ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-01-02 10:46:23

ᠵᠣᠬᠢᠶᠠᠭ᠍ᠴᠢ᠄ ᠬᠦᠸᠸ ᠴᠢ ᠨᠠᠨ ᠵᠠᠩ ᠹᠸᠢ ᠢᠦᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠣᠢᠷ᠎ᠠ᠎ᠳᠤ ᠤᠯᠠᠭᠠᠨᠴᠠᠪ ᠬᠣᠲᠠ᠎ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠦᠨᠳᠦᠰᠦᠲᠡᠨ᠎ᠦ ᠰᠤᠷᠭᠠᠭᠤᠯᠢ᠎ᠶᠢᠨ ᠲᠠᠪᠤᠳᠤᠭᠠᠷ ᠣᠨ᠎ᠤ ᠭᠤᠷᠪᠠᠳᠤᠭᠠᠷ ᠠᠩᠭᠢ᠎ᠳᠤ ᠣᠷᠣᠬᠤ᠎ᠳᠤ᠂ ᠢᠷᠠᠭᠤ ᠲᠤᠳᠤᠬᠠᠨ ᠤᠩᠰᠢᠯᠭ᠎ᠠ᠎ᠶᠢᠨ ᠲᠠᠭᠤᠨ ᠬᠠᠩᠭᠢᠨᠠᠲᠠᠯ᠎ᠠ ᠰᠤᠨᠤᠰᠳᠠᠵᠤ᠂ ᠪᠠᠭ᠍ᠰᠢ ᠨᠠᠷ᠎ᠤᠨ᠎ᠢᠶᠠᠨ ᠳᠠᠭᠠᠭᠤᠯᠭ᠎ᠠ ᠳᠣᠣᠷ᠎ᠠ ᠬᠡᠦᠬᠡᠳ᠎ᠦᠳ ᠬᠡᠯᠡ ᠪᠢᠴᠢᠭ᠎ᠦᠨ ᠬᠢᠴᠢᠶᠡᠯ᠎ᠵᠢᠡᠨ ᠰᠡᠳᠬᠢᠯ ᠲᠥᠪᠯᠡᠷᠡᠭᠦᠯᠦᠨ ᠰᠤᠷᠤᠯᠴᠠᠨ᠎ᠠ᠃

ᠰᠤᠷᠭᠠᠭᠤᠯᠢ ᠪᠣᠯ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠭᠣᠣᠯ ᠵᠢᠭ᠍ᠰᠠᠭᠠᠯ᠎ᠤᠨ ᠭᠠᠵᠠᠷ ᠪᠠ ᠭᠣᠣᠯ ᠠᠷᠭ᠎ᠠ ᠵᠠᠮ ᠮᠥᠨ᠃ ᠡᠨᠡ ᠵᠢᠯ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠡᠯ᠎ᠡ ᠰᠤᠷᠭᠠᠭᠤᠯᠢ ᠪᠠᠭ᠍ᠰᠢ᠎ᠶᠢᠨ ᠡᠩᠨᠡᠭᠡ᠎ᠶᠢ ᠴᠢᠷᠮᠠᠢᠨ ᠲᠡᠭᠦᠯᠳᠡᠷᠵᠢᠭᠦᠯᠵᠦ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠡᠵᠡᠮᠰᠢᠨ ᠬᠡᠷᠡᠭᠯᠡᠬᠦ᠎ᠳᠦ ᠴᠢᠨᠠᠷ ᠰᠠᠢᠲᠠᠢ ᠪᠠᠭ᠍ᠰᠢ᠎ᠶᠢᠨ ᠪᠠᠲᠤᠯᠠᠭ᠎ᠠ ᠬᠠᠩᠭᠠᠵᠠᠢ᠃ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠦᠨᠳᠦᠰᠦᠲᠡᠨ᠎ᠦ ᠰᠤᠷᠭᠠᠭᠤᠯᠢ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠬᠦ ᠠᠩᠭᠢ᠎ᠳᠤ ᠬᠡᠯᠡ ᠪᠢᠴᠢᠭ᠎ᠦᠨ ᠰᠢᠯᠢᠳᠡᠭ ᠪᠠᠭ᠍ᠰᠢ ᠳᠦ ᠢᠦᠢ ᠸᠸᠨ᠎ᠢ ᠰᠣᠩᠭᠣᠨ ᠲᠣᠮᠢᠯᠠᠵᠤ᠂ ᠬᠢᠴᠢᠶᠡᠯ᠎ᠦᠨ ᠳᠠᠷᠠᠭᠠᠬᠢ ᠦᠢᠯᠡᠴᠢᠯᠡᠭᠡᠨ᠎ᠦ ᠴᠠᠭ᠎ᠢ ᠠᠰᠢᠭ᠍ᠯᠠᠨ ᠬᠢᠴᠢᠶᠡᠯ ᠬᠦᠮᠦᠵᠢᠯ᠎ᠦᠨ ᠬᠠᠪᠰᠤᠷᠤᠨ ᠵᠢᠯᠣᠭᠣᠳᠤᠯᠭ᠎ᠠ ᠥᠷᠨᠢᠭᠦᠯᠪᠡ᠃

ᠬᠡᠦᠬᠡᠳ ᠨᠢᠭᠡ ᠪᠦᠷᠢ᠎ᠳᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠭᠤᠯᠤᠨ ᠡᠵᠡᠮᠰᠢᠭᠦᠯᠬᠦ᠎ᠶᠢᠨ ᠲᠥᠯᠥᠭᠡ᠂ ᠳᠦ ᠢᠦᠢ ᠸᠸᠨ ᠠᠳᠠᠯᠢ ᠪᠤᠰᠤ ᠰᠤᠷᠤᠭ᠍ᠴᠢ᠎ᠶᠢᠨ ᠣᠨᠴᠠᠯᠢᠭ᠋᠎ᠲᠤ ᠴᠢᠭᠯᠡᠭᠦᠯᠦᠨ ᠠᠳᠠᠯᠢ ᠪᠤᠰᠤ ᠠᠩᠬᠠᠷᠤᠯ᠎ᠤᠨ ᠴᠡᠭ᠎ᠢ ᠲᠥᠰᠥᠪᠯᠡᠵᠦ᠂ ᠦᠭᠡ ᠦᠰᠦᠭ᠎ᠦᠨ ᠰᠠᠭᠤᠷᠢ᠎ᠡᠴᠨ ᠡᠬᠢᠯᠡᠨ ᠠᠳᠬᠤᠵᠤ᠂ ᠬᠡᠰᠡᠭ ᠪᠦᠯᠦᠭ᠂ ᠵᠤᠬᠢᠶᠠᠯ ᠤ᠋ᠨ ᠰᠤᠷᠤᠯᠴᠠᠯᠭ᠎ᠠ ᠬᠦᠷᠲᠡᠯ᠎ᠡ ᠠᠯᠬᠤᠮ ᠠᠯᠬᠤᠮ᠎ᠢᠶᠠᠷ ᠳᠡᠭᠡᠭᠰᠢᠯᠡᠭᠦᠯᠵᠦ᠂ ᠬᠡᠦᠬᠡᠳ ᠨᠢᠭᠡᠪᠦᠷᠢ᠎ᠶᠢ ᠴᠥᠮ ᠳᠡᠭᠡᠭᠰᠢᠯᠡᠯᠳᠡ ᠳᠠᠢ ᠪᠤᠯᠭᠠᠵᠠᠢ᠃ ᠰᠠᠭᠤᠷᠢ᠎ᠨᠢ ᠠᠨᠠᠢ ᠣᠨᠴᠠ ᠵᠠᠷᠢᠮ ᠰᠤᠷᠤᠭ᠍ᠴᠢᠳ᠎ᠢ ᠳᠦ ᠢᠦᠢ ᠸᠸᠨ ᠪᠠᠰᠠ ᠴᠠᠭ ᠲᠣᠬᠢᠷᠠᠭᠤᠯᠤᠨ ᠲᠤᠰᠬᠠᠢ ᠬᠠᠪᠰᠤᠷᠤᠨ ᠵᠢᠯᠤᠭᠣᠳᠴᠤ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠢᠳᠡᠪᠬᠢᠵᠢᠯ᠎ᠢ ᠬᠦᠮᠦᠵᠢᠬᠦᠯᠵᠤ ᠪᠤᠢ᠃

ᠳᠦ ᠢᠦᠢ ᠸᠸᠨ ᠵᠢᠭᠠᠨ ᠰᠤᠷᠭᠠᠯᠲᠠ᠎ᠶᠢᠨ ᠳᠤᠮᠳᠠ᠎ᠪᠠᠨ ᠰᠤᠷᠤᠭ᠍ᠴᠢᠳ᠎ᠢ ᠬᠥᠲᠥᠯᠥᠨ ᠵᠢᠯᠤᠭᠣᠳᠴᠤ ᠳᠤᠮᠳᠠᠳᠤ᠎ᠶᠢᠨ ᠦᠨᠳᠦᠰᠦᠲᠡᠨ᠎ᠦ ᠲᠡᠦᠬᠡ ᠰᠣᠶᠣᠯ᠎ᠳᠤ ᠠᠩᠬᠠᠷᠤᠯ᠎ᠢᠶᠠᠨ ᠬᠠᠨᠳᠤᠭᠤᠯᠬᠤ ᠪᠤᠯᠭᠠᠵᠤ᠂ ᠰᠤᠷᠤᠭ᠍ᠴᠢᠳ᠎ᠢ ᠳᠠᠭᠠᠭᠤᠯᠤᠨ ᠳᠤᠮᠳᠠᠳᠤ᠎ᠶᠢᠨ ᠦᠨᠳᠦᠰᠦᠲᠡᠨ᠎ᠦ ᠲᠡᠦᠬᠡ᠂ ᠰᠣᠶᠣᠯ ᠪᠠ ᠤᠯᠠᠮᠵᠢᠯᠠᠯ᠎ᠢ ᠭᠦᠨᠵᠡᠭᠡᠢ ᠣᠢᠯᠠᠭᠠᠭᠤᠯᠵᠠᠢ᠃ ᠡᠭᠦᠨ᠎ᠡᠴᠡ ᠭᠠᠳᠠᠨ᠎ᠠ ᠪᠠᠰᠠ ᠰᠤᠷᠤᠭ᠍ᠴᠢᠳ᠎ᠢ ᠬᠥᠲᠥᠯᠥᠨ ᠵᠢᠯᠤᠭᠣᠳᠴᠤ ᠪᠠᠢᠭᠠᠳ ᠡᠷᠲᠡᠨ᠎ᠦ ᠰᠢᠯᠦᠭ ᠳᠠᠭᠤᠯᠠᠯ᠎ᠢ ᠤᠷᠠᠨ ᠲᠣᠳᠣ᠌ ᠤᠩᠰᠢᠬᠤ᠂ ᠰᠣᠩᠭᠣᠳᠠᠭ ᠵᠣᠬᠢᠶᠠᠯ᠎ᠢ ᠴᠡᠭᠡᠵᠢ᠎ᠪᠡᠷ ᠤᠩᠰᠢᠬᠤ᠎ᠵᠡᠷᠬᠡ ᠪᠡᠷ ᠳᠠᠮᠵᠢᠭᠤᠯᠤᠨ᠂ ᠲᠡᠳᠡᠨ᠎ᠦ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠠᠬᠢ ᠢᠲᠡᠭᠡᠯ ᠵᠣᠷᠢᠭ᠋᠎ᠢ ᠬᠥᠮᠥᠵᠢᠭᠦᠯᠵᠦ᠂ ᠲᠡᠳᠡᠨ᠎ᠦ ᠬᠠᠢᠷ᠎ᠠ ᠬᠠᠯᠠᠮᠵᠢ ᠪᠠ ᠤᠯᠠᠮᠵᠢᠯᠠᠯ᠎ᠤᠨ ᠤᠬᠠᠮᠰᠠᠷ᠎ᠢ ᠨᠢ ᠬᠥᠭᠵᠢᠭᠡᠭᠰᠡᠨ ᠪᠠᠢᠨ᠎ᠠ᠃ ᠰᠤᠷᠤᠭ᠍ᠴᠢᠳ᠎ᠤᠨ ᠰᠣᠶᠣᠯ᠎ᠤᠨ ᠠᠵᠢᠯᠯᠠᠭ᠎ᠠ ᠪᠠ ᠤᠷᠤᠯᠳᠤᠭᠠᠨ᠎ᠳᠤ ᠣᠷᠣᠯᠴᠠᠬᠤ᠎ᠶᠢ ᠵᠣᠷᠢᠭ᠍ᠵᠢᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠲᠠᠲᠠᠬᠤ ᠬᠦᠴᠦᠨ ᠪᠠ ᠪᠦᠲᠦᠭᠡᠯᠴᠢ ᠬᠦᠴᠦᠨ᠎ᠢ ᠳᠡᠯᠭᠡᠨ ᠦᠵᠡᠬᠦᠯᠵᠡᠢ᠃

ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠦᠨᠳᠦᠰᠦᠲᠡᠨ᠎ᠦ ᠰᠤᠷᠭᠠᠭᠤᠯᠢ ᠶ᠋ᠢᠨ ᠲᠠᠪᠤᠳᠤᠭᠠᠷ ᠣᠨ᠎ᠤ ᠳᠥᠷᠪᠡᠳᠦᠭᠡᠷ ᠠᠩᠭᠢ ᠶ᠋ᠢᠨ ᠰᠤᠷᠤᠭ᠍ᠴᠢ ᠴᠢᠯᠢᠭ᠎ᠠ᠄ 《ᠡᠨᠡ ᠬᠤᠭᠤᠴᠠᠭᠠᠨ᠎ᠳᠤ ᠪᠢ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠮᠠᠰᠢ ᠣᠯᠠᠨ ᠰᠣᠷᠣᠭᠰᠠᠨ᠂ ᠮᠠᠰᠢ ᠤᠯᠠᠨ ᠬᠡᠯᠡ ᠪᠢᠴᠢᠭ᠎ᠦᠨ ᠬᠢᠴᠢᠶᠡᠯ ᠢ᠋ ᠴᠦ᠍ ᠴᠡᠭᠡᠵᠢ᠎ᠪᠡᠷ ᠤᠩᠰᠢᠵᠤ ᠴᠢᠳᠠᠭᠰᠠᠨ᠂ ᠭᠡᠷ᠎ᠲᠡᠬᠡᠨ ᠬᠠᠷᠢᠭ᠍ᠰᠠᠨ᠎ᠤ ᠳᠠᠷᠠᠭ᠎ᠠ ᠠᠪᠤ ᠡᠵᠢ᠎ᠳᠡᠭᠡᠨ ᠨᠡᠢᠲᠡᠯᠢᠭ ᠬᠡᠯᠡ᠎ᠪᠡᠷ ᠦᠯᠢᠭᠡᠷ ᠶᠠᠷᠢᠵᠤ ᠥᠭᠭᠦᠭᠰᠡᠨ᠎ᠳᠦ ᠲᠡᠳᠡ ᠴᠥᠮ ᠶᠡᠬᠡ ᠪᠠᠶᠠᠷᠯᠠᠵᠤ ᠪᠠᠢᠨ᠎ᠠ》 ᠬᠡᠵᠦ ᠬᠡᠯᠡᠨ᠎ᠡ᠃

《 ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠲᠡᠯᠬᠡᠷᠡᠬᠦᠯᠬᠦ ᠠᠵᠢᠯ᠎ᠢ ᠬᠡᠷᠡᠭᠵᠢᠭᠦᠯᠦᠭᠰᠡᠨ᠎ᠡᠴᠡ ᠨᠠᠭᠠᠰᠢ᠂ ᠮᠠᠨ᠎ᠤ ᠰᠤᠷᠭᠠᠭᠤᠯᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠦᠨ ᠰᠢᠨ᠎ᠡ ᠵᠠᠭᠪᠤᠷ᠎ᠢ ᠦᠷᠭᠦᠯᠵᠢᠯᠡᠨ ᠬᠠᠢᠨ ᠰᠦᠪᠡᠭᠴᠢᠯᠡᠵᠦ᠂ ᠣᠯᠠᠨ ᠵᠦᠢᠯ᠎ᠦᠨ ᠬᠡᠯᠪᠡᠷᠢ ᠪᠠ ᠠᠭᠤᠯᠭ᠎ᠠ᠎ᠶᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ᠂ ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠠᠵᠢᠯᠯᠠᠭ᠎ᠠ᠎ᠶᠢᠨ ᠠᠭᠤᠯᠤᠭᠳᠠᠬᠤᠨ᠎ᠢ ᠥᠷᠭᠡᠳᠬᠡᠵᠦ᠂ ᠬᠡᠦᠬᠡᠳ᠎ᠦᠳ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠵᠤ᠂ ᠲᠡᠳᠡᠨ᠎ᠢ ᠬᠥᠮᠥᠵᠢᠭᠦᠯᠦᠨ ᠵᠢᠯᠤᠭᠣᠳᠴᠤ ᠪᠠᠢᠭᠠᠳ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠎ᠲᠠᠢ ᠪᠣᠯᠭᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠶᠡᠬᠡ ᠡᠭᠦᠷᠭᠡ᠎ᠶᠢ ᠡᠭᠦᠷᠭᠡᠯᠡᠬᠦ ᠴᠠᠭ ᠦᠶ᠎ᠡ᠎ᠶᠢᠨ ᠰᠢᠨ᠎ᠡ ᠬᠥᠮᠥᠨ᠎ᠢ ᠬᠥᠮᠥᠵᠢᠭᠦᠯᠦᠨ᠎ᠠ》 ᠬᠡᠵᠦ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠦᠨᠳᠦᠰᠦᠲᠡᠨ᠎ᠦ ᠰᠤᠷᠭᠠᠭᠤᠯᠢ᠎ᠶᠢᠨ ᠳᠡᠳ᠋ ᠵᠠᠬᠢᠷᠤᠯ ᠪᠠᠶᠠᠰᠬᠤᠯᠠᠩ ᠭᠡᠯᠡᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面