2024-01-11 10:04:52
ᠲᠦᠷᠦᠬᠦᠬᠡᠨ᠂ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠮᠣᠩᠭᠣᠯ ᠦᠨᠳᠦᠰᠦᠲᠡᠨ᠎ᠦ ᠬᠡᠦᠬᠡᠳ᠎ᠦᠨ ᠴᠡᠴᠡᠷᠯᠢᠭ᠎ᠦᠨ ᠪᠠᠭ᠍ᠰᠢ ᠨᠠᠷ ᠬᠡᠤᠬᠡᠳ ᠲᠸ᠋ ᠥᠯᠢᠭᠡᠷ ᠶᠠᠷᠢᠬᠤ ᠵᠢᠭᠠᠨ ᠰᠤᠳᠤᠯᠬᠤ ᠠᠵᠢᠯᠯᠠᠭ᠎ᠠ ᠦᠷᠨᠢᠬᠦᠯᠪᠡ᠃ ᠲᠡᠭᠵᠢᠨ ᠴᠤᠪᠤᠭᠤᠯᠢᠭ ᠦᠭᠡ ᠬᠡᠯᠡ᠂ ᠪᠠᠶᠠᠯᠢᠭ ᠰᠠᠢᠬᠠᠨ ᠰᠡᠳᠭᠢᠯᠭᠡ᠂ ᠬᠦᠬᠡᠷᠦᠬᠦᠨ ᠬᠥᠳᠡᠯᠦᠯ ᠲᠠᠢ ᠪᠠᠭ᠍ᠰᠢ ᠨᠠᠷ ᠨᠢ ᠭᠡᠷᠡᠯ ᠵᠢᠷᠤᠭ᠂ ᠳᠠᠭᠤᠤ ᠬᠥᠭ᠌ᠵᠢᠮ᠂ ᠪᠠᠭᠠᠵᠢ ᠬᠡᠷᠡᠭ᠌ᠰᠡᠯ ᠵᠡᠷᠭᠡ ᠠᠷᠭ᠎ᠠ ᠪᠠᠷᠢᠯ᠎ᠢᠶᠠᠷ ᠨᠡᠢᠲᠡᠯᠢᠭ ᠬᠡᠯᠡᠨ᠎ᠦ ᠬᠡᠦᠬᠡᠳ᠎ᠦᠨ ᠦᠯᠢᠭᠡᠷ᠎ᠢ ᠣᠢᠯᠠᠭᠠᠮᠵᠢᠲᠠᠢ᠂ ᠠᠮᠢᠳᠤᠯᠢᠭ ᠰᠠᠢᠬᠠᠨ ᠶᠠᠷᠢᠨ᠎ᠠ᠃
ᠨᠡᠢᠲᠡᠯᠢᠭ ᠬᠡᠯᠡ᠎ᠪᠡᠷ ᠦᠯᠢᠭᠡᠷ ᠶᠠᠷᠢᠬᠤ ᠵᠢ ᠵᠢᠭᠠᠨ ᠰᠤᠳᠤᠯᠬᠤ ᠠᠵᠢᠯᠯᠠᠭ᠎ᠠ ᠪᠣᠯ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠮᠣᠩᠭᠣᠯ ᠦᠨᠳᠦᠰᠦᠲᠡᠨ᠎ᠦ ᠬᠡᠦᠬᠡᠳ᠎ᠦᠨ ᠴᠡᠴᠡᠷᠯᠢᠭ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠴᠢᠩᠭᠠᠳᠭᠠᠬᠤ ᠠᠷᠭ᠎ᠠ ᠬᠡᠯᠪᠡᠷᠢ᠎ᠶ᠋ᠢᠨ ᠨᠢᠭᠡ ᠪᠣᠯᠤᠨ᠎ᠠ᠂ ᠲᠤᠷᠱᠢᠨ ᠶᠠᠷᠢᠵᠤ ᠪᠣᠯᠪᠠᠰᠤᠷᠠᠬᠤ᠂ ᠵᠠᠳᠠᠯᠤᠨ ᠰᠣᠯᠢᠯᠴᠠᠬᠤ᠎ᠪᠠᠷ ᠳᠠᠮᠵᠢᠨ᠂ ᠪᠠᠭ᠍ᠰᠢ ᠨᠠᠷ ᠤ᠋ᠨ ᠠᠪᠢᠶ᠎ᠠ᠂ ᠠᠶᠠᠰ᠂ ᠠᠢᠵᠠᠮ ᠤ᠋ᠨ ᠬᠤᠪᠢᠷᠠᠯᠳᠠ ᠪᠡᠷ ᠦᠯᠢᠭᠡᠷ᠎ᠦᠨ ᠠᠳᠠᠯᠢ ᠪᠤᠰᠤ ᠳᠦᠷᠢ ᠪᠦᠲᠦᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ 《ᠰᠤᠳᠤᠯᠭᠠᠨ᠎ᠢᠶᠠᠷ ᠵᠢᠭᠠᠨ ᠰᠤᠷᠭᠠᠯᠲᠠ᠎ᠶ᠋ᠢ ᠠᠬᠢᠭᠤᠯᠵᠤ》᠂ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠦᠨᠳᠦᠰᠦᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠦᠨ ᠠᠵᠢᠯ ᠳᠤᠮᠳᠠ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ ᠪᠠᠰᠠ ᠬᠡᠦᠬᠡᠳ᠎ᠦᠨ ᠴᠡᠴᠡᠷᠯᠢᠭ᠎ᠤᠨ ᠪᠠᠭ᠍ᠰᠢ᠎ᠨᠠᠷ ᠡᠳᠦᠷ ᠪᠦᠷᠢ ᠬᠠᠭᠠᠰ ᠴᠠᠭ ᠤᠩᠱᠢᠬᠤ ᠠᠵᠢᠯᠯᠠᠭ᠎ᠠ᠎ᠶ᠋ᠢ ᠲᠣᠬᠢᠷᠠᠭᠤᠯᠪᠠ᠃ ᠪᠠᠭ᠍ᠰᠢ ᠨᠠᠷ ᠬᠠᠮᠲᠤ ᠲᠣᠭᠣᠷᠢᠨ ᠰᠠᠭᠤᠯᠴᠠᠵᠤ᠂ ᠳᠠᠭᠠᠭᠤᠯᠤᠨ ᠤᠩᠱᠢᠬᠤ᠂ ᠬᠠᠮᠲᠤ᠎ᠪᠠᠷ ᠤᠩᠱᠢᠬᠤ ᠵᠡᠷᠭᠡ ᠬᠡᠯᠪᠡᠷᠢ᠎ᠪᠡᠷ ᠨᠡᠢᠲᠡᠯᠢᠭ ᠬᠡᠯᠡ᠎ᠪᠠᠨ ᠪᠣᠯᠪᠠᠰᠤᠷᠠᠭᠤᠯᠵᠤ᠂ ᠦᠭᠡ ᠬᠡᠯᠡᠨ᠎ᠦ ᠬᠡᠷᠡᠭ᠌ᠯᠡᠯᠲᠡ᠎ᠶ᠋ᠢ ᠨᠡᠩ ᠤᠷᠤᠰᠤᠮ᠎ᠠ ᠰᠠᠢᠬᠠᠨ ᠪᠣᠯᠭᠠᠵᠠᠢ᠃
ᠪᠠᠯᠴᠢᠷ ᠪᠠᠭ᠎ᠠ ᠵᠢᠨ ᠦᠶ᠎ᠠ ᠪᠤᠯ ᠬᠡᠦᠬᠡᠳ᠎ᠦᠨ ᠦᠬᠡ ᠬᠡᠯᠡᠨ᠎ᠦ ᠬᠥᠭ᠌ᠵᠢᠯᠲᠡ᠂ ᠣᠨᠴᠠᠭᠠᠢᠯᠠᠨ ᠶᠠᠷᠢᠶᠠᠨ᠎ᠤ ᠬᠡᠯᠡᠨ᠎ᠦ ᠬᠥᠭ᠌ᠵᠢᠯᠲᠡ᠎ᠶ᠋ᠢᠨ ᠴᠢᠬᠤᠯᠠ ᠬᠤᠭᠤᠴᠠᠭ᠎ᠠ ᠪᠤᠯᠤᠨ᠎ᠠ᠃ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠵᠢᠮ᠎ᠡ ᠶᠣᠰᠣ᠎ᠶ᠋ᠢ ᠵᠢᠷᠤᠮᠯᠠᠨ᠂ ᠪᠠᠭ᠍ᠰᠢ ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠲᠦᠪᠱᠢᠨ᠎ᠢ ᠳᠡᠭᠡᠭ᠌ᠰᠢᠯᠡᠭᠦᠯᠬᠦ᠌ ᠠᠵᠢᠯ᠎ᠢ ᠲᠡᠷᠢᠭᠦᠨ ᠪᠠᠢᠷᠢᠨ᠎ᠳᠤ ᠲᠠᠯᠪᠢᠵᠤ᠂ ᠬᠡᠦᠬᠡᠳ᠎ᠦᠨ ᠨᠡᠢᠲᠡᠯᠢᠭ ᠬᠡᠯᠡ᠎ᠪᠡᠷ ᠰᠠᠨᠠᠭᠠᠴᠢᠯᠠᠭ᠎ᠠ ᠡᠴᠡ ᠪᠠᠨ ᠬᠡᠯᠡᠬᠦ᠂ ᠵᠤᠷᠢᠬᠳᠠᠢ ᠬᠡᠯᠡᠬᠦ᠌᠂ ᠳᠤᠷᠠᠲᠠᠶ ᠶᠠᠷᠢᠬᠤ ᠤᠬᠠᠮᠰᠠᠷ ᠪᠠ ᠳᠠᠳᠭᠠᠯ᠎ᠢ ᠬᠥᠮᠦᠵᠢᠭᠦᠯᠬᠦ᠌᠎ᠶ᠋ᠢ ᠴᠢᠬᠤᠯᠠᠴᠢᠯᠠᠪᠠ᠃ ᠣᠳᠣᠬᠠᠨ᠎ᠳᠤ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ᠎ᠤ ᠠᠯᠪᠠᠨ ᠡᠴᠨ ᠡᠷᠬᠢᠯᠡᠭᠰᠡᠨ ᠪᠠ ᠠᠷᠠᠳ ᠡᠴᠨ ᠡᠷᠭᠢᠯᠡᠭ᠌ᠰᠡᠨ ᠦᠨᠳᠦᠰᠦᠲᠡᠨ᠎ᠦ ᠬᠡᠦᠬᠡᠳ᠎ᠦᠨ ᠴᠡᠴᠡᠷᠯᠢᠭ 54 ᠪᠠᠢᠵᠤ᠂ ᠲᠤᠰᠭᠠᠶ ᠪᠠᠭ᠍ᠰᠢ 220 ᠬᠥᠮᠦᠨ ᠪᠣᠶ᠂ ᠡᠭᠦᠨ᠎ᠳᠦ 154 ᠬᠥᠮᠦᠨ᠎ᠨᠢ ᠨᠢᠭᠡᠨᠲᠡ ᠨᠡᠢᠲᠡᠯᠢᠭ ᠬᠡᠯᠡᠨ᠎ᠦ ᠬᠣᠶᠠᠳᠤᠭᠠᠷ ᠳᠡᠰ᠎ᠤᠨ ᠬᠥᠬᠡᠭ᠌ᠴᠢᠨ ᠲᠠᠰ ᠵᠢᠴᠢ ᠲᠡᠭᠦᠨ᠎ᠡᠴᠡ ᠳᠡᠭᠡᠭ᠌ᠰᠢᠬᠢ ᠦᠨᠡᠮᠯᠡᠯ᠎ᠢ ᠣᠯᠵᠤ᠂ 3 — 6 ᠨᠠᠰᠤᠨ᠎ᠤ ᠴᠥᠭᠡᠨ ᠲᠣᠭᠠᠲᠤ ᠦᠨᠳᠦᠰᠦᠲᠡᠨ᠎ᠦ ᠬᠡᠦᠬᠡᠳ᠎ᠦᠨ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠱᠠᠲᠤᠨ᠎ᠳᠤ ᠨᠡᠢᠲᠡᠯᠢᠭ ᠬᠡᠯᠡ᠎ᠶ᠋ᠢ ᠣᠢᠯᠠᠭᠠᠬᠤ ᠪᠠ ᠬᠡᠯᠡᠵᠦ᠍ ᠴᠢᠳᠠᠬᠤ᠎ᠶ᠋ᠢ ᠴᠢᠷᠮᠠᠢᠨ ᠪᠡᠶᠡᠯᠡᠭᠦᠯᠵᠦ᠍᠂ ᠲᠡᠳᠡᠨ᠎ᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠶ᠋ᠢ ᠵᠥᠪ ᠤᠨᠤᠪᠴᠢᠳᠠᠢ ᠬᠡᠷᠡᠭ᠌ᠯᠡᠨ ᠶᠠᠷᠢᠯᠴᠠᠬᠤ ᠪᠠ ᠰᠣᠯᠢᠯᠴᠠᠬᠤ ᠴᠢᠳᠠᠪᠤᠷᠢ᠎ᠶ᠋ᠢ ᠠᠯᠭᠤᠷ᠎ᠢᠶᠠᠷ ᠬᠥᠮᠦᠵᠢᠭᠦᠯᠵᠦ ᠪᠠᠢᠨ᠎ᠡ᠃
ᠮᠣᠩᠭᠣᠯ ᠦᠨᠳᠦᠰᠦᠲᠡᠨ᠎ᠦ ᠬᠡᠦᠬᠡᠳ᠎ᠦᠨ ᠴᠡᠴᠡᠷᠯᠢᠭ᠎ᠦᠨ ᠳᠠᠷᠤᠭ᠎ᠠ ᠪᠦᠦ ᠯᠢ ᠮᠧᠶ᠄《ᠦᠨᠳᠦᠰᠦᠲᠡᠨ᠎ᠦ ᠪᠦᠯᠬᠦᠮᠳᠡᠯ᠎ᠦᠨ ᠠᠵᠢᠯ᠎ᠢ ᠬᠡᠦᠬᠡᠳ ᠪᠠᠭᠠᠴᠤᠳ᠎ᠠᠴᠠ ᠡᠬᠢᠯᠡᠨ ᠠᠳᠭᠤᠬᠤ᠎ᠳᠤ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠨᠢᠭ᠍ᠲᠠ ᠤᠶᠠᠯᠳᠤᠭᠤᠯᠵᠤ᠂ ᠬᠡᠦᠬᠡᠳ᠎ᠦᠨ ᠴᠡᠴᠡᠷᠯᠢᠭ᠎ᠢ ᠦᠨᠡᠨ ᠬᠦ᠌ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠭᠤᠤᠯ ᠵᠢᠭ᠍ᠰᠠᠭᠠᠯ᠎ᠤᠨ ᠭᠠᠵᠠᠷ ᠪᠣᠯᠭᠠᠬᠤ ᠬᠠᠷᠢᠭᠤᠴᠠᠯᠭ᠎ᠠ᠎ᠲᠠᠶ ᠶᠤᠮ》 ᠭᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃