2023-11-26 12:30:10
ᠤᠢᠷ᠎ᠠ᠎ᠳᠤ᠂ ᠣᠷᠳᠣᠰ ᠬᠤᠳᠠ᠎ᠶᠢᠨ ᠳ᠋ᠦᠩᠱᠧᠩ ᠲᠣᠭᠣᠷᠢᠭ᠋᠎ᠤᠨ ᠲᠢᠶᠠᠨ ᠵᠢᠶᠣᠣ ᠵᠡᠭᠡᠯᠢ ᠭᠤᠳᠤᠮᠵᠢ᠎ᠶᠢᠨ ᠠᠨᠳᠠ ᠨᠡᠢᠭᠡᠮ ᠲᠣᠭᠣᠷᠢᠭ᠋᠎ᠤᠨ 《ᠠᠷᠠᠳ᠎ᠤᠨ ᠬᠢᠴᠢᠶᠡᠯ᠎ᠦᠨ ᠲᠠᠩᠬᠢᠮ》 ᠳ᠋ᠤ ᠬᠦᠷᠬᠦ ᠳ᠋ᠤ ᠨᠡᠢᠭᠡᠮ ᠲᠣᠭᠣᠷᠢᠭ᠋᠎ᠤᠨ ᠬᠢᠨ᠎ᠤ ᠭᠠᠳᠠᠨ᠎ᠠ᠎ᠠᠴᠠ ᠤᠷᠢᠭ᠍ᠰᠠᠨ ᠳᠤᠮᠳᠠᠳᠤ ᠰᠤᠷᠭᠠᠭᠤᠯᠢ᠎ᠶᠢᠨ ᠬᠡᠯᠡ ᠪᠢᠴᠢᠭ᠎ᠦᠨ ᠪᠠᠭ᠍ᠰᠢ ᠴᠢᠨ ᠱᠤᠸᠠᠢ ᠶᠠᠭ ᠰᠠᠢᠬᠠᠨ ᠨᠡᠢᠭᠡᠮ ᠲᠣᠭᠣᠷᠢᠭ᠋᠎ᠤᠨ 10 ᠭᠠᠷᠤᠢ ᠰᠠᠭᠤᠭᠠᠯᠢ ᠠᠷᠠᠳ᠎ᠲᠤ ᠬᠢᠴᠢᠶᠡᠯ ᠵᠢᠭᠠᠵᠤ ᠪᠠᠢᠯ᠎ᠠ᠃ ᠣᠯᠠᠨ᠎ᠢᠶᠠᠷ᠎ᠢᠶᠠᠨ ᠪᠠᠭᠰᠢ ᠵᠢᠨ ᠬᠢᠴᠢᠶᠡᠯ ᠢ᠋ ᠬᠢᠨᠠᠮᠠᠭᠠᠢ ᠰᠣᠨᠣᠰᠬᠤ᠎ᠶᠢᠨ ᠳᠠᠭᠠᠤ ᠲᠡᠮᠳᠡᠭᠯᠡᠯ ᠬᠢᠬᠡᠳ ᠲᠤᠩ ᠶᠠᠭᠠᠷᠠᠤ᠃ ᠬᠣᠶᠠᠷ ᠵᠢᠯ᠎ᠦᠨ ᠲᠤᠷᠰᠢ᠂ 《ᠠᠷᠠᠳ᠎ᠤᠨ ᠬᠢᠴᠢᠶᠡᠯ᠎ᠦᠨ ᠲᠠᠩᠬᠢᠮ》 ᠨᠢ ᠭᠠᠷᠠᠭ ᠪᠦᠷᠢ ᠲᠣᠭᠲᠠᠭᠰᠠᠨ ᠴᠠᠭ᠎ᠲᠠᠭᠠᠨ ᠬᠢᠴᠢᠶᠡᠯᠯᠡᠳᠡᠭ ᠠᠵᠢ᠃
ᠠᠨᠳᠠ ᠨᠡᠢᠭᠡᠮ ᠲᠣᠭᠣᠷᠢᠭ᠋᠎ᠤᠨ ᠠᠰᠠᠷ᠎ᠤᠨ ᠬᠣᠩᠭᠢᠯ᠎ᠳ᠋ᠤ 《ᠲᠣᠩᠰᠢᠭᠤᠯ》 ᠲᠡᠮᠳᠡᠭᠳᠦ ᠠᠯᠳᠠᠭ᠎ᠠ ᠪᠤᠷᠤᠭᠤ᠎ᠶᠢ ᠵᠠᠯᠠᠷᠠᠭᠤᠯᠬᠤ ᠱᠠᠩᠨᠠᠯᠳᠤ ᠠᠵᠢᠯᠯᠠᠭ᠎ᠠ᠎ᠵᠢ ᠵᠢᠯ ᠲᠤᠵᠢ ᠦᠷᠨᠢᠬᠦᠯᠵᠦ ᠪᠠᠢᠳᠠᠭ᠃ ᠡᠨᠡ ᠬᠦ᠌ ᠠᠵᠢᠯᠯᠠᠭ᠎ᠠ ᠨᠢ ᠰᠢᠨᠵᠢᠯᠡᠬᠦ ᠤᠬᠠᠭᠠᠨ᠎ᠢ ᠲᠦᠭᠡᠮᠡᠯᠵᠢᠬᠦᠯᠬᠦ ᠪᠠ ᠳᠤᠷ᠎ᠠ ᠰᠤᠨᠢᠷᠬᠠᠯ ᠢ᠋ ᠤᠶᠠᠯᠳᠤᠭᠤᠯᠬᠤ ᠵᠢ ᠪᠠᠷᠢᠮᠳᠠᠯᠠᠭᠰᠠᠨ᠎ᠠᠴᠠ ᠥᠲᠡᠯᠦᠭᠡ ᠵᠠᠯᠠᠭᠤ ᠪᠦᠬᠦᠨ᠎ᠤ ᠨᠡᠢᠳᠡᠮ᠎ᠤᠨ ᠲᠠᠭᠠᠰᠢᠶᠠᠯ᠎ᠢ ᠤᠯᠤᠭᠰᠠᠨ ᠪᠠᠢᠨ᠎ᠠ᠃ ᠨᠡᠢᠭᠡᠮ ᠲᠣᠭᠣᠷᠢᠭ᠋᠎ᠤᠨ ᠬᠢᠨ ᠪᠠᠰᠠ 《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠤᠬᠠᠭᠤᠯᠭ᠎ᠠ ᠬᠥᠮᠦᠵᠢᠯ᠎ᠦᠨ ᠰᠠᠭᠤᠷᠢᠨ》᠂《ᠬᠠᠮᠲᠤ᠎ᠪᠠᠷ ᠡᠳ᠋ᠯᠡᠬᠦ ᠨᠣᠮ᠎ᠤᠨ ᠦᠷᠦᠭᠡ》᠂ 《ᠨᠡᠢᠲᠡᠯᠢᠭ ᠬᠡᠯᠡ᠎ᠪᠡᠷ ᠤᠷᠤᠰᠤᠮ᠎ᠠ ᠰᠠᠢᠬᠠᠨ ᠶᠠᠷᠢᠬᠤᠢ 》᠂ 《ᠰᠦᠯᠵᠢᠶᠡᠨ ᠬᠢᠴᠢᠶᠡᠯ᠎ᠦᠨ ᠭᠡᠷ》᠂ 《ᠦᠬᠡ ᠬᠡᠯᠡ᠎ᠪᠡᠷ ᠠᠮᠢᠳᠤᠷᠠᠯ ᠵᠢᠡᠨ ᠴᠢᠮᠡᠨ᠎ᠡ》 ᠵᠡᠷᠭᠡ ᠬᠣᠯᠪᠣᠭᠳᠠᠯ ᠪᠦᠬᠦᠢ ᠠᠵᠢᠯᠯᠠᠭ᠎ᠠ᠎ᠵᠢ ᠦᠷᠨᠢᠬᠦᠯᠵᠦ ᠪᠠᠢᠳᠠᠭ᠃
《ᠠᠨᠳᠠ ᠨᠡᠢᠭᠡᠮ ᠲᠣᠭᠣᠷᠢᠭ᠋᠎ᠲᠤ ᠮᠣᠩᠭᠣᠯ᠂ ᠬᠣᠲᠣᠩ᠂ ᠮᠠᠨᠵᠤ᠂ ᠮᠢᠶᠣᠣ᠂ ᠲᠦᠵᠢᠶᠠ᠂ ᠢ᠂ ᠵᠤᠸᠠᠩ ᠵᠡᠷᠭᠡ 7 ᠴᠥᠭᠡᠨ ᠲᠣᠭᠠᠲᠤ ᠦᠨᠳᠦᠰᠦᠲᠡᠨ ᠲᠠᠢ᠂ ᠨᠡᠢᠳᠡ 1083 ᠬᠥᠮᠥᠨ ᠠᠮᠠ ᠳᠠᠢ᠃ ᠲᠣᠣᠷᠵᠢᠭᠤᠯᠤᠭᠰᠠᠨ ᠵᠠᠰᠠᠯᠲᠠ ᠶ᠋ᠢᠨ ᠰᠢᠰᠲᠧᠮ ᠢ᠋ ᠠᠰᠢᠭ᠍ᠯᠠᠨ᠂ ᠨᠡᠢᠭᠡᠮ᠎ᠦᠨ ᠪᠠᠭ᠍ᠰᠢ ᠨᠠᠷ᠎ᠲᠤ ᠲᠦᠰᠢᠭᠯᠡᠵᠦ᠂ ᠨᠡᠢᠲᠡᠯᠢᠭ ᠬᠡᠯᠡ᠎ᠪᠡᠷ ᠶᠠᠷᠢᠬᠤ᠂ ᠳᠦᠷᠢᠮᠵᠢᠭᠰᠡᠨ ᠦᠰᠦᠭ ᠢ᠋ ᠪᠢᠴᠢᠬᠦ᠂ ᠰᠤᠩᠭᠤᠳᠠᠭ ᠰᠢᠯᠦᠭ ᠳᠠᠭᠤᠯᠠᠯ ᠢ᠋ ᠰᠤᠷᠤᠯᠴᠠᠬᠤ ᠨᠡᠢᠭᠡᠮ ᠲᠣᠭᠣᠷᠢᠭ᠋᠎ᠤᠨ 〈ᠠᠭᠤᠷ ᠠᠮᠢᠰᠬᠤᠯ〉 ᠢ᠋ ᠪᠤᠶ ᠪᠣᠯᠭᠠᠭᠰᠠᠨ ᠪᠠᠢᠨ᠎ᠠ》 ᠭᠡᠵᠦ ᠠᠨᠳᠠ ᠨᠡᠢᠭᠡᠮ ᠲᠣᠭᠣᠷᠢᠭ᠋᠎ᠤᠨ ᠨᠠᠮ᠎ᠤᠨ ᠶᠡᠷᠦᠩᠬᠡᠢ ᠡᠭᠦᠷ᠎ᠦᠨ ᠱᠦᠵᠢ ᠰᠢᠦᠢ ᠨᠠ ᠬᠡᠯᠡᠪᠡ᠃
ᠳ᠋ᠦᠩᠱᠧᠩ ᠲᠣᠭᠣᠷᠢᠭ᠋᠎ᠤᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ᠎ᠦᠨ ᠠᠵᠢᠯᠲᠠᠨ ᠮᠠ ᠯᠢ᠎ᠶᠢᠨ ᠲᠠᠨᠢᠯᠴᠠᠭᠤᠯᠤᠭᠰᠠᠨ᠎ᠢᠶᠠᠷ᠂ ᠣᠳᠣᠬᠠᠨ᠎ᠳᠤ᠂ ᠳ᠋ᠦᠩᠱᠧᠩ ᠲᠣᠭᠣᠷᠢᠭ᠋᠎ᠤᠨ 3 ᠰᠢᠶᠠᠩ ᠪᠠᠯᠭᠠᠰᠤ᠂ 12 ᠵᠡᠭᠡᠯᠢ ᠭᠤᠳᠤᠮᠵᠢ 《ᠪᠢᠳᠡᠨ᠎ᠦ ᠪᠠᠶᠠᠷᠳᠤᠷᠠᠰᠬᠠᠯᠤᠨ ᠡᠳᠦᠷ》᠂ 《ᠰᠠᠢᠨ ᠠᠨᠳᠠ》᠂ 《ᠨᠡᠢᠲᠡᠯᠢᠭ ᠬᠡᠯᠡ᠎ᠪᠡᠷ ᠰᠠᠢᠲᠤᠷ ᠶᠠᠷᠢᠵᠤ ᠵᠢᠷᠤᠮᠵᠢᠭᠰᠠᠨ ᠪᠢᠴᠢᠯᠭᠡ ᠪᠡᠷ ᠰᠠᠢᠲᠤᠷ ᠪᠢᠴᠢᠬᠦ》 ᠵᠡᠷᠭᠡ ᠨᠠᠷᠠᠲᠤ ᠲᠦᠷᠦᠯ ᠲᠡᠮᠳᠡᠭᠳᠤ ᠠᠵᠢᠯᠯᠠᠭ᠎ᠠ᠎ᠶᠢ ᠡᠬᠦᠳᠴᠦ᠂ ᠣᠯᠠᠨ ᠶᠠᠩᠵᠤ ᠬᠡᠯᠪᠡᠷᠢ᠎ᠲᠠᠢ᠂ ᠪᠠᠶᠠᠯᠢᠭ᠋ ᠠᠭᠤᠯᠭ᠎ᠠ ᠲᠠᠢ᠂ ᠣᠨᠴᠠᠯᠢᠭ᠋᠎ᠢᠶᠠᠷ ᠢᠯᠡ ᠲᠣᠳᠣ᠌ ᠣᠯᠠᠨ ᠲᠦᠮᠡᠨᠴᠢ ᠠᠵᠢᠯᠯᠠᠭ᠎ᠠ᠎ᠶᠢ ᠡᠯ᠎ᠡ ᠨᠡᠢᠭᠡᠮ ᠲᠣᠭᠣᠷᠢᠭ᠋᠎ᠲᠤ ᠳᠡᠯᠭᠡᠷᠡᠭᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠠᠵᠢᠯ᠎ᠢ ᠡᠳᠦᠷ ᠲᠤᠳᠤᠮ᠎ᠤᠨ ᠠᠵᠢᠯ᠎ᠳ᠋ᠠᠭᠠᠨ ᠠᠭᠤᠰᠬᠠᠵᠤ ᠪᠠᠢᠩᠭᠤ ᠠᠳᠬᠤᠵᠤ ᠪᠠᠢᠭ᠎ᠠ ᠶᠤᠮ᠃
ᠡᠭᠦᠨ᠎ᠡᠴᠡ ᠭᠠᠳᠠᠨ᠎ᠠ᠂ ᠳ᠋ᠦᠩᠱᠧᠩ ᠲᠣᠭᠣᠷᠢᠭ᠋ ᠪᠠᠰᠠ ᠪᠦᠬᠦ ᠨᠡᠢᠭᠡᠮ᠎ᠢᠶᠡᠷ᠎ᠢᠶᠡᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠠᠵᠢᠯ᠎ᠢ ᠬᠠᠮᠲᠤ᠎ᠪᠠᠷ ᠳᠡᠯᠭᠡᠷᠡᠭᠦᠯᠬᠦ ᠰᠠᠢᠨ ᠰᠠᠢᠬᠠᠨ ᠠᠭᠤᠷ ᠠᠮᠢᠰᠬᠤᠯ᠎ᠢ ᠪᠤᠢ ᠪᠣᠯᠭᠠᠪᠠ᠃ ᠳ᠋ᠦᠩᠱᠧᠩ ᠲᠣᠭᠣᠷᠢᠭ᠋᠎ᠤᠨ ᠰᠢᠭᠦᠬᠦ ᠬᠣᠷᠢᠶ᠎ᠠ᠎ᠶᠢᠨ ᠡᠬᠦᠳᠦᠨ ᠪᠠᠢᠭᠤᠯᠤᠭᠰᠠᠨ 《ᠠᠨᠠᠷ᠎ᠤᠨ ᠦᠷ᠎ᠡ》 ᠴᠣᠩᠬᠣᠪᠴᠢ ᠪᠠ 《ᠠᠨᠠᠷ᠎ᠤᠨ ᠦᠷ᠎ᠡ》 ᠰᠢᠭᠦᠬᠦ ᠲᠢᠩᠬᠢᠮ᠎ᠦᠨ ᠨᠠᠷᠠᠲᠤ ᠲᠦᠷᠦᠯ ᠲᠡᠮᠳᠡᠭ ᠨᠢ ᠪᠠᠷᠢᠮᠵᠢᠶᠠᠵᠢᠭᠰᠠᠨ ᠦᠢᠯᠡᠴᠢᠯᠡᠭᠡ᠂ ᠦᠢᠯᠡᠴᠢᠯᠡᠭᠡ᠎ᠶᠢ ᠤᠷᠲᠤᠳᠬᠠᠬᠤ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠠᠵᠢᠯ᠎ᠢ ᠳᠡᠯᠭᠡᠷᠡᠭᠦᠯᠬᠦ᠎ᠶᠢ ᠤᠶᠠᠯᠳᠤᠭᠤᠯᠤᠭᠰᠠᠨ ᠨᠢ ᠬᠡᠷᠡᠭ ᠰᠢᠢᠳᠪᠦᠷᠢᠯᠡᠬᠦᠯᠬᠦ ᠲᠤᠬᠠᠢ᠎ᠶᠢᠨ ᠬᠥᠮᠥᠨ᠎ᠦ ᠮᠠᠭᠲᠠᠭᠠᠯ ᠰᠠᠢᠰᠢᠶᠠᠯ᠎ᠢ ᠣᠯᠪᠠ; ᠳ᠋ᠦᠩᠱᠧᠩ ᠲᠣᠭᠣᠷᠢᠭ᠋᠎ᠤᠨ ᠨᠣᠮ᠎ᠤᠨ ᠰᠠᠩ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠬᠤ ᠪᠠᠷ ᠭᠣᠣᠯ ᠪᠣᠯᠭᠠᠵᠤ᠂ 《ᠴᠢ ᠴᠢ᠎ᠶᠢᠨ ᠡᠵᠢ᠎ᠶᠢᠨ ᠶᠠᠷᠢᠭ᠍ᠰᠠᠨ ᠵᠢᠷᠤᠭᠲᠤ ᠳᠡᠪᠲᠡᠷ》᠂ 《ᠬᠥᠪᠥᠩ ᠡᠭᠡᠴᠢ ᠦᠯᠢᠭᠡᠷ ᠶᠠᠷᠢᠭ᠍ᠰᠠᠨ ᠨᠢ》 ᠭᠡᠬᠦ ᠨᠡᠷᠡᠳᠤ ᠲᠦᠷᠦᠯ ᠲᠡᠮᠳᠡᠭᠲᠦ ᠬᠢᠴᠢᠶᠡᠯ ᠢ ᠨᠡᠭᠡᠭᠡᠬᠦ ᠪᠦᠷᠢ ᠬᠦᠮᠦᠰ ᠳᠦᠭᠦᠷᠲᠡᠯ᠎ᠡ ᠰᠠᠭᠤᠵᠤ᠂ ᠥᠷᠭᠡᠨ ᠤᠯᠠᠨ ᠭᠡᠷ᠎ᠦᠨ ᠠᠬᠠᠮᠠᠳ ᠪᠣᠯᠣᠨ ᠬᠡᠦᠬᠡᠳ᠎ᠦᠨ ᠪᠠᠬᠠᠷᠬᠠᠯ᠎ᠢ ᠲᠠᠳᠠᠵᠠᠢ; ᠳ᠋ᠦᠩᠱᠧᠩ ᠲᠣᠭᠣᠷᠢᠭ᠋᠎ᠤᠨ ᠮᠣᠩᠭᠣᠯ ᠦᠨᠳᠦᠰᠦᠲᠡᠨ᠎ᠦ ᠬᠣᠶᠠᠳᠤᠭᠠᠷ ᠬᠡᠦᠬᠡᠳ᠎ᠦᠨ ᠴᠡᠴᠡᠷᠯᠢᠭ᠎ᠤᠨ 《ᠵᠢᠵᠢᠭ ᠠᠨᠠᠷ᠎ᠤᠨ ᠦᠷ᠎ᠡ᠎ᠶᠢ ᠬᠠᠮᠲᠤ᠎ᠪᠠᠷ ᠪᠣᠢᠵᠢᠭᠤᠯᠬᠤ》 ᠪᠡᠷ ᠭᠣᠣᠯ ᠰᠡᠳᠦᠪ ᠪᠣᠯᠭᠠᠭᠰᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠢᠷᠢᠰ ᠵᠢᠭᠠᠨ ᠰᠤᠷᠭᠠᠯᠲᠠ᠎ᠶᠢᠨ ᠠᠷᠭ᠎ᠠ᠎ᠨᠢ ᠬᠡᠦᠬᠡᠳ᠎ᠦᠨ ᠬᠦᠯᠢᠶᠡᠨ ᠠᠪᠴᠤ ᠡᠵᠡᠮᠰᠢᠬᠦ ᠳ᠋ᠤ ᠮᠠᠰᠢ ᠰᠠᠢᠨ ᠪᠤᠯᠬᠤᠷ ᠪᠤᠰᠤᠳ ᠬᠡᠦᠬᠡᠳ᠎ᠦᠨ ᠴᠡᠴᠡᠷᠯᠢᠭ ᠳᠡᠯᠭᠡᠷᠡᠭᠦᠯᠪᠡ ᠁
《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠠᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠳ᠋ᠦᠩᠱᠧᠩ ᠲᠣᠭᠣᠷᠢᠭ᠋᠎ᠤᠨ ᠬᠢᠨ 〈ᠪᠦᠬᠦ ᠠᠷᠠᠳ᠎ᠢᠶᠠᠷ᠎ᠢᠶᠠᠨ ᠨᠣᠮ ᠤᠩᠰᠢᠬᠤ〉᠂ 〈ᠪᠦᠬᠦ ᠬᠤᠳᠠ᠎ᠪᠠᠷ᠎ᠢᠶᠠᠨ ᠨᠢᠭᠡ ᠨᠣᠮ ᠤᠩᠰᠢᠬᠤ〉᠂ 〈ᠨᠣᠮ᠎ᠤᠨ ᠦᠨᠦᠷ ᠬᠠᠩᠬᠤᠯᠤᠭᠰᠠᠨ ᠳ᠋ᠦᠩᠱᠧᠩ〉 ᠵᠡᠷᠭᠡ ᠰᠢᠷᠢᠰ ᠣᠷᠣᠨ ᠪᠦᠰᠡ᠎ᠶᠢᠨ ᠰᠣᠶᠣᠯ᠎ᠤᠨ ᠲᠦᠷᠦᠯ ᠲᠡᠮᠳᠡᠭ᠎ᠢ ᠡᠭᠦᠳᠪᠡ᠃ ᠰᠣᠩᠭᠣᠳᠠᠭ ᠰᠢᠯᠦᠭ ᠵᠣᠬᠢᠶᠠᠯ ᠤᠩᠰᠢᠬᠤ ᠠᠵᠢᠯᠯᠠᠭ᠎ᠠ᠂ ᠨᠡᠢᠲᠡᠯᠢᠭ ᠬᠡᠯᠡᠨ᠎ᠦ ᠶᠠᠷᠢᠶ᠎ᠠ ᠢᠯᠡᠳᠬᠡᠯ᠎ᠦᠨ ᠤᠷᠤᠯᠳᠤᠭᠠᠨ᠂ ᠤᠷᠠᠨ ᠪᠢᠴᠢᠯᠭᠡ᠎ᠶᠢᠨ ᠨᠡᠷᠡᠳᠤ ᠬᠥᠮᠥᠰ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠂ ᠨᠡᠷᠡᠳᠤ ᠵᠣᠬᠢᠶᠠᠯᠴᠢ᠎ᠶᠢ ᠨᠣᠮ᠎ᠤᠨ ᠳᠡᠯᠭᠡᠭᠦᠷ᠎ᠲᠦ ᠤᠷᠢᠬᠤ ᠵᠡᠷᠭᠡ ᠰᠣᠶᠣᠯ᠎ᠤᠨ ᠠᠵᠢᠯᠯᠠᠭ᠎ᠠ᠎ᠶᠢ ᠨᠡᠢᠳᠡᠮ ᠳᠡᠯᠭᠡᠷᠡᠭᠦᠯᠵᠦ᠂ ᠵᠥᠪᠬᠡᠨ ᠡᠨᠡ ᠵᠢᠯ᠎ᠦᠨ ᠪᠦᠬᠦ ᠤᠯᠤᠰ᠎ᠤᠨ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠭᠠᠷᠠᠭ᠎ᠤᠨ ᠠᠵᠢᠯᠯᠠᠭ᠎ᠠ᠎ᠶᠢᠨ ᠬᠤᠭᠤᠴᠠᠭᠠᠨ᠎ᠳᠤ ᠳ᠋ᠦᠩᠱᠧᠩ ᠲᠣᠭᠣᠷᠢᠭ᠋᠎ᠲᠤ ᠨᠡᠢ᠍ᠢᠳᠡ 10 ᠲᠦᠮᠡ ᠭᠠᠷᠤᠢ ᠬᠥᠮᠥᠨ (ᠤᠳᠠᠭ᠎ᠠ) ᠢᠳᠡᠪᠬᠢᠲᠡᠢ ᠣᠷᠣᠯᠴᠠᠵᠠᠢ》 ᠭᠡᠵᠦ ᠳ᠋ᠦᠩᠱᠧᠩ ᠲᠣᠭᠣᠷᠢᠭ᠋᠎ᠤᠨ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ᠎ᠦᠨ ᠳᠡᠳ᠋ ᠡᠷᠬᠢᠯᠡᠭᠴᠢ᠂ ᠳ᠋ᠦᠩᠱᠧᠩ ᠲᠣᠭᠣᠷᠢᠭ᠋᠎ᠤᠨ ᠰᠤᠷᠭᠠᠨ ᠬᠥᠮᠦᠵᠢᠯ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠳᠡᠳ᠋ ᠳᠠᠷᠤᠭ᠎ᠠ ᠭᠦᠸᠧ ᠼᠠᠢ ᠰᠢᠶᠠ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃