ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-12-09 17:47:56

ᠵᠣᠬᠢᠶᠠᠭ᠍ᠴᠢ᠄ ᠬᠤᠤ ᠪᠢᠶᠤᠤ ᠣᠩᠱᠢᠭ᠍ᠰᠠᠨ ᠣᠳᠠᠭ᠎ᠠ᠄ 3

ᠣᠢᠷ᠎ᠠ᠎ᠳᠤ᠂ ᠦᠬᠠᠶ ᠬᠣᠲᠠ᠎ᠶ᠋ᠢᠨ ᠬᠠᠢ᠌ᠷᠤᠪ᠎ᠤᠨ ᠲᠣᠬᠣᠶ ᠲᠣᠭᠣᠷᠢᠭ᠎ᠤᠨ ᠪᠢᠨ ᠾᠧ ᠪᠠᠭ᠎ᠠ ᠰᠤᠷᠭᠠᠭᠤᠯᠢ ᠡᠴᠡ ᠡᠷᠭᠢᠯᠡᠭ᠌ᠰᠡᠨ 《ᠯᠠᠨ ᠲᠢᠩ ᠪᠢᠴᠢᠬᠠᠨ ᠤᠷᠠᠨ ᠪᠢᠴᠢᠯᠭᠡᠲᠡᠨ》᠎ᠢ᠋ ᠦᠨᠡᠯᠡᠨ ᠱᠢᠯᠭᠠᠷᠠᠭᠤᠯᠬᠤ ᠠᠵᠢᠯᠯᠠᠭ᠎ᠠ ᠳᠡᠭᠡᠷ᠎ᠡ 15 ᠠᠩᠭᠢ ᠱᠢᠯᠢᠳᠡᠭ ᠥᠰᠥᠭ ᠪᠢᠴᠢᠬᠦ᠌ ᠠᠩᠭᠢ ᠪᠡᠷ ᠴᠤᠯᠠᠯᠠᠭᠳᠠᠪᠠ᠃

《ᠰᠤᠷᠭᠠᠭᠤᠯᠢ ᠵᠢᠨ ᠬᠢᠨ ᠰᠠᠷ᠎ᠠ ᠪᠦᠷᠢ ᠱᠢᠯᠢᠳᠡᠭ ᠦᠰᠦᠭ ᠪᠢᠴᠢᠬᠦ᠌ ᠠᠩᠬᠢ᠎ᠶ᠋ᠢᠨ ᠱᠢᠯᠭᠠᠷᠠᠭᠤᠯᠤᠯᠲᠠ ᠬᠢᠳᠡᠭ᠂ ᠱᠢᠯᠭᠠᠷᠠᠭᠤᠯᠤᠯᠲᠠ᠎ᠶ᠋ᠢᠨ ᠪᠠᠷᠢᠮᠵᠢᠶ᠎ᠠ ᠨᠢ ᠳᠦᠷᠢᠮᠵᠢᠯ᠎ᠲᠠᠢ ᠪᠢᠴᠢᠬᠦ ᠵᠢ ᠱᠠᠭᠠᠷᠳᠠᠨ᠎ᠠ᠃ ᠲᠠᠷᠤᠢ ᠪᠢᠴᠢᠯᠭᠡ ᠵᠢᠷᠤᠯᠭ᠎ᠠ ᠵᠢᠨ ᠦᠨᠳᠦᠰᠦᠨ ᠬᠡᠯᠪᠡᠷᠢ ᠲᠦᠷᠰᠦ ᠵᠢ ᠢᠯᠡᠷᠡᠬᠦᠯᠵᠦ᠂ ᠪᠦᠲᠦᠴᠡ ᠵᠣᠬᠢᠰᠲᠠᠢ᠂ ᠦᠰᠦᠭ᠎ᠤᠨ ᠶᠡᠬᠡ ᠪᠠᠭ᠎ᠠ ᠪᠠ ᠣᠷᠣᠨ ᠵᠠᠢ ᠵᠢᠨ ᠰᠢᠢᠳᠪᠦᠷᠢᠯᠡᠯᠳᠡ ᠲᠤᠬᠢᠷᠠᠮᠵᠢᠳᠠᠢ᠂ ᠦᠰᠦᠭ᠎ᠦᠨ ᠲᠢᠭ ᠲᠥᠪ᠂ ᠬᠠᠭᠤᠳᠠᠰᠤ ᠴᠡᠪᠡᠷ ᠲᠡᠭ᠌ᠰᠢ ᠪᠠᠢᠬᠤ᠎ᠬᠡᠷᠡᠭᠳᠡᠢ》 ᠭᠡᠵᠦ ᠵᠠᠩ ᠴᠦᠨ ᠵᠢᠤᠸᠠᠨ ᠪᠠᠭ᠍ᠰᠢ ᠶᠠᠷᠢᠨ᠎ᠠ᠃

ᠪᠢᠨ ᠾᠧ ᠪᠠᠭ᠎ᠠ ᠰᠤᠷᠭᠠᠭᠤᠯᠢ᠎ᠶ᠋ᠢᠨ ᠤᠷᠠᠨ ᠪᠢᠴᠢᠯᠭᠡ᠎ᠶ᠋ᠢᠨ ᠬᠢᠴᠢᠶᠡᠯ᠎ᠦᠨ ᠲᠠᠩᠬᠢᠮ᠎ᠳᠦ᠂ ᠲᠤᠰᠭᠠᠶ ᠮᠡᠷᠭᠡᠵᠢᠯ᠎ᠦᠨ ᠤᠷᠠᠨ ᠪᠢᠴᠢᠯᠭᠡ᠎ᠶ᠋ᠢᠨ ᠪᠠᠭ᠍ᠰᠢ ᠡᠴᠡ ᠶᠠᠭ ᠰᠠᠢᠬᠠᠨ ᠵᠢᠷᠭᠤᠳᠤᠭᠠᠷ ᠣᠨ᠎ᠤ ᠰᠤᠷᠤᠭ᠍ᠴᠢᠳ᠎ᠲᠤ ᠤᠷᠠᠨ ᠪᠢᠴᠢᠯᠭᠡ᠎ᠶ᠋ᠢᠨ ᠬᠢᠴᠢᠶᠡᠯ ᠣᠷᠣᠵᠤ ᠪᠠᠢᠯ᠎ᠠ᠃ ᠬᠡᠳᠦᠨ ᠵᠢᠯ᠎ᠦᠨ ᠪᠣᠯᠪᠠᠰᠤᠷᠠᠯ᠎ᠢᠶᠠᠷ ᠳᠠᠮᠵᠢᠨ ᠡᠳᠡᠭᠡᠷ ᠰᠤᠷᠤᠭ᠍ᠴᠢᠳ ᠪᠢᠴᠢᠬᠦ᠌ ᠠᠷᠭ᠎ᠠ᠂ ᠦᠰᠦᠭ᠎ᠦᠨ ᠪᠦᠲᠦᠴᠡ ᠵᠡᠷᠭᠡ ᠦᠨᠳᠦᠰᠦᠨ ᠵᠦᠢᠯ᠎ᠢ ᠨᠡᠯᠢᠶᠡᠳ ᠪᠠᠳᠤᠲᠠᠢ ᠡᠵᠡᠮᠱᠢᠭᠰᠡᠨ ᠪᠠᠢᠵᠠᠢ᠃ ᠡᠨᠡ ᠬᠤᠭᠤᠴᠠᠭᠠᠨ᠎ᠳᠤ ᠤᠷᠠᠨ ᠪᠢᠴᠢᠯᠭᠡ᠎ᠶ᠋ᠢᠨ ᠪᠠᠭ᠍ᠰᠢ ᠭᠤᠤᠯᠳᠠᠭᠤ ᠬᠤᠤᠰ ᠤᠶᠠᠩᠭ᠎ᠠ᠂ ᠡᠯᠭᠦᠭᠡ ᠪᠢᠴᠢᠭᠡᠰᠦ ᠵᠡᠷᠭᠡ ᠪᠠᠢᠩᠭᠤ ᠲᠣᠬᠢᠶᠠᠯᠳᠤᠳᠠᠭ ᠤᠷᠠᠨ ᠪᠢᠴᠢᠯᠭᠡ᠎ᠶ᠋ᠢᠨ ᠪᠦᠲᠦᠭᠡᠯ᠎ᠦᠨ ᠬᠡᠯᠪᠡᠷᠢ᠎ᠶ᠋ᠢ ᠲᠠᠢᠯᠪᠤᠷᠢᠯᠠᠵᠤ᠂ ᠰᠤᠷᠤᠭ᠍ᠴᠢᠳ᠎ᠤᠨ ᠤᠷᠠᠨ ᠪᠢᠴᠢᠯᠭᠡ᠎ᠶ᠋ᠢᠨ ᠮᠡᠷᠭᠡᠵᠢᠯ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ ᠪᠠᠢᠭ᠎ᠠ ᠠᠵᠢ᠃

ᠡᠳᠦᠭᠡ ᠬᠠᠢ᠌ᠷᠤᠪ᠎ᠤᠨ ᠲᠤᠬᠤᠢ ᠲᠣᠭᠣᠷᠢᠭ᠎ᠤᠨ ᠪᠢᠨ ᠾᠧ ᠪᠠᠭ᠎ᠠ ᠰᠤᠷᠭᠠᠭᠤᠯᠢ ᠵᠢᠨ ᠬᠢᠨ ᠬᠥᠮᠦᠨ ᠪᠦᠬᠦᠨ ᠦᠰᠦᠭ ᠪᠢᠴᠢᠵᠦ ᠪᠣᠯᠪᠠᠰᠤᠷᠠᠬᠤ ᠰᠠᠢ᠌ᠨ ᠰᠠᠢᠬᠠᠨ ᠠᠭᠤᠷ ᠠᠮᠢᠰᠭᠤᠯ᠎ᠢ ᠪᠤᠢ ᠪᠤᠯᠭᠠᠪᠠ᠃ ᠪᠦᠬᠦ᠌ ᠬᠤᠳᠠ᠎ᠶ᠋ᠢᠨ ᠡᠯ᠎ᠡ ᠰᠤᠷᠭᠠᠭᠤᠯᠢ᠎ᠳᠤ ᠠᠪᠴᠤ᠌ ᠬᠡᠯᠡᠪᠡᠯ ᠤᠷᠠᠨ ᠪᠢᠴᠢᠯᠭᠡ᠎ᠶ᠋ᠢᠨ ᠵᠢᠭᠠᠨ ᠰᠤᠷᠭᠠᠯᠲᠠ ᠨᠢ ᠰᠤᠷᠤᠭ᠍ᠴᠢᠳ᠎ᠤᠨ ᠰᠠᠢ᠌ᠨ ᠰᠠᠢᠬᠠᠨ ᠦᠰᠦᠭ ᠪᠢᠴᠢᠬᠦ᠌ ᠳᠠᠳᠭᠠᠯ᠎ᠢ ᠬᠥᠮᠦᠵᠢᠭᠦᠯᠬᠦ᠌᠂ ᠰᠤᠷᠤᠭ᠍ᠴᠢᠳ᠎ᠤᠨ ᠰᠣᠶᠣᠯ᠎ᠤᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠴᠢᠬᠤᠯᠠ ᠪᠦᠷᠢᠯᠳᠦᠬᠦᠨ ᠪᠣᠯᠤᠭ᠍ᠰᠠᠨ᠎ᠢᠶᠠᠷ ᠪᠠᠷᠠᠬᠤ ᠦᠭᠡᠢ᠂ ᠪᠠᠰᠠ ᠲᠤᠰ ᠬᠤᠳᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠤᠭ᠍ᠰᠠᠨ ᠪᠠᠢᠨ᠎ᠠ᠃

ᠬᠠᠢ᠌ᠷᠤᠪ᠎ᠤᠨ ᠲᠤᠬᠤᠢ ᠲᠣᠭᠣᠷᠢᠭ᠎ᠤᠨ ᠪᠠᠢ ᠯᠧᠦ ᠨᠡᠢᠭᠡᠮ ᠲᠣᠭᠣᠷᠢᠭ᠎ᠤᠨ ᠤᠷᠠᠨ ᠪᠢᠴᠢᠯᠭᠡ᠎ᠶ᠋ᠢᠨ ᠠᠵᠢᠯᠯᠠᠭᠠᠨ᠎ᠤ ᠲᠠᠰᠤᠭ᠎ᠲᠤ ᠬᠦᠷᠬᠦ᠎ᠳᠤ ᠮᠠᠰᠢ ᠤᠯᠠᠨ ᠰᠠᠭᠤᠭᠠᠯᠢ ᠠᠷᠠᠳ ᠴᠤᠭ᠍ᠯᠠᠷᠠᠨ ᠦᠰᠦᠭ ᠪᠢᠴᠢᠵᠦ᠍ ᠪᠣᠯᠪᠠᠰᠤᠷᠠᠵᠤ ᠪᠠᠢᠯ᠎ᠠ᠃ ᠰᠠᠭᠤᠭᠠᠯᠢ ᠠᠷᠠᠳ ᠶᠢᠨ ᠮᠢᠩ ᡁᠢ ᠪᠤᠯ ᠡᠳᠦᠷ ᠪᠦᠷᠢ ᠡᠨᠳᠡ ᠢᠷᠡᠵᠦ᠍ ᠤᠷᠠᠨ ᠪᠢᠴᠢᠯᠭᠡ ᠪᠣᠯᠪᠠᠰᠤᠷᠠᠭᠰᠠᠳ᠎ᠤᠨ ᠨᠢᠭᠡ ᠪᠤᠯᠤᠨ᠎ᠠ᠃ ᠶᠢᠨ ᠮᠢᠩ ᡁᠢ᠄ 《ᠣᠯᠠᠨ ᠵᠢᠯ ᠰᠤᠳᠤᠯᠤᠨ ᠰᠤᠷᠤᠯᠴᠠᠬᠤ᠎ᠪᠠᠷ ᠳᠡᠮᠵᠢᠨ ᠪᠢᠴᠢᠯᠭᠡ᠎ᠶ᠋ᠢᠨ ᠤᠷ᠎ᠠ ᠮᠡᠷᠭᠡᠵᠢᠯ ᠤᠯᠠᠮ᠎ᠢᠶᠠᠷ ᠰᠠᠢᠵᠢᠷᠠᠵᠤ᠂ ᠪᠢᠷ᠎ᠦᠨ ᠨᠠᠢᠵᠠ᠎ᠴᠦ᠍ ᠤᠯᠠᠮ ᠤᠯᠠᠨ ᠪᠤᠯᠵᠠᠢ》 ᠭᠡᠯ᠎ᠠ᠃

ᠤᠳᠤ ᠦᠬᠠᠢ ᠬᠤᠳᠠ᠎ᠳᠤ ᠤᠷᠠᠨ ᠪᠢᠴᠢᠯᠭᠡ ᠨᠢ ᠲᠤᠰ ᠬᠤᠳᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠦᠭᠡᠮᠡᠯᠵᠢᠬᠦᠯᠬᠦ ᠵᠢ ᠠᠬᠢᠭᠤᠯᠬᠤ ᠬᠦᠴᠦᠲᠡᠢ ᠭᠠᠷᠳᠠᠴᠠ ᠪᠣᠯᠵᠠᠢ᠃ ᠣᠢᠷ᠎ᠠ᠎ᠶ᠋ᠢᠨ ᠵᠢᠯ᠎ᠳᠦ ᠦᠬᠠᠶ ᠬᠣᠲᠠ ᠤᠷᠠᠨ ᠪᠢᠴᠢᠯᠭᠡ᠎ᠵᠢ ᠰᠤᠷᠭᠠᠭᠤᠯᠢ᠎ᠶ᠋ᠢᠨ ᠬᠦᠷᠢᠶ᠎ᠡ᠂ ᠨᠡᠢᠭᠡᠮ ᠲᠣᠭᠣᠷᠢᠭ᠂ ᠪᠠᠢᠭᠤᠯᠭ᠎ᠠ᠂ ᠠᠵᠤ ᠠᠬᠤᠢᠯᠠᠯ᠂ ᠴᠡᠷᠢᠭ᠎ᠦᠨ ᠬᠤᠸᠠᠷᠠᠨ᠎ᠳᠤ ᠤᠷᠤᠭᠤᠯᠵᠦ 《ᠤᠷᠠᠨ ᠪᠢᠴᠢᠯᠭᠡ᠎ᠶ᠋ᠢ ᠲᠠᠪᠤ᠎ᠳᠦ ᠤᠷᠤᠭᠤᠯᠬᠤ》᠎ᠳ᠋ᠤ ᠲᠦᠱᠢᠭ᠌ᠯᠡᠨ ᠤᠷᠠᠨ ᠪᠢᠴᠢᠯᠭᠡ᠎ᠵᠢ ᠲᠦᠭᠡᠮᠡᠯᠵᠢᠭᠦᠯᠬᠦ᠌ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠪᠠ᠃ ᠲᠣᠰ ᠬᠣᠲᠠ᠎ᠶ᠋ᠢᠨ ᠬᠢᠨ ᠵᠢᠯ ᠪᠦᠷᠢ 《ᠪᠥᠬᠥ᠌ ᠠᠷᠠᠳ᠎ᠤᠨ ᠤᠷᠠᠨ ᠪᠢᠴᠢᠯᠭᠡ᠎ᠶ᠋ᠢᠨ ᠤᠷᠤᠯᠳᠤᠭᠠᠨ》᠂ 《ᠪᠥᠬᠥ᠌ ᠠᠷᠠᠳ᠎ᠤᠨ ᠪᠢᠴᠢᠭᠡᠰᠦ᠎ᠪᠢᠴᠢᠬᠦ ᠤᠷᠤᠯᠳᠤᠭᠠᠨ》᠂ 《ᠬᠣᠲᠠ᠎ᠶ᠋ᠢᠨ ᠠᠷᠠᠳ᠎ᠤᠨ ᠤᠷᠠᠨ ᠪᠢᠴᠢᠯᠭᠡ᠎ᠶ᠋ᠢᠨ ᠶᠠᠷᠢᠶᠠᠨ᠎ᠤ ᠲᠠᠩᠬᠢᠮ》 ᠵᠡᠷᠭᠡ ᠠᠵᠢᠯᠯᠠᠭ᠎ᠠ ᠵᠢ ᠥᠷᠨᠢᠭᠦᠯᠵᠦ᠍᠂ ᠣᠯᠠᠨ ᠲᠦᠮᠡᠨ᠎ᠳᠦ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠰᠢᠳᠢ᠎ᠶ᠋ᠢ ᠮᠡᠳᠡᠷᠡᠬᠦᠯᠦᠭᠰᠡᠨ ᠪᠠᠢᠨ᠎ᠠ᠃

2009 ᠣᠨ᠎ᠳᠤ ᠦᠬᠠᠶ ᠬᠣᠲᠠ ᠤᠷᠠᠨ ᠪᠢᠴᠢᠯᠭᠡ᠎ᠶ᠋ᠢᠨ ᠰᠤᠷᠭᠠᠨ ᠬᠥᠮᠦᠵᠢᠯ᠎ᠢ《ᠭᠤᠷᠪᠠ᠎ᠳᠦ ᠤᠷᠤᠭᠤᠯᠵᠦ ᠭᠤᠷᠪᠠ᠎ᠳ᠋ᠤ ᠨᠠᠢᠳᠠᠪᠤᠷᠢᠵᠢᠭᠤᠯᠬᠤ》᠎ᠶ᠋ᠢ ᠪᠥᠬᠥ᠌ ᠤᠯᠤᠰ᠎ᠲᠤ ᠬᠠᠮᠤᠭ᠎ᠤᠨ ᠡᠷᠲᠡ ᠬᠡᠷᠡᠭ᠌ᠵᠢᠭᠦᠯᠪᠡ᠃ ᠲᠤᠬᠠᠢᠯᠠᠪᠠᠯ ᠤᠷᠠᠨ ᠪᠢᠴᠢᠯᠭᠡ᠎ᠶ᠋ᠢᠨ ᠰᠤᠷᠭᠠᠨ ᠬᠥᠮᠦᠵᠢᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠵᠤ᠂ ᠤᠷᠠᠨ ᠪᠢᠴᠢᠯᠭᠡ᠎ᠶ᠋ᠢᠨ ᠬᠢᠴᠢᠶᠡᠯ᠎ᠢ ᠬᠢᠴᠢᠶᠡᠯ᠎ᠦᠨ ᠴᠠᠭ᠎ᠲᠤ ᠣᠷᠣᠭᠤᠯᠵᠤ᠂ ᠤᠷᠠᠨ ᠪᠢᠴᠢᠯᠭᠡ᠎ᠶ᠋ᠢᠨ ᠵᠢᠭᠠᠨ ᠰᠤᠷᠭᠠᠯᠲᠠ᠎ᠶ᠋ᠢ ᠬᠢᠴᠢᠶᠡᠯ᠎ᠦᠨ ᠲᠠᠩᠬᠢᠮ᠎ᠳᠤ ᠣᠷᠣᠭᠤᠯᠵᠤ᠂ ᠵᠠᠰᠠᠭ᠎ᠤᠨ ᠣᠷᠳᠣᠨ᠎ᠠᠴᠠ ᠤᠷᠠᠨ ᠪᠢᠴᠢᠯᠭᠡ᠎ᠶ᠋ᠢᠨ ᠵᠢᠭᠠᠬᠤ ᠮᠠᠲ᠋ᠧᠷᠢᠶᠠᠯ᠎ᠢ ᠬᠤᠳᠠᠯᠳᠤᠨ ᠠᠪᠬᠤ ᠵᠢ ᠨᠠᠢᠳᠠᠪᠤᠷᠢᠵᠢᠭᠤᠯᠵᠤ᠂ ᠰᠤᠷᠭᠠᠭᠤᠯᠢ᠎ᠵᠢᠨ ᠬᠢᠨ ᠭᠠᠷᠠᠭ ᠪᠦᠷᠢ 1 ᠤᠳᠠᠭ᠎ᠠ ᠵᠢᠨ ᠲᠤᠰᠭᠠᠶ ᠮᠡᠷᠭᠡᠵᠢᠯ᠎ᠦᠨ ᠪᠠᠭ᠍ᠰᠢ᠎ᠶ᠋ᠢᠨ ᠵᠢᠯᠣᠭᠣᠳᠣᠯᠭ᠎ᠠ᠎ᠲᠠᠶ ᠤᠷᠠᠨ ᠪᠢᠴᠢᠯᠭᠡ᠎ᠶ᠋ᠢᠨ ᠬᠢᠴᠢᠶᠡᠯ᠎ᠲᠤᠬᠢᠷᠠᠭᠤᠯᠬᠤ ᠵᠢ ᠨᠠᠢᠳᠠᠪᠤᠷᠢᠵᠢᠭᠤᠯᠵᠤ᠂ ᠬᠡᠯᠡ ᠪᠢᠴᠢᠭ᠎ᠦᠨ ᠪᠠᠭ᠍ᠰᠢ ᠡᠳᠦᠷ ᠪᠦᠷᠢ 20 ᠮᠢᠨᠦ᠋ᠲ᠎ᠦᠨ ᠥᠰᠥᠭ ᠪᠢᠴᠢᠬᠦ᠌ ᠪᠣᠯᠪᠠᠰᠤᠷᠠᠯ᠎ᠢ ᠨᠠᠢᠳᠠᠪᠤᠷᠢᠵᠢᠭᠤᠯᠵᠤ᠂ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠡᠯ᠎ᠡ ᠲᠥᠷᠥᠯ᠎ᠦᠨ ᠳᠤᠮᠳᠠᠳᠤ ᠪᠠᠭ᠎ᠠ ᠰᠤᠷᠭᠠᠭᠤᠯᠢ ᠤᠷᠠᠨ ᠪᠢᠴᠢᠯᠭᠡ᠎ᠶ᠋ᠢᠨ ᠰᠤᠷᠭᠠᠨ ᠬᠥᠮᠦᠵᠢᠯ᠎ᠢ ᠨᠡᠢᠳᠡᠮ ᠪᠦᠷᠬᠦᠭᠦᠯᠪᠡ᠃

ᠪᠦᠷᠢᠳᠭᠡᠯ᠎ᠢ ᠦᠨᠳᠦᠰᠦᠯᠡᠪᠡᠯ ᠣᠳᠣᠬᠠᠨ᠎ᠳᠤ ᠲᠤᠰ ᠬᠤᠲᠠ᠎ᠶ᠋ᠢᠨ 80% ᠡᠴᠡ ᠳᠡᠭᠡᠭ᠌ᠰᠢᠬᠢ ᠨᠡᠢᠭᠡᠮ ᠲᠣᠭᠣᠷᠢᠭ᠂ 90% ᠵᠢᠨ ᠰᠤᠷᠭᠠᠭᠤᠯᠢ᠂ 50%᠎ᠵᠢᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠂ 90%᠎ᠵᠢᠨ ᠴᠡᠷᠢᠭ (ᠴᠠᠭ᠍ᠳᠠᠭ᠎ᠠ)᠎ᠤ᠋ᠨ ᠬᠤᠸᠠᠷᠠᠨ ᠪᠦᠷ ᠤᠷᠠᠨ ᠪᠢᠴᠢᠯᠭᠡ᠎ᠶ᠋ᠢᠨ ᠰᠠᠭᠤᠷᠢᠨ ᠪᠠᠢᠭᠤᠯᠵᠤ᠂ ᠪᠦᠬᠦ᠌ ᠬᠤᠲᠠ᠎ᠶ᠋ᠢᠨ 56 ᠲᠦᠮᠡᠨ ᠬᠥᠮᠦᠨ ᠠᠮᠠ᠎ᠶ᠋ᠢᠨ ᠳᠣᠲᠣᠷ᠎ᠠ ᠤᠷᠠᠨ ᠪᠢᠴᠢᠯᠭᠡ᠎ᠵᠢᠨ ᠪᠠᠬᠠᠳᠠᠳ 10 ᠲᠦᠮᠡ ᠭᠠᠷᠤᠢ᠎ᠳᠤ ᠬᠦᠷᠴᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面