ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-02-04 10:02:26

ᠵᠣᠬᠢᠶᠠᠭ᠍ᠴᠢ᠄ ᠯᠢ ᠱᠢᠤᠸᠠᠢ ᠶᠣᠣ ᠣᠩᠱᠢᠭ᠍ᠰᠠᠨ ᠣᠳᠠᠭ᠎ᠠ᠄ 3

《ᠣᠯᠠᠨ᠎ᠢᠶᠠᠷ᠎ᠢᠶᠠᠨ ᠬᠠᠮᠲᠤ᠎ᠳ᠋ᠠᠭᠠᠨ ᠤᠩᠱᠢᠶ᠎ᠠ! ᠲᠠ ᠨᠠᠷ᠎ᠤᠨ ᠦᠵᠡᠵᠦ ᠪᠠᠢᠭᠰᠠᠨ ᠬᠠᠪᠤᠷ᠎ᠦᠨ ᠦᠵᠡᠮᠵᠢ ᠲᠠᠢ ᠠᠳᠠᠯᠢᠬᠠᠨ ᠭᠤᠶᠤ ᠡᠰᠡᠬᠦ᠌᠎ᠶ᠋ᠢ ᠦᠵᠡᠶ᠎ᠠ ᠁》᠃

ᠬᠤᠭᠤᠴᠠᠭᠠᠨ ᠡᠴᠦᠰ᠎ᠦᠨ ᠱᠢᠯᠭᠠᠯᠲᠠ᠎ᠠᠴᠠ ᠡᠮᠦᠨᠡᠬᠡᠨ᠂ ᠤᠯᠠᠭᠠᠨᠬᠠᠳᠠ ᠬᠤᠳᠠ᠎ᠶ᠋ᠢᠨ ᠪᠠᠭᠠᠷᠢᠨ ᠪᠠᠷᠠᠭᠤᠨ ᠬᠣᠱᠢᠭᠤᠨ᠎ᠤ ᠳ᠋ᠠᠪᠠᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠭᠠᠳᠠᠨ᠎ᠠ᠎ᠠᠴᠠ ᠤᠷᠢᠭ᠍ᠰᠠᠨ ᠡᠷᠲᠡᠨ᠎ᠦ ᠱᠢᠯᠦᠭ ᠵᠣᠬᠢᠶᠠᠯ᠎ᠤᠨ ᠵᠢᠯᠤᠭᠤᠳᠤᠭ᠍ᠴᠢ ᠪᠠᠭ᠍ᠰᠢ ᠳ᠋ᠢᠶᠤᠤ ᠴᠦᠨ ᠷᠦ᠋ ᠰᠤᠷᠤᠭ᠍ᠴᠢᠳ ᠵᠢᠡᠨ ᠳᠠᠭᠠᠭᠤᠯᠤᠨ 《ᠬᠠᠪᠤᠷ᠎ᠦᠨ ᠦᠳᠡᠰᠢ ᠵᠢᠨ ᠦᠭᠬᠢᠶᠡᠮᠦᠷ ᠬᠤᠷ᠎ᠠ》 ᠭᠡᠬᠦ᠌ ᠡᠷᠲᠡᠨ᠎ᠦ ᠱᠢᠯᠦᠭ᠎ᠢ ᠰᠤᠷᠤᠯᠴᠠᠵᠦ ᠪᠠᠢᠯ᠎ᠠ᠃ ᠰᠤᠷᠤᠭ᠍ᠴᠢᠳ᠎ᠲᠤ ᠡᠷᠲᠡᠨ᠎ᠦ ᠱᠢᠯᠦᠭ᠎ᠦᠨ ᠠᠭᠤᠯᠭ᠎ᠠ ᠎ᠶ᠋ᠢ ᠨᠡᠩ ᠰᠠᠢ᠌ᠨ ᠤᠢ᠍ᠢᠯᠠᠭᠠᠭᠤᠯᠬᠤ ᠵᠢᠨ ᠲᠥᠯᠥᠭᠡ᠂ ᠳ᠋ᠢᠶᠤᠤ ᠴᠦᠨ ᠷᠦ᠋ ᠡᠷᠲᠡᠨ᠎ᠦ ᠱᠢᠯᠦᠭ᠎ᠲᠸ᠋ ᠵᠢᠷᠤᠭ᠍ᠯᠠᠭ᠍ᠰᠠᠨ ᠵᠢᠷᠤᠭ ᠳᠦᠷᠰᠦ᠎ᠶ᠋ᠢ ᠬᠡᠷᠡᠯ ᠵᠢᠷᠤᠭ᠎ᠤᠨ ᠬᠡᠯᠪᠡᠷᠢ᠎ᠪᠡᠷ ᠢᠯᠡᠷᠡᠬᠦᠯᠬᠦ ᠵᠢᠨ ᠬᠠᠮᠳᠤ᠂ ᠰᠤᠷᠤᠭ᠍ᠴᠢᠳ ᠲᠠᠢ ᠬᠠᠮᠳᠤ ᠪᠤᠳᠠᠳᠤ ᠠᠮᠢᠳᠤᠷᠠᠯ᠎ᠤᠨ ᠳᠤᠮᠳᠠᠬᠢ ᠬᠠᠪᠤᠷ᠎ᠤᠨ ᠬᠤᠷ᠎ᠠ ᠵᠢ ᠡᠷᠭᠢᠴᠡᠭᠦᠯᠵᠦ᠂ ᠡᠷᠲᠡᠨ᠎ᠦ ᠱᠢᠯᠦᠭ᠎ᠲᠦ ᠲᠠᠢᠯᠤᠮᠵᠢ ᠬᠢᠪᠡ᠃

《ᠰᠤᠷᠤᠭᠴᠢᠳ ᠰᠢᠯᠦᠭ᠎ᠤᠨ ᠤᠳᠬ᠎ᠠ ᠤᠴᠢᠷ᠎ᠢ ᠣᠢᠯᠠᠭᠠᠨ ᠡᠵᠡᠮᠰᠢᠬᠦ ᠵᠢᠨ ᠲᠠᠭᠠᠤ ᠱᠢᠯᠦᠭ᠎ᠢ ᠤᠩᠱᠢᠵᠤ᠂ ᠴᠡᠭᠡᠵᠢᠯᠡᠪᠡᠯ ᠵᠤᠬᠢᠨ᠎ᠠ》 ᠭᠡᠵᠦ᠍ ᠳ᠋ᠢᠶᠤᠤ ᠴᠦᠨ ᠷᠦ᠋ ᠬᠡᠯᠡᠭ᠌ᠰᠡᠨ᠎ᠢᠶᠡᠨ ᠵᠠᠯᠭᠠᠭᠠᠳ᠂ ᠬᠡᠯᠡ ᠪᠢᠴᠢᠭ ᠪᠣᠯ ᠶᠡᠷᠦᠩᠬᠡᠢᠯᠡᠭ᠌ᠰᠡᠨ ᠴᠢᠨᠠᠷᠲᠠᠢ᠂ ᠦᠢᠯᠡᠳᠦᠯᠭᠡ᠎ᠶ᠋ᠢᠨ ᠴᠢᠨᠠᠷᠲᠠᠢ ᠬᠢᠴᠢᠶᠡᠯ ᠲᠦᠷᠦᠯ ᠮᠥᠨ᠂ ᠰᠤᠷᠤᠭ᠍ᠴᠢᠳ᠎ᠤᠨ ᠠᠮᠢᠳᠤᠷᠠᠯ᠎ᠤᠨ ᠪᠣᠳᠠᠲᠤ ᠪᠠᠢᠳᠠᠯ᠎ᠠᠴᠠ ᠡᠭᠦᠰᠴᠦ᠍᠂ ᠰᠤᠷᠤᠭ᠍ᠴᠢᠳ᠎ᠤᠨ ᠰᠣᠨᠢᠭᠤᠴᠢ ᠰᠡᠳᠭᠢᠯᠭᠡ ᠪᠠ ᠡᠷᠳᠡᠮ ᠰᠤᠷᠬᠤ ᠬᠦᠰᠡᠯ᠎ᠢ ᠬᠥᠭ᠌ᠵᠢᠭᠡᠬᠦ᠌ ᠨᠢ ᠮᠠᠰᠢ ᠴᠢᠬᠤᠯᠠ ᠶᠤᠮ ᠭᠡᠪᠡ᠃

ᠬᠢᠴᠢᠶᠡᠯ᠎ᠦᠨ ᠭᠡᠷ᠎ᠲᠦ ᠰᠤᠷᠤᠭ᠍ᠴᠢᠳ ᠨᠠᠷᠢᠨ ᠬᠢᠨᠠᠮᠠᠭᠠᠢ ᠬᠢᠴᠢᠶᠡᠯ ᠰᠣᠨᠣᠰᠬᠤ ᠡᠴᠠ ᠭᠠᠳᠠᠨ᠎ᠠ᠂ ᠲᠤᠰ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠪᠠᠰᠠ ᠰᠡᠳᠭᠢᠯ ᠲᠠᠯᠪᠢᠨ ᠬᠢᠴᠢᠶᠡᠯ ᠰᠣᠨᠣᠰᠳᠠᠭ᠃ 《ᠰᠤᠷᠤᠯᠴᠠᠯᠭ᠎ᠠ ᠵᠢᠨ ᠲᠠᠷᠠᠭ᠎ᠠ᠂ ᠪᠢᠳᠡ ᠵᠢᠭᠠᠨ ᠰᠤᠷᠭᠠᠯᠲᠠ᠎ᠶ᠋ᠢᠨ ᠳᠤᠮᠳᠠ ᠪᠠᠷᠢᠮᠵᠢᠶ᠎ᠠ ᠬᠡᠯᠡᠯᠭᠡ᠎ᠶ᠋ᠢ ᠠᠩᠬᠠᠷᠬᠤ᠂ ᠰᠤᠷᠤᠭ᠍ᠴᠢᠳ᠎ᠢ ᠰᠡᠩᠬᠡᠷᠡᠭᠦᠯᠬᠦ᠌᠎ᠶ᠋ᠢ ᠰᠤᠷᠴᠠᠶ》 ᠭᠡᠵᠦ ᠲᠦᠷᠪᠡ ᠵᠢᠨ ᠬᠤᠶᠠᠷ᠎ᠤᠨ ᠠᠩᠬᠢ ᠎ᠶ᠋ᠢᠨ ᠬᠡᠯᠡ ᠪᠢᠴᠢᠭ᠎ᠦᠨ ᠪᠠᠭ᠍ᠰᠢ ᠣᠷᠭᠢᠯ ᠬᠡᠯᠡᠪᠡ᠃ ᠲᠡᠷᠡ᠂ ᠰᠤᠷᠭᠠᠭᠤᠯᠢ᠎ᠵᠢᠨ ᠬᠢᠨ ᠪᠠᠰᠠ ᠪᠠᠭᠠᠷᠢᠨ ᠪᠠᠷᠠᠭᠤᠨ ᠬᠣᠱᠢᠭᠤᠨ᠎ᠤ ᠳ᠋ᠠᠪᠠᠨ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠪᠠᠭ᠍ᠰᠢ᠎ᠶ᠋ᠢ ᠤᠷᠢᠵᠤ ᠲᠣᠭᠣᠷᠢᠨ ᠦᠵᠡᠭᠦᠯᠵᠦ᠍ ᠰᠤᠷᠤᠯᠴᠠᠭᠤᠯᠬᠤ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠬᠡᠯᠡ ᠪᠢᠴᠢᠭ᠎ᠦᠨ ᠪᠠᠭ᠍ᠰᠢ᠎ᠶ᠋ᠢᠨ ᠬᠢᠴᠢᠶᠡᠯ ᠣᠷᠣᠬᠤ ᠶᠠᠪᠤᠴᠠ᠎ᠳᠤ ᠣᠷᠣᠱᠢᠵᠤ ᠪᠠᠢᠭ᠎ᠠ ᠦᠭᠡ ᠬᠡᠯᠡᠯᠭᠡ᠎ᠶ᠋ᠢ ᠵᠤᠬᠢᠰ ᠦᠭᠡᠢ ᠬᠡᠷᠡᠭ᠌ᠯᠡᠬᠦ᠌᠂ ᠭᠣᠣᠯ ᠳᠡᠳ᠋᠎ᠢ ᠨᠢ ᠢᠯᠭᠠᠬᠤ᠎ᠳᠤ ᠬᠦᠴᠢᠷ ᠲᠠᠢ ᠪᠠᠢᠬᠤ ᠵᠡᠷᠭᠡ ᠠᠰᠠᠭᠤᠳᠠᠯ᠎ᠢ ᠱᠢᠢᠳᠪᠦᠷᠢᠯᠡᠵᠤ ᠪᠠᠢᠨ᠎ᠠ ᠬᠡᠵᠠᠢ᠃

ᠪᠠᠭᠠᠷᠢᠨ ᠪᠠᠷᠠᠭᠤᠨ ᠬᠣᠱᠢᠭᠤᠨ᠎ᠤ ᠳ᠋ᠠᠪᠠᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ ᠱᠢᠯᠢᠳᠡᠭ ᠪᠠᠭ᠍ᠰᠢ᠎ᠶ᠋ᠢ ᠣᠷᠣᠭᠤᠯᠤᠨ ᠠᠪᠴᠢᠷᠠᠵᠤ᠂ ᠰᠤᠷᠤᠯᠴᠠᠯᠭ᠎ᠠ ᠪᠠ ᠰᠣᠯᠢᠯᠴᠠᠭ᠎ᠠ ᠵᠢᠨ ᠳᠤᠮᠳᠠ ᠪᠠᠭ᠍ᠰᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠰᠤᠷᠭᠠᠭᠤᠯᠢ ᠵᠢᠨ ᠬᠢᠨ ᠪᠠᠰᠠ ᠥᠷᠯᠥᠭᠡ᠎ᠶ᠋ᠢᠨ ᠤᠩᠱᠢᠯᠭ᠎ᠠ ᠵᠢᠴᠢ ᠭᠠᠷᠠᠭ ᠪᠦᠷᠢ ᠵᠢᠨ ᠬᠣᠶᠠᠷ ᠬᠢᠴᠢᠶᠡᠯ᠎ᠦᠨ ᠴᠠᠭ᠎ᠤᠨ 《ᠬᠡᠯᠡ ᠪᠢᠴᠢᠭ ᠎ᠦᠨ ᠭᠤᠤᠯ ᠰᠡᠳᠦᠪᠲᠦ ᠴᠤᠪᠤᠷᠠᠯ ᠪᠢᠴᠢᠭ》 ᠤ᠋ᠨ ᠤᠩᠱᠢᠯᠭ᠎ᠠ᠎ᠶ᠋ᠢᠨ ᠴᠠᠭ᠎ᠢ ᠠᠱᠢᠭ᠍ᠯᠠᠨ᠂ ᠰᠤᠷᠤᠭ᠍ᠴᠢᠳ᠎ᠤᠨ ᠤᠩᠱᠢᠯᠭ᠎ᠠ ᠵᠢᠴᠢ ᠬᠡᠯᠡ ᠪᠢᠴᠢᠭ᠎ᠦᠨ ᠭᠤᠤᠯᠯᠠᠬᠤ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠵᠦ ᠪᠤᠢ; 《ᠤᠷᠢᠳ᠎ᠢᠶᠠᠷ ᠪᠣᠯᠪᠠᠰᠤᠷᠠᠭᠤᠯᠵᠤ᠂ ᠳᠠᠷᠠᠭ᠎ᠠ ᠨᠢ ᠬᠢᠴᠢᠶᠡᠯ ᠣᠷᠣᠬᠤ》 ᠵᠠᠭ᠍ᠪᠤᠷ᠎ᠢ ᠠᠪᠴᠤ᠌᠂ 1 ᠡᠴᠡ 6 ᠳ᠋ᠤᠭᠠᠷ ᠣᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠪᠯᠡᠯ᠎ᠦᠨ ᠲᠣᠭᠠᠨ᠎ᠤ ᠤᠬᠠᠭᠠᠨ᠎ᠤ ᠶᠠᠰᠤ ᠴᠢᠨᠠᠷ᠎ᠤᠨ ᠱᠢᠯᠭᠠᠯᠲᠠ᠎ᠶ᠋ᠢᠨ ᠬᠠᠭᠤᠳᠠᠰᠤ᠎ᠶ᠋ᠢ ᠵᠠᠬᠢᠶᠠᠯᠠᠨ ᠲᠠᠷᠬᠠᠭᠠᠵᠤ᠂ ᠪᠣᠯᠪᠠᠰᠤᠷᠠᠯ᠎ᠢᠶᠠᠷ ᠳᠠᠮᠵᠢᠭᠤᠯᠤᠨ ᠰᠤᠷᠤᠭ᠍ᠴᠢᠳ᠎ᠤᠨ ᠰᠡᠳᠭᠢᠬᠦᠢ᠎ᠶ᠋ᠢ ᠬᠤᠪᠢᠷᠠᠭᠤᠯᠵᠤ᠂ ᠰᠡᠭᠦᠯᠴᠢ᠎ᠶ᠋ᠢᠨ ᠬᠤᠭᠤᠴᠠᠭᠠᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠬᠢᠴᠢᠶᠡᠯᠯᠡᠬᠦ ᠳ᠋ᠤ᠂ ᠰᠤᠷᠤᠭ᠍ᠴᠢᠳ᠎ᠤᠨ ᠤᠢᠯᠠᠭᠠᠵᠤ ᠡᠵᠡᠮᠰᠢᠬᠦ᠎ᠳᠤ ᠠᠱᠢᠭ᠍ᠲᠠᠢ ᠰᠠᠭᠤᠷᠢ ᠵᠢ ᠲᠠᠯᠪᠢᠪᠠ᠃

ᠪᠠᠭᠠᠷᠢᠨ ᠪᠠᠷᠠᠭᠤᠨ ᠬᠣᠰᠢᠭᠤᠨ᠎ᠤ ᠳ᠋ᠠᠪᠠᠨ᠎ᠤ ᠮᠣᠩᠭᠣᠯ ᠦᠨᠳᠦᠰᠦᠲᠡᠨ᠎ᠦ ᠲᠤᠷᠰᠢᠯᠲᠠ᠎ᠶᠢᠨ ᠪᠠᠭ᠎ᠠ ᠰᠤᠷᠭᠠᠭᠤᠯᠢ᠎ᠶᠢᠨ ᠠᠷᠭ᠎ᠠ ᠬᠢᠳᠡᠯ ᠪᠣᠯ ᠪᠠᠭᠠᠷᠢᠨ ᠪᠠᠷᠠᠭᠤᠨ ᠬᠣᠰᠢᠭᠤᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠠᠵᠢᠯ᠎ᠢ ᠢᠳᠡᠪᠬᠢᠲᠡᠢ ᠬᠡᠷᠡᠭᠵᠢᠭᠦᠯᠦᠭᠰᠡᠨ᠎ᠦ ᠬᠤᠷᠢᠶᠠᠩᠭᠤᠢ ᠳᠦᠷᠰᠦ ᠪᠣᠯᠣᠨ᠎ᠠ᠃ ᠣᠢᠷ᠎ᠠ᠎ᠶᠢᠨ ᠵᠢᠯ᠎ᠦᠳ᠎ᠲᠦ᠂ ᠪᠠᠭᠠᠷᠢᠨ ᠪᠠᠷᠠᠭᠤᠨ ᠬᠣᠰᠢᠭᠤᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠲᠤᠬᠠᠢᠯᠠᠭᠰᠠᠨ ᠠᠵᠢᠯ᠎ᠤᠨ ᠰᠤᠷᠤᠯᠴᠠᠯᠭ᠎ᠠ ᠪᠣᠯᠪᠠᠰᠤᠷᠠᠯ᠎ᠢ ᠭᠦᠨᠵᠡᠭᠡᠢ ᠥᠷᠨᠢᠭᠦᠯᠵᠦ᠂ ᠬᠢᠴᠢᠶᠡᠯ ᠲᠦᠷᠦᠯ᠎ᠢ ᠵᠣᠯᠭᠠᠭᠤᠯᠬᠤ᠎ᠶᠢ ᠴᠢᠩᠭᠠᠳᠬᠠᠨ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢ ᠢᠳᠡᠪᠬᠢᠲᠡᠢ ᠠᠬᠢᠭᠤᠯᠵᠤ᠂ ᠪᠠᠭ᠍ᠰᠢ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ᠎ᠶᠢ ᠠᠬᠢᠭᠤᠯᠪᠠ ᠃

2023 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳᠤ᠂ ᠪᠠᠭᠠᠷᠢᠨ ᠪᠠᠷᠠᠭᠤᠨ ᠬᠣᠰᠢᠭᠤᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠳᠤᠮᠳᠠᠳᠤ ᠪᠠᠭ᠎ᠠ ᠰᠤᠷᠭᠠᠭᠤᠯᠢ᠎ᠶᠢᠨ 1 ᠠ᠋ᠴᠠ 8 ᠳ᠋ᠤᠭᠠᠷ ᠣᠨ᠎ᠳᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠪᠯᠡᠯ᠎ᠦᠨ ᠲᠣᠭᠠᠨ᠎ᠤ ᠤᠬᠠᠭᠠᠨ᠂ ᠭᠠᠵᠠᠷ ᠵᠦᠢ᠂ ᠠᠮᠢᠳᠤ ᠪᠣᠳᠠᠰ᠎ᠤᠨ ᠪᠣᠯᠪᠠᠰᠤᠷᠠᠯ᠎ᠤᠨ ᠳᠡᠪᠲᠡᠷ ᠪᠠ ᠶᠠᠰᠤ ᠴᠢᠨᠠᠷ᠎ᠤᠨ ᠰᠢᠯᠭᠠᠯᠲᠠ᠎ᠶᠢᠨ ᠬᠠᠭᠤᠳᠠᠰᠤ᠎ᠶᠢ ᠨᠡᠶ᠋ᠢᠲᠡ 8400 ᠳᠡᠪᠲᠡᠷ ᠵᠠᠬᠢᠶᠠᠯᠠᠨ ᠲᠠᠷᠬᠠᠭᠠᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢ ᠵᠣᠯᠭᠠᠭᠤᠯᠤᠨ ᠨᠥᠬᠥᠪᠦᠷᠢᠯᠡᠬᠦ᠎ᠶᠢ ᠠᠬᠢᠭᠤᠯᠪᠠ; 5500 ᠳᠡᠪᠲᠡᠷ 《ᠳᠤᠮᠳᠠᠳᠤ ᠪᠠᠭ᠎ᠠ ᠰᠤᠷᠭᠠᠭᠤᠯᠢ᠎ᠶᠢᠨ ᠲᠣᠭᠠᠨ᠎ᠤ ᠤᠬᠠᠭᠠᠨ᠎ᠤ ᠨᠡᠷ᠎ᠡ ᠲᠣᠮᠢᠶ᠎ᠠ᠎ᠶᠢᠨ ᠲᠠᠢᠯᠪᠤᠷᠢ᠎ᠶᠢᠨ ᠡᠮᠬᠢᠳᠬᠡᠯ》 ᠢ᠋ ᠨᠠᠢᠷᠠᠭᠤᠯᠤᠨ ᠳᠠᠷᠤᠮᠠᠯᠯᠠᠨ ᠲᠠᠷᠬᠠᠭᠠᠵᠤ᠂ ᠭᠠᠷᠠᠭ ᠪᠦᠷᠢ ᠪᠠᠭ᠍ᠰᠢ ᠰᠤᠷᠤᠭ᠍ᠴᠢᠳ᠎ᠢ ᠵᠣᠬᠢᠶᠠᠨ ᠪᠠᠢᠭᠤᠯᠤᠨ ᠨᠢᠭᠡ ᠤᠳᠠᠭ᠎ᠠ ᠰᠤᠷᠤᠯᠴᠠᠭᠤᠯᠪᠠ; ᠪᠠᠭ᠍ᠰᠢ ᠨᠠᠷ᠎ᠢ ᠵᠣᠬᠢᠶᠠᠨ ᠪᠠᠢᠭᠤᠯᠤᠨ ᠲᠣᠭᠠᠨ᠎ᠤ ᠤᠬᠠᠭᠠᠨ᠎ᠤ ᠬᠢᠴᠢᠶᠡᠯ᠎ᠦᠨ ᠪᠠᠷᠢᠮᠵᠢᠶ᠎ᠠ᠎ᠶᠢ ᠰᠤᠷᠤᠯᠴᠠᠭᠤᠯᠵᠤ᠂ ᠬᠣᠯᠪᠣᠭᠳᠠᠯ ᠪᠦᠬᠦᠢ ᠵᠢᠭᠠᠨ ᠰᠤᠷᠭᠠᠯᠳᠠ ᠵᠢᠨ ᠬᠠᠪᠰᠤᠷᠤᠮᠵᠢ ᠮᠠᠲᠧᠷᠢᠶᠠᠯ᠎ᠢ ᠰᠠᠢᠳᠦᠷ ᠣᠢᠯᠠᠭᠠᠬᠤ᠎ᠶᠢᠨ ᠬᠠᠮᠲᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠨ ᠬᠢᠴᠢᠶᠡᠯ ᠪᠡᠯᠡᠳᠬᠡᠬᠦ᠎ᠶᠢ ᠪᠡᠶᠡᠯᠡᠬᠦᠯᠪᠡ; ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ ᠵᠢᠴᠢ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠬᠡᠷᠡᠭᠯᠡᠯᠲᠡ᠎ᠶᠢᠨ ᠲᠤᠰᠬᠠᠢ ᠰᠡᠳᠦᠪᠲᠦ ᠪᠣᠯᠪᠠᠰᠤᠷᠠᠯ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠬᠰᠠᠨ ᠳᠤᠮᠳᠠᠳᠤ ᠪᠠᠭ᠎ᠠ ᠰᠤᠷᠭᠠᠭᠤᠯᠢ᠎ᠶᠢᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠪᠠᠭ᠍ᠰᠢ᠎ᠶᠢᠨ ᠰᠦᠯᠵᠢᠶᠡᠨ ᠳᠡᠭᠡᠷᠡᠬᠢ ᠲᠥᠪᠯᠡᠷᠡᠩᠭᠦᠢ ᠪᠣᠯᠪᠠᠰᠤᠷᠠᠯ ᠵᠡᠷᠭᠡ᠎ᠶᠢ ᠥᠷᠨᠢᠭᠦᠯᠪᠡ᠃

ᠡᠭᠦᠨ᠎ᠦ ᠬᠠᠮᠲᠤ᠂ ᠪᠠᠭᠠᠷᠢᠨ ᠪᠠᠷᠠᠭᠤᠨ ᠬᠣᠰᠢᠭᠤ ᠣᠷᠣᠨ ᠪᠦᠰᠡ᠎ᠶᠢᠨ ᠲᠤᠰᠬᠠᠢ ᠰᠤᠳᠤᠯᠤᠨ ᠰᠤᠷᠤᠯᠴᠠᠬᠤ ᠡᠩᠨᠡᠭᠡ ᠪᠠ 《ᠪᠠᠭ᠍ᠰᠢ ᠱᠠᠪᠢ ᠳᠠᠭᠠᠭᠤᠯᠬᠤ》᠂ 《ᠨᠢᠭᠡ ᠨᠢᠭᠡ ᠵᠢᠨ ᠬᠠᠪᠰᠤᠷᠤᠯᠴᠠᠭ᠎ᠠ ᠪᠠᠢᠭᠤᠯᠬᠤ》 ᠲᠤᠬᠲᠠᠴᠠ᠎ᠶᠢ ᠪᠠᠢᠭᠤᠯᠵᠦ᠂ 353 ᠤᠤᠯ᠎ᠤᠨ ᠦᠨᠳᠦᠰᠦᠲᠡᠨ᠎ᠤ ᠦᠬᠡ ᠬᠡᠯᠡ ᠪᠡᠷ ᠬᠢᠴᠢᠶᠡᠯᠯᠡᠵᠦ ᠪᠠᠢᠬᠰᠠᠨ ᠪᠠᠬᠰᠢ ᠪᠦᠷᠢ᠎ᠳᠦ ᠨᠢᠭᠡ ᠵᠢᠯᠣᠭᠣᠳᠤᠭ᠍ᠴᠢ ᠪᠠᠭ᠍ᠰᠢ ᠤᠷᠢᠨ ᠥᠭᠴᠦ᠂ ᠪᠥᠬᠥ ᠬᠣᠰᠢᠭᠤᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ᠎ᠦᠨ ᠴᠡᠴᠡᠷᠯᠢᠭ᠎ᠲᠦ 《ᠬᠠᠪᠰᠤᠷᠤᠯᠴᠠᠭ᠎ᠠ ᠪᠠᠢᠭᠤᠯᠵᠤ ᠬᠠᠮᠲᠤ᠎ᠪᠠᠷ ᠪᠠᠶ᠋ᠢᠭᠤᠯᠬᠤ》 ᠠᠵᠢᠯᠯᠠᠭ᠎ᠠ᠎ᠶᠢ 255 ᠤᠳᠠᠭ᠎ᠠ᠂ 3060 ᠬᠥᠮᠥᠨ ᠤᠳᠠᠭ᠎ᠠ ᠥᠷᠨᠢᠭᠦᠯᠵᠦ᠂ 1784 ᠬᠢᠴᠢᠶᠡᠯ ᠰᠣᠨᠣᠰᠴᠤ᠂ 355 ᠤᠳᠠᠭ᠎ᠠ ᠬᠢᠴᠢᠶᠡᠯ ᠰᠢᠯᠭᠠᠷᠠᠭᠤᠯᠵᠦ᠂ ᠪᠠᠭ᠍ᠰᠢ᠎ᠨᠠᠷ᠎ᠤᠨ ᠪᠦᠬᠦᠯᠢ ᠴᠣᠭᠴᠠ᠎ᠶᠢᠨ ᠵᠢᠭᠠᠨ ᠰᠤᠷᠭᠠᠯᠲᠠ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃

ᠣᠳᠣᠬᠠᠨ᠎ᠳᠤ᠂ ᠪᠥᠬᠥ ᠬᠣᠰᠢᠭᠤᠨ᠎ᠤ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ᠎ᠶᠢᠨ ᠭᠤᠷᠪᠠᠨ ᠬᠢᠴᠢᠶᠡᠯ ᠲᠦᠷᠦᠯ᠎ᠦᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠰᠤᠷᠤᠭ᠍ᠴᠢᠳ᠎ᠤᠨ ᠰᠤᠷᠤᠯᠭ᠎ᠠ᠎ᠶᠢᠨ ᠬᠢᠷᠢ ᠪᠦᠲᠦᠮᠵᠢ ᠳᠡᠭᠡᠭᠰᠢᠯᠡᠨ᠂ ᠰᠤᠷᠤᠯᠴᠠᠬᠤ ᠤᠷᠮ᠎ᠠ ᠪᠠᠬ᠎ᠠ ᠨᠠᠩ ᠶᠡᠬᠡ ᠪᠣᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面