ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-01-09 09:51:27

ᠵᠣᠬᠢᠶᠠᠭ᠍ᠴᠢ᠄ ᠸᠠᠩ ᠶᠠ ᠵᠢᠩ᠂ ᠶᠠᠩ ᠯᠢ ᠹᠠᠩ ᠣᠩᠱᠢᠭ᠍ᠰᠠᠨ ᠣᠳᠠᠭ᠎ᠠ᠄ 3

《ᠨᠦᠬᠦᠤᠡ ᠡ᠂ ᠡᠷᠲᠡᠨ᠎ᠦ ᠬᠥᠮᠦᠰ ᠶᠠᠭᠤ ᠡᠮᠦᠰᠴᠦ᠍᠂ ᠶᠠᠭᠤ ᠢᠳᠡᠵᠦ᠍᠂ ᠶᠠᠭᠠᠬᠢᠵᠤ ᠢᠯᠡᠳᠭᠡᠳᠡᠭ᠎ᠢ ᠲᠠ᠎ᠨᠠᠷ ᠮᠡᠳᠡᠨ᠎ᠡ᠎ᠤᠤ? ᠲᠡᠳᠡ ᠦᠰᠦᠭ ᠪᠢᠴᠢᠵᠦ᠍᠂ ᠦᠰᠦᠭ ᠲᠠᠨᠢᠳᠠᠬ᠎ᠤᠤ? ᠬᠠᠮᠤᠭ ᠡᠷᠲᠡᠨ᠎ᠦ ᠦᠰᠦᠭ ᠪᠢᠴᠢᠭ ᠶᠠᠮᠠᠷ ᠪᠠᠢᠭᠰᠠᠨ ᠪᠤᠶ?》

《ᠪᠠᠭ᠍ᠰᠢ ᠡ᠂ ᠪᠢ ᠮᠡᠳᠡᠨ᠎ᠡ᠂ ᠬᠠᠮᠤᠭ ᠠᠩᠬᠠᠨ᠎ᠤ ᠦᠰᠦᠭ ᠪᠣᠯ ᠶᠠᠰᠤᠨ ᠪᠢᠴᠢᠭ ᠁ 》

《ᠪᠢᠰᠢ᠂ ᠬᠠᠮᠤᠭ ᠠᠩᠬᠠᠨ᠎ᠤ ᠦᠰᠦᠭ ᠪᠣᠯ ᠳᠦᠷᠰᠦᠲᠦ ᠦᠰᠦᠭ》᠃

ᠬᠡᠦᠬᠡᠳ᠎ᠦᠳ᠎ᠦᠨ ᠢᠳᠡᠪᠬᠢᠲᠡᠶ ᠬᠠᠷᠢᠭᠤᠯᠬᠤ᠎ᠶ᠋ᠢ ᠳᠠᠭᠠᠯᠳᠤᠨ᠂ ᠪᠠᠭ᠍ᠰᠢ ᠡᠴᠡ ᠦᠰᠦᠭ ᠪᠢᠴᠢᠭ᠎ᠦᠨ ᠡᠭᠦᠰᠦᠯ᠂ ᠤᠯᠠᠷᠢᠯ ᠬᠤᠪᠢᠷᠠᠯ ᠪᠠ ᠢᠷᠡᠭᠡᠳᠦᠶ᠎ᠶ᠋ᠢᠨ ᠲᠤᠬᠠᠶ ᠲᠠᠨᠢᠯᠴᠠᠭᠤᠯᠤᠨ᠎ᠠ᠃ ᠤᠷᠴᠢᠮ᠂ ᠬᠥᠬᠡᠬᠣᠲᠠ᠎ᠶ᠋ᠢᠨ ᠦᠴᠤᠸᠠᠨ ᠱᠢᠶᠠᠨ᠎ᠤ ᠰᠤᠷᠭᠠᠨ ᠬᠥᠮᠦᠵᠢᠯ᠎ᠦᠨ ᠲᠣᠪᠴᠢᠶ᠎ᠠ ᠪᠠᠭ᠍ᠰᠢ ᠨᠠᠷ᠎ᠵᠢᠡᠨ ᠵᠣᠬᠢᠶᠠᠨ ᠪᠠᠢᠭᠤᠯᠵᠤ ᠦᠴᠤᠸᠠᠨ ᠱᠢᠶᠠᠨ᠎ᠤ ᠪᠠᠷᠠᠭᠤᠨ ᠤᠯᠠᠭᠠᠨᠪᠤᠯᠠᠭ ᠪᠠᠯᠭᠠᠰᠤᠨ᠎ᠤ ᠰᠤᠷᠭᠠᠭᠤᠯᠢ᠎ᠳᠤ ᠢᠷᠡᠵᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠵᠢᠷᠤᠮᠵᠢᠭᠤᠯᠬᠤ ᠰᠤᠷᠭᠠᠨ ᠬᠦᠮᠦᠵᠢᠯ ᠬᠦᠷᠭᠡᠬᠦ᠂ ᠪᠤᠯᠪᠠᠰᠤᠷᠡᠯ ᠬᠦᠷᠭᠡᠬᠦ ᠠᠵᠢᠯᠯᠠᠭ᠎ᠠ ᠥᠷᠨᠢᠭᠦᠯᠪᠡ᠃

ᠳᠥᠭᠥᠮ ᠪᠦᠭᠡᠳ ᠰᠣᠨᠢᠷᠬᠠᠯᠲᠠᠶ ᠳᠦᠷᠰᠦᠲᠦ ᠦᠰᠦᠭ ᠪᠠ ᠵᠢᠷᠤᠮᠵᠢᠭᠰᠠᠨ ᠦᠰᠦᠭ᠎ᠢ ᠠᠳᠠᠯᠢᠳᠬᠠᠨ ᠬᠣᠯᠪᠣᠬᠤ ᠰᠡᠳᠦᠪ ᠨᠢ ᠮᠠᠰᠢ ᠤᠯᠠᠨ ᠰᠤᠷᠤᠭ᠍ᠴᠢᠳ᠎ᠤᠨ ᠰᠣᠨᠢᠷᠬᠠᠯ᠎ᠢ ᠲᠠᠲᠠᠵᠠᠶ᠃ 《ᠬᠡᠦᠬᠡᠳ᠎ᠦᠳ ᠳᠦᠷᠰᠦᠲᠦ ᠦᠰᠦᠭ᠎ᠲᠦ ᠶᠡᠬᠡ ᠰᠣᠨᠢᠷᠬᠠᠯ᠎ᠲᠠᠶ᠂ ᠲᠡᠳᠡᠨ᠎ᠦ ᠤᠷᠮ᠎ᠠ ᠪᠠᠬ᠎ᠠ᠎ᠶ᠋ᠢ ᠲᠠᠲᠠᠭ᠍ᠰᠠᠨ ᠰᠠᠭᠤᠷᠢᠨ ᠳᠡᠭᠡᠷ᠎ᠡ᠂ ᠪᠠᠭ᠍ᠰᠢ ᠡᠴᠡ ᠵᠢᠷᠤᠮᠵᠢᠭᠰᠠᠨ ᠪᠢᠴᠢᠯᠭᠡ ᠪᠡᠷ ᠵᠢᠱ᠌ᠢᠶ᠎ᠡ ᠦᠵᠡᠭᠦᠯᠵᠦ᠍᠂ ᠰᠤᠷᠤᠬᠴᠢ ᠨᠢᠭᠡᠪᠦᠷᠢ ᠳᠠᠬᠢᠨ ᠳᠠᠪᠲᠠᠨ ᠪᠢᠴᠢᠵᠦ᠍ ᠪᠣᠯᠪᠠᠰᠤᠷᠠᠬᠤ ᠵᠢ ᠱᠠᠭᠠᠷᠳᠠᠨ᠂ ᠠᠬᠢᠯᠳᠠ ᠳᠠᠪᠱᠢᠯᠲᠠ᠎ᠵᠢ ᠮᠡᠳᠡᠷᠡᠬᠦᠯᠵᠦ᠍᠂ ᠢᠲᠡᠭᠡᠯ ᠵᠣᠷᠢᠭ᠎ᠢ ᠨᠢ ᠬᠥᠪᠴᠢᠯᠡᠪᠡ》 ᠭᠡᠵᠦ᠍ ᠦᠴᠤᠸᠠᠨ ᠱᠢᠶᠠᠨ᠎ᠤ ᠰᠤᠷᠭᠠᠨ ᠬᠥᠮᠦᠵᠢᠯ᠎ᠦᠨ ᠲᠣᠪᠴᠢᠢ᠎ᠠ᠎ᠶ᠋ᠢᠨ ᠪᠠᠭ᠍ᠰᠢ᠎ᠶ᠋ᠢᠨ ᠪᠣᠯᠪᠠᠰᠤᠷᠠᠯ᠎ᠤᠨ ᠲᠠᠰᠤᠭ᠎ᠤᠨ ᠱᠢᠶ᠍ᠸ ᠠᠢ ᠫᠢᠩ ᠬᠡᠯᠡᠨ᠎ᠡ᠃

ᠠᠵᠢᠯᠯᠠᠭ᠎ᠠ ᠳᠤᠮᠳᠠ᠂ ᠱᠢᠶᠸ ᠠᠶ ᠫᠢᠩ ᠲᠣᠰ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ 《ᠬᠢᠲᠠᠳ ᠥᠰᠥᠭ ᠲᠤ᠌ ᠪᠢ ᠬᠠᠢᠷᠠᠳᠠᠢ》 ᠭᠡᠬᠦ ᠵᠢᠷᠤᠮᠵᠢᠭᠰᠠᠨ ᠥᠰᠥᠭ ᠪᠢᠴᠢᠭ᠎ᠤᠨ ᠵᠢᠱ᠌ᠢᠶ᠎ᠡ ᠦᠵᠡᠭᠦᠯᠬᠦ᠌ ᠬᠢᠴᠢᠶᠡᠯ ᠤᠷᠤᠭᠰᠠᠨ ᠪᠥᠭᠡᠳ ᠪᠠᠰᠠ ᠳᠥᠷᠪᠡᠳᠦᠭᠡᠷ ᠬᠡᠸ᠋ᠬᠡᠳ᠎ᠦᠨ ᠴᠡᠴᠡᠷᠯᠢᠭ᠎ᠦᠨ ᠪᠠᠭ᠍ᠰᠢ᠎ᠨᠠᠷ ᠲᠠᠶ ᠬᠠᠮᠳᠤ 《ᠬᠡᠸ᠋ᠬᠡᠳ᠎ᠦᠨ ᠨᠡᠢᠳᠡᠯᠢᠭ ᠬᠡᠯᠡᠨ᠎ᠤ ᠠᠪᠢᠶᠠᠨ᠎ᠤ ᠤᠷ᠎ᠠ ᠮᠡᠷᠭᠡᠵᠢᠯ᠎ᠦᠨ ᠵᠢᠯᠣᠭᠣᠳᠣᠯᠭ᠎ᠠ》 ᠵᠢᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠣᠶᠤᠨᠴᠢ ᠵᠢᠭᠠᠨ ᠰᠤᠷᠭᠠᠯᠳᠠ ᠵᠢᠨ ᠲᠤᠰᠠᠯᠠᠬᠤ ᠱᠢᠰᠲ᠋ᠧᠮ᠎ᠦᠨ ᠪᠣᠯᠪᠠᠰᠤᠷᠠᠯ ᠬᠢᠭ᠌ᠰᠡᠨ ᠪᠥᠭᠡᠳ ᠪᠠᠷᠠᠭᠤᠨ ᠤᠯᠠᠭᠠᠨᠪᠤᠯᠠᠭ ᠪᠠᠯᠭᠠᠰᠤᠨ᠎ᠤ ᠰᠤᠷᠭᠠᠭᠤᠯᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠠᠵᠢᠯ᠎ᠤᠨ ᠪᠠᠢᠳᠠᠯ᠎ᠤᠨ ᠲᠤᠬᠠᠶ ᠰᠠᠨᠠᠯ ᠵᠢᠡᠨ ᠰᠣᠯᠢᠯᠴᠠᠭ᠍ᠰᠠᠨ ᠪᠠᠢᠨ᠎ᠠ᠃ ᠲᠠᠨᠢᠯᠴᠠᠭᠤᠯᠤᠭ᠍ᠰᠠᠨ᠎ᠢᠶᠠᠷ᠂ ᠪᠠᠷᠠᠭᠤᠨ ᠤᠯᠠᠭᠠᠨᠪᠤᠯᠠᠭ ᠪᠠᠯᠭᠠᠰᠤᠨ᠎ᠤ ᠰᠤᠷᠭᠠᠭᠤᠯᠢ 2021 ᠣᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠪᠠᠷᠢᠮᠵᠢᠶ᠎ᠠ᠎ᠳᠤ ᠬᠦᠷᠦᠭᠰᠡᠨ ᠰᠤᠷᠭᠠᠭᠤᠯᠢ᠎ᠶ᠋ᠢᠨ ᠱᠢᠯᠭᠠᠨ ᠪᠠᠢᠴᠠᠭᠠᠯᠲᠠ᠎ᠶ᠋ᠢ ᠥᠨᠭᠭᠡᠷᠡᠭᠡᠵᠠᠢ᠃

ᠱᠢᠶᠸ ᠠᠶ ᠫᠢᠩ᠄ 《ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠲᠦᠭᠡᠮᠡᠯᠵᠢᠭᠦᠯᠦᠨ ᠳᠡᠭᠡᠭ᠌ᠰᠢᠯᠡᠭᠦᠯᠵᠦ᠍᠂ ᠪᠠᠷᠢᠮᠵᠢᠶ᠎ᠠ᠎ᠳᠤ ᠬᠦᠷᠦᠭ᠌ᠰᠡᠨ ᠰᠤᠷᠭᠠᠭᠤᠯᠢ᠎ᠶ᠋ᠢᠨ ᠦᠷ᠎ᠡ ᠪᠦᠲᠦᠭᠡᠯ᠎ᠢ ᠪᠠᠲᠤᠳᠭᠠᠬᠤ ᠪᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠵᠢᠭᠠᠨ ᠰᠤᠷᠭᠠᠯᠳᠠ ᠬᠡᠷᠡᠭᠯᠡᠯᠳᠡ ᠵᠢᠨ ᠪᠠᠷᠢᠮᠵᠢᠶ᠎ᠠ᠎ᠳᠤ ᠬᠦᠷᠦᠭ᠌ᠰᠡᠨ ᠰᠤᠷᠭᠠᠭᠤᠯᠢ ᠶ᠋ᠢᠨ ᠴᠥᠬᠥᠷᠡᠰᠢ ᠦᠭᠡᠶ ᠠᠳᠭᠤᠬᠤ ᠨᠢᠭᠡ ᠵᠦᠢᠯ᠎ᠦᠨ ᠠᠵᠢᠯ ᠮᠥᠨ᠃ ᠪᠢᠳᠡ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠸ᠋ᠬᠡᠳ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠣᠷᠣᠭ᠍ᠴᠢ᠂ ᠪᠠᠭ᠍ᠰᠢ ᠨᠠᠷ ᠵᠡᠷᠭᠡ ᠬᠥᠮᠦᠰ᠎ᠢ ᠭᠣᠸ᠋ᠯᠳᠠᠯᠭ᠎ᠠ᠎ᠲᠠᠶ ᠠᠩᠬᠠᠷᠴᠤ᠌᠂ ᠲᠥᠷᠥᠯ ᠬᠤᠪᠢᠶᠠᠨ ᠵᠢᠯᠣᠭᠣᠳᠭᠤ᠂ ᠲᠤᠰᠭᠠᠶ ᠵᠦᠶ᠋ᠯ᠎ᠢᠶᠡᠷ ᠠᠬᠢᠭᠤᠯᠬᠤ᠎ᠶ᠋ᠢ ᠪᠡᠶᠡᠯᠡᠭᠦᠯᠦᠨ᠎ᠡ》 ᠭᠡᠪᠡ᠃

ᠦᠴᠤᠸᠠᠨ ᠱᠢᠶᠠᠨ᠎ᠤ ᠰᠤᠷᠭᠠᠨ ᠬᠥᠮᠦᠵᠢᠯ᠎ᠦᠨ ᠲᠣᠪᠴᠢᠶ᠎ᠠ ᠱᠢᠶᠠᠩ ᠪᠠᠯᠭᠠᠰᠤᠨ᠎ᠤ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠭᠣᠸ᠋ᠯᠯᠠᠬᠤ ᠬᠡᠪ ᠪᠣᠯᠪᠠᠰᠤᠷᠠᠯ ᠪᠠ ᠬᠡᠷᠡᠭ᠌ᠯᠡᠭᠡᠨ᠎ᠦ ᠴᠢᠳᠠᠪᠤᠷᠢ᠎ᠶ᠋ᠢ ᠪᠠᠢᠩᠭᠤᠵᠢᠭᠤᠯᠤᠨ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠰᠤᠷᠭᠠᠨ ᠬᠥᠮᠦᠵᠢᠯ ᠬᠦᠷᠭᠡᠬᠦ᠌᠂ ᠪᠤᠯᠪᠠᠰᠤᠷᠠᠯ ᠬᠦᠷᠭᠡᠬᠦ᠌᠎ᠶ᠋ᠢ ᠪᠠᠭ᠍ᠲᠠᠭᠠᠭ᠍ᠰᠠᠨ ᠡᠯ᠎ᠡ ᠲᠥᠷᠥᠯ᠎ᠦᠨ ᠠᠵᠢᠯᠯᠠᠭ᠎ᠠ᠎ᠶ᠋ᠢ ᠢᠳᠡᠪᠬᠢᠲᠡᠶ ᠵᠣᠬᠢᠶᠠᠨ ᠪᠠᠢᠭᠤᠯᠵᠤ ᠥᠷᠨᠢᠭᠦᠯᠪᠡ᠃

2023 ᠣᠨ᠎ᠳᠤ᠂ ᠱᠢᠶ᠍ᠸ ᠠᠢ ᠫᠢᠩ ᠪᠦᠬᠦ᠌ ᠱᠢᠶᠠᠨ᠎ᠤ ᠪᠡᠨ ᠡᠯ᠎ᠡ ᠰᠤᠷᠭᠠᠭᠤᠯᠢ ᠶ᠋ᠢᠨ 17 ᠪᠠᠭ᠍ᠰᠢ᠎ᠶ᠋ᠢ ᠳᠠᠭᠠᠭᠤᠯᠵᠤ᠂ 《ᠱᠢᠯᠭᠠᠨ ᠦᠨᠡᠯᠡᠯᠳᠠ᠎ᠪᠡᠷ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠵᠢᠷᠤᠮᠵᠢᠭᠰᠠᠨ ᠬᠢᠲᠠᠳ ᠦᠰᠦᠭ ᠪᠢᠴᠢᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠰᠤᠳᠤᠯᠭᠠᠨ》 ᠭᠡᠬᠦ᠌ ᠰᠡᠳᠦᠪ᠎ᠦᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠵᠢᠭᠠᠨ ᠰᠤᠷᠭᠠᠯᠲᠠ᠎ᠶ᠋ᠢᠨ ᠲᠤᠰᠭᠠᠢ ᠰᠡᠳᠦᠪ᠎ᠢ ᠭᠤᠶᠤᠴᠢᠯᠠᠵᠤ᠂ ᠰᠤᠳᠤᠯᠭᠠᠨ᠎ᠤ ᠰᠡᠳᠦᠪ ᠨᠢ ᠪᠦᠬᠦ᠌ ᠱᠢᠶᠠᠨ᠎ᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠳᠦᠷᠢᠮᠵᠢᠭ᠌ᠰᠡᠨ ᠪᠢᠴᠢᠯᠭᠡ᠎ᠶ᠋ᠢᠨ ᠪᠠᠢᠳᠠᠯ᠎ᠢ ᠣᠢᠯᠠᠭᠠᠬᠤ᠎ᠶ᠋ᠢᠨ ᠬᠠᠮᠲᠤ ᠵᠣᠬᠢᠬᠤ ᠳᠡᠭᠡᠭ᠌ᠰᠢᠯᠡᠭᠦᠯᠬᠦ᠌ ᠠᠷᠭ᠎ᠠ ᠪᠤᠳᠤᠯᠭ᠎ᠠ᠎ᠶ᠋ᠢ ᠲᠣᠭ᠍ᠲᠠᠭᠠᠬᠤ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面