᠰᠠᠢᠬᠠᠨ ᠲᠣᠭᠣᠷᠢᠭ᠎ᠤᠨ ᠶᠡᠬᠡ ᠰᠤᠷᠭᠠᠭᠤᠯᠢ᠎ᠶᠢᠨ ᠵᠠᠮ᠎ᠤᠨ ᠪᠠᠭ᠎ᠠ ᠰᠤᠷᠭᠠᠭᠤᠯᠢ᠂ ᠰᠠᠢᠬᠠᠨ ᠲᠣᠭᠣᠷᠢᠭ᠎ᠤᠨ ᠯᠢᠦᠢ ᠳ᠋ᠢ ᠪᠠᠭ᠎ᠠ ᠰᠤᠷᠭᠠᠭᠤᠯᠢ ᠯᠤᠭ᠎ᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ 《1+4+N》 ᠬᠠᠪᠰᠤᠷᠤᠯᠴᠠᠭ᠎ᠠ ᠬᠢᠵᠤ ᠬᠠᠮᠳᠤ ᠪᠡᠷ ᠪᠠᠢᠭᠤᠯᠬᠤ ᠬᠡᠯᠡᠯᠴᠡᠭᠡᠷ᠎ᠲᠦ ᠭᠠᠷ᠎ᠤᠨ ᠥᠰᠥᠭ ᠵᠢᠷᠤᠪᠠ᠃ ᠰᠤᠷᠭᠠᠭᠤᠯᠢ᠎ᠶᠢᠨ ᠬᠣᠭᠣᠷᠣᠨᠳᠣ ᠪᠠᠨ ᠬᠠᠷᠢᠯᠴᠠᠨ ᠭᠣᠤᠯᠯᠠᠬᠴᠢ ᠪᠠᠭᠰᠢ᠎ᠶᠢ ᠰᠣᠩᠭᠣᠨ ᠲᠣᠮᠢᠯᠠᠵᠤ ᠨᠥᠭᠥᠭᠡ ᠡᠲᠡᠭᠡᠳ᠎ᠦᠨ᠎ᠵᠢᠡᠨ ᠰᠤᠷᠭᠠᠭᠤᠯᠢ᠎ᠳᠤ ᠣᠴᠢᠭᠤᠯᠤᠨ ᠬᠠᠮᠲᠤ᠎ᠪᠠᠷ ᠬᠢᠴᠢᠶᠡᠯ ᠪᠡᠯᠡᠳᠭᠡᠬᠦ᠌᠂ ᠬᠢᠴᠢᠶᠡᠯ ᠰᠣᠨᠣᠰᠭᠤ᠂ ᠬᠢᠴᠢᠶᠡᠯ ᠰᠤᠳᠤᠯᠬᠤ᠂ ᠬᠢᠴᠢᠶᠡᠯ ᠦᠨᠡᠯᠡᠬᠦ᠌ ᠵᠡᠷᠭᠡ ᠵᠢᠭᠠᠨ ᠰᠤᠷᠭᠠᠯᠲᠠ᠎ᠶᠢᠨ ᠰᠤᠳᠤᠯᠭᠠᠨ᠎ᠤ ᠠᠵᠢᠯᠯᠠᠭ᠎ᠠ᠎ᠶᠢ ᠥᠷᠨᠢᠭᠦᠯᠵᠦ᠍᠂ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠬᠦ᠌ ᠰᠤᠷᠭᠠᠭᠤᠯᠢ᠎ᠶᠢᠨ ᠰᠤᠷᠤᠭᠴᠢᠳ᠎ᠤᠨ ᠰᠤᠷᠤᠯᠴᠠᠬᠤ ᠴᠢᠳᠠᠪᠤᠷᠢ᠎ᠶᠢ ᠳᠡᠭᠡᠭᠱᠢᠯᠡᠭᠦᠯᠦᠨ᠂ ᠡᠯ᠎ᠡ ᠰᠤᠷᠭᠠᠭᠤᠯᠢ᠎ᠶᠢᠨ ᠪᠦᠯᠬᠦᠮᠳᠡᠨ ᠳᠠᠪᠱᠢᠬᠤ᠂ ᠬᠠᠮᠲᠤ᠎ᠪᠠᠷ ᠬᠥᠭᠵᠢᠬᠦ᠌᠎ᠶᠢ ᠪᠡᠶᠡᠯᠡᠭᠦᠯᠪᠠ᠃

ᠲᠣᠰ ᠤᠳᠠᠭ᠎ᠠ ᠵᠢᠨ ᠬᠠᠪᠰᠤᠷᠤᠯᠴᠠᠭ᠎ᠠ ᠬᠢᠵᠤ ᠬᠠᠮᠲᠤ ᠪᠠᠷ ᠪᠠᠢᠭᠤᠯᠬᠤ ᠠᠵᠢᠯᠯᠠᠭ᠎ᠠ᠎ᠳᠤ᠂ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ ᠨᠢ ᠡᠯ᠎ᠡ ᠭᠡᠷ᠎ᠡ ᠲᠣᠭᠲᠠᠭᠰᠠᠨ ᠰᠤᠷᠭᠠᠭᠤᠯᠢ ᠯᠤᠭ᠎ᠠ ᠣᠯᠠᠨ ᠲᠠᠰ ᠳᠠᠪᠬᠤᠷᠭ᠎ᠠ᠎ᠶᠢᠨ ᠵᠢᠭᠠᠨ ᠰᠤᠷᠭᠠᠯᠲᠠ᠎ᠶᠢ ᠬᠠᠮᠲᠤ᠎ᠪᠠᠷ ᠪᠠᠢᠭᠤᠯᠵᠤ᠂ ᠡᠭᠦᠨ᠎ᠳᠦ ᠬᠥᠬᠡᠬᠣᠲᠠ᠎ᠶᠢᠨ ᠬᠣᠶᠠᠳᠤᠭᠠᠷ ᠳᠤᠮᠳᠠᠳᠤ ᠰᠤᠷᠭᠠᠭᠤᠯᠢ ᠯᠤᠭ᠎ᠠ ᠱᠢᠯᠢᠳᠡᠭ ᠪᠠᠭᠰᠢ᠎ᠵᠢᠨ ᠡᠬᠢ ᠪᠠᠶᠠᠯᠢᠭ᠎ᠢ᠋ ᠬᠠᠮᠲᠤ᠎ᠪᠠᠷ ᠡᠳ᠋ᠯᠡᠨ᠎ᠡ; ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠬᠥᠬᠡᠬᠣᠲᠠ᠎ᠳ᠋ᠡᠬᠢ ᠬᠤᠪᠢᠶᠠᠷᠢ ᠰᠤᠷᠭᠠᠭᠤᠯᠢ᠎ᠯᠤᠭ᠎ᠠ ᠵᠢᠭᠠᠨ ᠰᠤᠳᠤᠯᠬᠤ ᠬᠠᠮᠲᠤ᠎ᠶᠢᠨ ᠴᠣᠭᠴᠠ᠎ᠶᠢᠨ ᠪᠣᠯᠪᠠᠰᠤᠷᠠᠯ᠎ᠢ᠋ ᠥᠷᠨᠢᠭᠦᠯᠵᠦ᠍᠂ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ ᠪᠦᠯᠦᠭ ᠬᠤᠪᠢᠶᠠᠨ ᠪᠡᠭᠡᠵᠢᠩ᠎ᠦᠨ ᠳᠥᠷᠪᠡᠳᠦᠭᠡᠷ ᠳᠤᠮᠳᠠᠳᠤ ᠰᠤᠷᠭᠠᠭᠤᠯᠢ᠎ᠶᠢᠨ ᠶᠡᠷᠦᠩᠬᠡᠢ ᠰᠤᠷᠭᠠᠭᠤᠯᠢ᠎ᠶᠢᠨ ᠪᠣᠯᠪᠠᠰᠤᠷᠠᠯ᠎ᠤᠨ ᠠᠵᠢᠯᠯᠠᠭ᠎ᠠ᠎ᠳᠤ ᠣᠷᠣᠯᠴᠠᠭᠤᠯᠤᠨ᠎ᠠ; ᠰᠠᠢᠬᠠᠨ ᠲᠣᠭᠣᠷᠢᠭ᠎ᠤᠨ ᠯᠢᠦᠢ ᠳ᠋ᠢ ᠪᠠᠭ᠎ᠠ ᠰᠤᠷᠭᠠᠭᠤᠯᠢ ᠪᠠ ᠰᠠᠢᠬᠠᠨ ᠲᠣᠭᠣᠷᠢᠭ᠎ᠤᠨ ᠶᠡᠬᠡ ᠰᠤᠷᠭᠠᠭᠤᠯᠢ᠎ᠶᠢᠨ ᠵᠠᠮ᠎ᠤᠨ ᠪᠠᠭ᠎ᠠ ᠰᠤᠷᠭᠠᠭᠤᠯᠢ᠎ᠯᠤᠭ᠎ᠠ ᠬᠡᠷ ᠪᠦᠯᠢ ᠪᠠ ᠰᠤᠷᠭᠠᠭᠤᠯᠢ᠎ᠶᠢᠨ ᠬᠠᠮᠲᠤᠷᠠᠯᠴᠠᠭ᠎ᠠ᠎ᠶᠢᠨ ᠲᠤᠷᠱᠢᠯᠭ᠎ᠠ᠎ᠪᠠᠨ ᠰᠣᠯᠢᠯᠴᠠᠬᠤ ᠠᠵᠢᠯᠯᠠᠭ᠎ᠠ ᠦᠷᠨᠢᠬᠦᠯᠬᠥ ᠪᠤᠯᠤᠨ᠎ᠠ ᠃

《ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ ᠨᠢ ᠵᠢᠭᠠᠨ ᠰᠤᠳᠤᠯᠬᠤ ᠳᠤᠭᠤᠢᠯᠠᠩ᠂ ᠬᠢᠴᠢᠶᠡᠯ ᠪᠡᠯᠡᠳᠭᠡᠬᠦ᠌ ᠳᠤᠭᠤᠢᠯᠠᠩ᠎ᠵᠢᠡᠷ ᠲᠤᠯᠭᠠᠭᠤᠷᠢᠯᠡᠯ ᠪᠤᠯᠭᠠᠵᠤ᠂ ᠭᠡᠷ᠎ᠡ ᠲᠣᠭᠲᠠᠭᠰᠠᠨ ᠰᠤᠷᠭᠠᠭᠤᠯᠢ᠎ᠨᠤᠭᠤᠳ ᠲᠠᠶ ᠬᠠᠮᠢᠶᠠᠷᠤᠯᠲᠠ᠎ᠶᠢᠨ ᠲᠤᠷᠱᠢᠯᠭ᠎ᠠ ᠪᠠᠨ ᠭᠦᠨᠵᠡᠭᠡᠶ ᠰᠣᠯᠢᠯᠴᠠᠵᠤ᠂ ᠭᠡᠷ᠎ᠡ ᠲᠣᠭᠲᠠᠭᠰᠠᠨ ᠰᠤᠷᠭᠠᠭᠤᠯᠢ᠎ᠶᠢᠨ ᠱᠢᠯᠢᠳᠡᠭ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠡᠬᠢ ᠪᠠᠶᠠᠯᠢᠭ ᠪᠠ ᠭᠣᠤᠯᠯᠠᠬᠴᠢ ᠪᠠᠭᠰᠢ᠎ᠶᠢ ᠠᠱᠢᠬᠯᠡᠨ᠂ ᠭᠤᠴᠢᠳᠤᠭᠠᠷ ᠳᠤᠮᠳᠠᠳᠤ ᠰᠤᠷᠭᠠᠭᠤᠯᠢ᠎ᠶᠢᠨ ᠬᠢᠴᠢᠶᠡᠯ᠎ᠦᠨ ᠪᠠᠢᠭᠤᠯᠤᠯᠲᠠ ᠪᠠ ᠪᠠᠭᠰᠢ᠎ᠶᠢᠨ ᠡᠩᠨᠡᠭᠡ᠎ᠶᠢᠨ ᠬᠥᠭᠵᠢᠨ ᠪᠤᠵᠠᠭᠠᠢᠷᠠᠬᠤ᠎ᠶᠢ ᠳᠠᠢᠴᠢᠯᠠᠨ᠂ ᠭᠤᠴᠢᠳᠤᠭᠠᠷ ᠳᠤᠮᠳᠠᠳᠤ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠶᠠᠰᠤ ᠴᠢᠨᠠᠷ᠎ᠤᠨ ᠳᠡᠭᠡᠭᠱᠢᠯᠡᠯᠲᠡ᠎ᠶᠢ ᠠᠬᠢᠭᠤᠯᠤᠨ᠎ᠠ》 ᠭᠡᠵᠦ᠍ ᠬᠥᠬᠡᠬᠣᠲᠠ᠎ᠶᠢᠨ ᠭᠤᠴᠢᠳᠤᠭᠠᠷ ᠳᠤᠮᠳᠠᠳᠤ ᠰᠤᠷᠭᠠᠭᠤᠯᠢ᠎ᠶᠢᠨ ᠵᠠᠬᠢᠷᠤᠯ ᠳ᠋ᠦᠩ ᠱᠤᠸᠠᠩ ᠯᠦᠩ ᠲᠠᠨᠢᠯᠴᠠᠭᠤᠯᠪᠠ᠃

ᠦᠨᠳᠦᠰᠦᠲᠡᠨ᠎ᠦ ᠬᠡᠯᠡ᠎ᠪᠡᠷ ᠬᠢᠴᠢᠶᠡᠯᠯᠡᠬᠦ᠌ ᠰᠤᠷᠭᠠᠭᠤᠯᠢ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠵᠢᠭᠦᠯᠬᠦ᠌ ᠲᠤᠬᠠᠶ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢᠳᠪᠤᠷᠢᠳᠤ ᠪᠣᠳᠣᠯᠭ᠎ᠠ᠎ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ᠂ ᠬᠥᠬᠡᠬᠣᠲᠠ᠎ᠶᠢᠨ ᠬᠢᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠬᠦ᠌ ᠰᠤᠷᠭᠠᠭᠤᠯᠢ᠎ᠶᠢᠨ ᠪᠠᠭᠰᠢ᠎ᠶᠢᠨ ᠡᠩᠨᠡᠭᠡᠨ᠎ᠦ ᠪᠠᠲᠤᠯᠠᠭ᠎ᠠ᠎ᠶᠢ ᠲᠠᠰᠤᠷᠠᠯᠲᠠ ᠥᠬᠡᠶ ᠴᠢᠩᠭᠠᠳᠭᠠᠵᠤ᠂ ᠥᠷᠭᠡᠨ ᠣᠯᠠᠨ ᠪᠠᠭᠰᠢ᠎ᠨᠠᠷ᠎ᠢ᠋ ᠨᠠᠩ ᠰᠠᠨᠠᠭ᠎ᠠ ᠠᠮᠤᠷ ᠬᠢᠴᠢᠶᠡᠯᠯᠡᠵᠤ᠂ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠬᠦ᠌ ᠰᠤᠷᠤᠭᠴᠢᠳ᠎ᠢ᠋ ᠬᠠᠪᠰᠤᠷᠤᠨ ᠤᠯᠤᠰ᠎ᠤᠨ ᠨᠡᠢᠳᠡᠮ ᠬᠡᠷᠡᠭᠯᠡᠬᠦ᠌ ᠦᠭᠡ ᠬᠡᠯᠡ ᠥᠰᠥᠭ ᠪᠢᠴᠢᠭ᠎ᠢ᠋ ᠰᠠᠢᠲᠤᠷ ᠰᠤᠷᠤᠯᠴᠠᠭᠤᠯᠵᠤ ᠪᠠᠢᠨ᠎ᠠ᠃

《ᠬᠠᠮᠳᠤ ᠪᠡᠷ ᠪᠠᠢᠭᠤᠯᠬᠤ ᠰᠤᠷᠭᠠᠭᠤᠯᠢ ᠡᠴᠡ ᠭᠤᠴᠢᠳᠤᠭᠠᠷ ᠳᠤᠮᠳᠠᠳᠤ ᠰᠤᠷᠭᠠᠭᠤᠯᠢ᠎ᠳ᠋ᠤ ᠬᠦᠷᠴᠤ ᠬᠢᠴᠢᠶᠠᠯ ᠵᠢᠭᠠᠵᠤ ᠬᠠᠪᠰᠤᠷᠤᠨ ᠲᠡᠳᠬᠦᠵᠤ ᠪᠠᠢᠭ᠎ᠠ ᠪᠠᠬᠰᠢ ᠨᠠᠷ ᠢ᠋ ᠬᠦᠨᠳᠤᠳᠭᠡᠨ ᠬᠠᠢᠷᠠᠯᠠᠬᠤ ᠭᠡᠷᠡᠭᠳᠠᠢ᠃ ᠪᠢᠳᠠ ᠪᠠᠰᠠ ᠬᠤᠯᠪᠤᠬᠳᠠᠯ ᠪᠦᠬᠦᠢ ᠲᠦᠷᠢᠮ ᠤ᠋ᠨ ᠲᠦᠰᠤᠯ ᠢ᠋ ᠤᠯᠠᠮ ᠴᠢᠨᠠᠬᠰᠢᠳᠠ ᠢᠳᠡᠪᠬᠢᠳᠠᠢ ᠨᠠᠷᠢᠯᠢᠬᠵᠢᠭᠤᠯᠵᠤ᠂ ᠬᠢᠴᠢᠶᠠᠯ ᠵᠢᠭᠠᠵᠤ ᠬᠠᠪᠰᠤᠷᠤᠨ ᠲᠡᠳᠬᠦᠵᠤ ᠪᠠᠢᠭ᠎ᠠ ᠪᠠᠬᠰᠢ ᠨᠠᠷ ᠢ᠋ ᠬᠠᠯᠠᠮᠵᠢᠯᠡᠨ ᠬᠠᠢᠷᠠᠯᠠᠬᠤ ᠪᠡᠨ ᠲᠠᠰᠤᠷᠠᠯᠳᠠ ᠦᠭᠡᠢ ᠴᠢᠨᠭᠭᠠᠳᠬᠠᠨ᠎ᠠ》 ᠭᠡᠵᠦ᠍ ᠯᠢ ᠭᠠᠩ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面