2023-12-10 11:40:21
ᠡᠮᠦᠨᠡᠬᠡᠨ ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ ᠡᠴᠡ ᠡᠷᠭᠢᠯᠡᠭ᠌ᠰᠡᠨ 《ᠵᠡᠭᠦᠨ ᠬᠣᠢᠲᠤ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ ᠦ ᠪᠦᠯᠬᠦᠮ ᠰᠤᠷᠭᠠᠭᠤᠯᠢ ᠳᠤ ᠣᠷᠣᠵᠤ ᠬᠢᠴᠢᠶᠠᠯ ᠬᠥᠮᠦᠵᠢᠯ ᠬᠦᠷᠭᠡᠬᠦ ᠪᠣᠯᠪᠠᠰᠤᠷᠠᠯ ᠭᠥᠷᠳᠡᠭᠡᠬᠦ》 ᠬᠠᠷᠢᠭᠤ ᠮᠡᠳᠡᠭᠦᠯᠦᠯᠲᠡ᠎ᠶ᠋ᠢᠨ ᠬᠢᠴᠢᠶᠡᠯ ᠳᠡᠭᠡᠷ᠎ᠡ ᠂ ᠰᠤᠷᠤᠭ᠍ᠴᠢᠳ ᠭᠤᠤ ᠵᠢᠶᠦ᠋ᠨ ᠱᠧᠩ ᠪᠠᠭ᠍ᠰᠢ ᠶ᠋ᠢᠨ ᠬᠢᠴᠢᠶᠡᠯ᠎ᠢ ᠬᠢᠨᠠᠮᠠᠭᠠᠶ ᠰᠣᠨᠣᠰᠴᠤ᠌᠂ ᠢᠳᠡᠪᠬᠢᠲᠡᠶ ᠣᠷᠣᠯᠴᠠᠵᠤ ᠂ ᠵᠤᠷᠢᠬᠳᠠᠢ ᠶᠠᠷᠢᠵᠤ᠂ ᠬᠢᠴᠢᠶᠡᠯ ᠦᠨ ᠲᠠᠩᠬᠢᠮ᠎ᠤᠨ ᠠᠭᠤᠷ ᠠᠮᠢᠰᠭᠤᠯ ᠮᠠᠰᠢ ᠬᠥᠭ᠌ᠵᠢᠶᠡᠨᠲᠡᠶ ᠪᠠᠢᠯ᠎ᠠ᠃
ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ ᠮᠣᠩᠭᠣᠯ ᠦᠨᠳᠦᠰᠦᠲᠡᠨ᠎ᠦ ᠲᠤᠷᠱᠢᠯᠲᠠ ᠶ᠋ᠢᠨ ᠪᠠᠭ᠎ᠠ ᠰᠤᠷᠭᠠᠭᠤᠯᠢ ᠶ᠋ᠢᠨ ᠰᠤᠷᠤᠭᠴᠢ ᠪᠠᠶ ᠬᠤᠤ ᠷᠠᠨ ᠰᠤᠷᠪᠤᠯᠵᠢᠯᠠᠭ᠍ᠴᠢ᠎ᠳᠤ᠄ 《 ᠪᠠᠭ᠍ᠰᠢ᠎ᠶ᠋ᠢᠨ ᠨᠡᠢᠲᠡᠯᠢᠭ ᠬᠡᠯᠡ ᠪᠡᠷ ᠶᠠᠷᠢᠬᠤ ᠨᠢ ᠮᠠᠰᠢ ᠰᠠᠢᠬᠠᠨ ᠡ ᠂ ᠬᠢᠴᠢᠶᠡᠯ ᠶᠠᠷᠢᠬᠤ ᠬᠡᠪ ᠨᠠᠮᠪᠠ ᠨᠢ ᠴᠸ᠋ ᠮᠠᠰᠢ ᠰᠤᠨᠢᠷᠬᠠᠯᠳᠠᠢ ᠂ ᠪᠢ ᠦᠨᠡᠭᠡᠷ ᠰᠣᠨᠣᠰᠭᠤ ᠳᠤᠷᠠᠲᠠᠶ᠃ ᠪᠢ ᠴᠸ᠋ ᠪᠠᠭ᠍ᠰᠢ ᠪᠤᠯᠬᠤ ᠬᠦᠰᠡᠯᠡᠩ ᠲᠠᠢ ᠂ ᠣᠲᠣ ᠶᠠᠭ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠤᠷᠤᠯᠴᠠᠵᠤ ᠪᠠᠢᠨ᠎ᠠ ᠂ ᠲᠠᠰᠤᠷᠠᠯᠲᠠ ᠥᠬᠡᠶ ᠰᠤᠷᠤᠯᠴᠠᠨ ᠪᠣᠯᠪᠠᠰᠤᠷᠠᠬᠤ᠎ᠪᠠᠷ ᠳᠡᠮᠵᠢᠨ ᠪᠠᠭ᠍ᠰᠢ᠎ᠲᠠᠢ ᠠᠳᠠᠯᠢᠬᠠᠨ ᠤᠷᠤᠰᠤᠮ᠎ᠠ ᠰᠠᠢᠬᠨᠨ ᠬᠡᠯᠡ ᠶᠠᠷᠢᠶ᠎ᠠ ᠲᠠᠢ ᠪᠤᠯᠤᠨ᠎ᠠ》 ᠬᠡᠯᠡ᠃
ᠲᠤᠩᠭᠠᠯᠠᠭ ᠪᠣᠯ ᠲᠤᠰ ᠰᠤᠷᠭᠠᠭᠤᠯᠢ᠎ᠶ᠋ᠢᠨ ᠬᠡᠯᠡ ᠪᠢᠴᠢᠭ ᠦᠨ ᠪᠠᠭ᠍ᠰᠢ ᠪᠣᠯᠤᠨ᠎ᠠ ᠂ ᠤᠢ᠍ᠢᠷ᠎ᠠ᠎ᠶ᠋ᠢᠨ 3 ᠵᠢᠯ᠎ᠦᠨ ᠠᠵᠢᠯ᠎ᠤᠨ ᠳᠤᠮᠳᠠ ᠂ ᠲᠡᠷᠡ ᠪᠤᠰᠤᠳ ᠪᠠᠭ᠍ᠰᠢ᠎ᠨᠠᠷ ᠲᠠᠶ ᠪᠠᠨ ᠬᠠᠮᠳᠤ《ᠬᠡᠦᠬᠡᠳ᠎ᠦᠳ ᠨᠡᠢᠲᠡᠯᠢᠭ ᠬᠡᠯᠡ᠎ᠪᠡᠷ ᠶᠠᠷᠢᠵᠤ ᠴᠢᠳᠠᠬᠤ᠂ ᠨᠡᠢᠲᠡᠯᠢᠭ ᠬᠡᠯᠡ᠎ᠪᠡᠷ ᠶᠠᠷᠢᠬᠤ ᠳᠤᠷᠠᠲᠠᠢ ᠪᠠᠢᠬᠤ᠂ ᠪᠢᠴᠢᠵᠦ᠍ ᠴᠢᠳᠠᠬᠤ᠂ ᠳᠤᠷᠠᠲᠠᠶ᠎ᠠ ᠳᠥᠷᠪᠡᠯᠵᠢᠨ ᠦᠰᠦᠭ ᠪᠢᠴᠢᠬᠦ᠌》 ᠵᠢᠭᠠᠨ ᠰᠤᠷᠭᠠᠯᠲᠠ ᠶ᠋ᠢᠨ ᠠᠭᠤᠷ ᠠᠮᠢᠰᠭᠤᠯ ᠢ ᠢᠳᠡᠪᠬᠢᠲᠡᠢ ᠪᠤᠢ ᠪᠣᠯᠭᠠᠵᠤ ᠂ ᠤᠯᠤᠰ ᠢᠶᠠᠨ ᠬᠠᠢᠷᠠᠯᠠᠬᠤ ᠬᠠᠢᠷ᠎ᠠ ᠰᠡᠳᠭᠢᠯᠭᠡ ᠪᠣᠯᠤᠨ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ ᠢ ᠬᠡᠦᠬᠡᠳ᠎ᠦᠳ ᠦᠨ ᠰᠡᠳᠭᠢᠯ ᠳᠦ ᠭᠦᠨ ᠬᠠᠳᠠᠩᠱᠢᠭᠤᠯᠵᠤ ᠂ ᠬᠡᠦᠭᠡᠳ᠎ᠤᠳ ᠲᠸ᠋ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢᠶᠡᠷ ᠨᠣᠮ ᠤᠩᠱᠢᠬᠤ ᠵᠢᠨ ᠬᠢᠵᠠᠭᠠᠯᠠᠰᠢ ᠦᠭᠡᠢ ᠷᠢᠳᠢ ᠱᠢᠳᠢ ᠶ᠋ᠢ ᠮᠡᠳᠡᠷᠡᠬᠦᠯᠵᠦ᠂ ᠨᠤᠮ ᠤᠩᠰᠢᠯᠭ᠎ᠠ ᠵᠢᠨ ᠳᠤᠮᠳᠠ ᠪᠠᠶᠠᠷ ᠪᠠᠶᠠᠰᠤᠯ᠎ᠢ ᠡᠳ᠋ᠯᠡᠵᠦ᠍᠂ ᠪᠠᠶᠠᠷ ᠪᠠᠶᠠᠰᠤᠯ᠎ᠤᠨ ᠳᠤᠮᠳᠠ ᠨᠤᠮ ᠤᠩᠰᠢᠨ ᠮᠡᠳᠡᠯᠭᠡ ᠮᠡᠳᠡᠴᠡ ᠪᠠᠨ ᠨᠡᠮᠡᠭᠳᠡᠬᠦᠯᠵᠦ᠂ ᠤᠩᠰᠢᠯᠭ᠎ᠠ ᠵᠢᠨ ᠳᠤᠮᠳᠠ ᠦᠰᠦᠨ ᠪᠣᠢᠵᠢᠬᠤ ᠵᠢ ᠠᠬᠢᠭᠤᠯᠪᠠ᠃
《ᠬᠡᠦᠬᠡᠳ ᠦᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠰᠠᠢᠳᠤᠷ ᠰᠤᠷᠤᠯᠴᠠᠬᠤ ᠨᠢ ᠨᠡᠩ ᠦᠨᠳᠤᠷ ᠲᠦᠪᠰᠢᠨ ᠪᠦᠬᠦᠢ ᠨᠡᠩ ᠤᠯᠠᠨ ᠮᠡᠳᠡᠯᠭᠡ ᠵᠢ ᠰᠤᠷᠴᠤ ᠂ ᠳᠤᠮᠳᠠᠳᠤ᠎ᠶ᠋ᠢᠨ ᠦᠨᠳᠦᠰᠦᠲᠡᠨ᠎ᠦ ᠡᠨᠡ ᠬᠦ᠌ ᠲᠤᠮᠤ ᠭᠡᠷ ᠪᠦᠯᠢ ᠳᠦ ᠨᠡᠩ ᠰᠠᠢ᠌ᠳᠤᠷ ᠠᠭᠤᠰᠤᠯᠴᠠᠵᠤ ᠴᠢᠳᠠᠬᠤ ᠪᠤᠯᠤᠨ᠎ᠠ ᠂ ᠬᠡᠦᠬᠡᠳ᠎ᠦᠳ ᠲᠸ᠋ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠰᠠᠢᠲᠤᠷ ᠵᠢᠭᠠᠨ ᠰᠤᠷᠭᠠᠬᠤ ᠪᠣᠯ ᠮᠢᠨᠦ᠍ ᠵᠠᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ》 ᠭᠡᠵᠦ᠍ ᠲᠤᠩᠭᠠᠯᠠᠭ ᠪᠠᠭ᠍ᠰᠢ ᠬᠡᠯᠡᠪᠡ᠃
ᠣᠢᠯᠠᠭᠠᠭ᠍ᠰᠠᠨ᠎ᠢᠶᠠᠷ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭ᠌ᠯᠡᠭ᠌ᠰᠡᠨ᠎ᠡᠴᠡ ᠨᠠᠭᠠᠰᠢ ᠂ ᠬᠢᠴᠢᠶᠡᠯᠰᠤᠷᠤᠯᠴᠠᠯᠭᠠ ᠵᠢ ᠰᠠᠢᠲᠤᠷ ᠵᠣᠯᠭᠠᠭᠤᠯᠬᠤ᠎ᠶ᠋ᠢᠨ ᠲᠥᠯᠥᠭᠡ ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠣᠢᠯᠠᠭᠠᠭ᠍ᠳᠠᠬᠤᠨ ᠢ ᠰᠤᠷᠭᠠᠭᠤᠯᠢ ᠶ᠋ᠢᠨ ᠬᠠᠮᠢᠶᠠᠷᠤᠯᠲᠠ ᠪᠠ ᠬᠢᠴᠢᠶᠡᠯ ᠦᠨ ᠪᠠᠢᠭᠤᠯᠤᠯᠲᠠ ᠳᠤ ᠲᠤᠭᠤᠱᠢᠯᠠᠭᠤᠯᠵᠤ ᠂ ᠰᠤᠷᠭᠠᠭᠤᠯᠢ ᠶ᠋ᠢᠨ ᠳᠣᠲᠣᠭᠠᠳᠤ᠎ᠳᠤ ᠱᠢᠯᠢᠨ ᠰᠣᠩᠭᠣᠬᠤ᠂ ᠱᠢᠰᠲ᠋ᠧᠮ ᠲᠡᠶ ᠪᠣᠯᠪᠠᠰᠤᠷᠠᠭᠤᠯᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ ᠂ ᠤᠯᠤᠰ ᠲᠥᠷᠥ ᠶ᠋ᠢᠨ ᠬᠡᠪ ᠪᠤᠯᠪᠠᠰᠤᠷᠠᠯ᠎ᠢᠶᠠᠷ ᠴᠢᠩᠭ᠎ᠠ ᠂ ᠵᠢᠭᠠᠨ ᠰᠤᠷᠭᠠᠯᠲᠠ ᠶ᠋ᠢᠨ ᠲᠦᠪᠱᠢᠨ᠎ᠢᠶᠡᠷ ᠥᠨᠳᠥᠷ ᠪᠠᠭ᠍ᠰᠢ ᠶ᠋ᠢᠨ ᠡᠩᠨᠡᠭᠡ᠎ᠶ᠋ᠢ ᠲᠣᠬᠢᠷᠠᠭᠤᠯᠵᠤ ᠂ ᠪᠠᠭ᠍ᠰᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶ᠋ᠢᠨ ᠣᠨᠣᠯ᠎ᠤᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶ᠋ᠢᠨ ᠦᠶ᠋ᠯᠡᠳᠦᠯᠭᠡ᠎ᠶ᠋ᠢᠨ ᠴᠢᠳᠠᠪᠤᠷᠢ ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠂ ᠰᠤᠷᠤᠭ᠍ᠴᠢᠳ ᠤᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠢ ᠰᠠᠢᠲᠤᠷ ᠡᠵᠡᠮᠱᠢᠨ ᠬᠡᠷᠡᠭ᠌ᠯᠡᠬᠦ᠌ ᠶ᠋ᠢ ᠦᠨᠡᠨ ᠬᠦ᠌ ᠪᠠᠲᠤᠯᠠᠪᠠ᠃
ᠰᠤᠷᠭᠠᠭᠤᠯᠢ ᠶ᠋ᠢᠨ ᠨᠠᠮ ᠤᠨ ᠶᠡᠷᠦᠩᠬᠡᠢ ᠡᠭᠦᠷ ᠦᠨ ᠱᠦᠵᠢ ᠂ ᠰᠤᠷᠭᠠᠭᠤᠯᠢ ᠶ᠋ᠢᠨ ᠵᠠᠬᠢᠷᠤᠯ ᠪᠠᠢ ᠹᠦ᠋ ᠴᠢᠤᠸᠠᠨ᠄ 《ᠤᠯᠤᠰ ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠲᠡᠯᠭᠡᠷᠡᠬᠦᠯᠦᠨ ᠬᠡᠷᠡᠭᠯᠡᠬᠦ ᠨᠢ ᠦᠨᠳᠦᠰᠦᠲᠡᠨ ᠦ ᠬᠡᠯᠡ ᠪᠡᠷ ᠬᠢᠴᠢᠶᠡᠯᠯᠡᠵᠦ᠍ ᠪᠠᠢᠭᠰᠠᠨ ᠰᠤᠷᠭᠠᠭᠤᠯᠢ᠎ᠶ᠋ᠢᠨ ᠰᠤᠷᠤᠭ᠍ᠴᠢᠳ ᠲᠤ ᠠᠪᠴᠤ᠌ ᠬᠡᠯᠡᠪᠡᠯ ᠨᠡᠩ ᠡᠷᠬᠡ ᠲᠡᠭ᠌ᠰᠢ ᠂ ᠨᠡᠩ ᠴᠢᠨᠠᠷ ᠰᠠᠢᠲᠠᠢ ᠰᠤᠷᠭᠠᠨ ᠬᠥᠮᠦᠵᠢᠯ ᠬᠦᠷᠳᠡᠬᠦ᠌ ᠰᠠᠢ᠌ᠨ ᠰᠠᠢᠬᠠᠨ ᠠᠵᠠ ᠲᠣᠬᠢᠶᠠᠯ ᠪᠣᠯᠤᠨ᠎ᠠ᠂ ᠰᠤᠷᠤᠭ᠍ᠴᠢᠳ ᠤᠳᠤ ᠦᠶ᠎ᠡ ᠶ᠋ᠢᠨ ᠨᠡᠢᠭᠡᠮ ᠳᠦ ᠨᠡᠩ ᠰᠠᠢᠲᠤᠷ ᠠᠭᠤᠰᠤᠯᠴᠠᠵᠤ᠂ ᠣᠳᠣᠬᠢᠴᠢᠯᠠᠯᠲᠠ ᠶ᠋ᠢᠨ ᠪᠦᠳᠦᠭᠡᠨ ᠪᠠᠢᠭᠤᠯᠤᠯᠲᠠ ᠶ᠋ᠢᠨ ᠦᠷ᠎ᠡ ᠪᠦᠲᠦᠭᠡᠯ ᠢ ᠡᠳ᠋ᠯᠡᠵᠦ᠍᠂ ᠨᠡᠩ ᠤᠯᠠᠨ ᠠᠵᠠ ᠲᠣᠬᠢᠶᠠᠯ ᠲᠠᠢ ᠪᠤᠯᠵᠤ᠂ ᠨᠡᠩ ᠭᠡᠭᠡᠨ ᠰᠠᠷᠠᠭᠤᠯ ᠢᠷᠡᠭᠡᠳᠦᠢ ᠵᠢ ᠤᠭᠳᠤᠬᠤ ᠪᠤᠯᠤᠨ᠎ᠠ》 ᠭᠡᠵᠦ᠍ ᠬᠡᠯᠡᠪᠡ᠃
ᠣᠢᠷ᠎ᠠ᠎ᠶ᠋ᠢᠨ ᠵᠢᠯ᠎ᠳᠦ ᠂ ᠬᠣᠷᠴᠢᠨ ᠵᠡᠭᠦᠨ ᠭᠠᠷᠤᠨ ᠬᠣᠢᠲᠤ ᠬᠣᠱᠢᠭᠤ ᠳᠤᠮᠳᠠᠳᠤ ᠶ᠋ᠢᠨ ᠦᠨᠳᠦᠰᠦᠲᠡᠨ ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ ᠂ ᠪᠠᠭ᠍ᠰᠢ ᠶ᠋ᠢᠨ ᠡᠩᠨᠡᠭᠡ᠎ᠶ᠋ᠢ ᠤᠯᠠᠮ ᠨᠢᠭᠡ ᠠᠯᠬᠤᠮ ᠴᠢᠩᠭᠠᠳᠭᠠᠬᠤ᠂ ᠵᠢᠭᠠᠨ ᠰᠤᠷᠭᠠᠯᠲᠠ ᠶ᠋ᠢᠨ ᠡᠬᠢ ᠪᠠᠶᠠᠯᠢᠭ᠎ᠢ ᠪᠠᠶᠠᠯᠢᠭ᠍ᠵᠢᠭᠤᠯᠬᠤ ᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ ᠪᠥᠬᠥ᠌ ᠲᠠᠯ᠎ᠠ ᠪᠠᠷ ᠳᠡᠯᠭᠡᠷᠡᠭᠦᠯᠦᠨ ᠬᠡᠷᠡᠭ᠌ᠯᠡᠬᠦ᠌ ᠠᠵᠢᠯ ᠢ ᠦᠷᠭᠦᠯᠵᠢᠯᠡᠨ ᠰᠠᠢᠲᠤᠷ ᠬᠢᠪᠠ᠃ ᠣᠳᠣᠬᠠᠨ ᠪᠣᠯᠲᠠᠯ᠎ᠠ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ ᠠᠯᠪᠠᠨ ᠠᠴᠠ ᠡᠷᠭᠢᠯᠡᠭ᠌ᠰᠡᠨ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠦᠨ ᠴᠡᠴᠡᠷᠯᠢᠭ ᠦᠨ ᠤᠯᠤᠰ ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠦᠨ ᠵᠢᠷᠤᠮᠵᠢᠭᠤᠯᠤᠯᠳᠠ ᠵᠢᠨ ᠪᠠᠷᠢᠮᠵᠢᠶ᠎ᠠ ᠳᠤ ᠭᠦᠷᠦᠭ᠌ᠰᠡᠨ ᠰᠤᠷᠭᠠᠭᠤᠯᠢ᠎ᠶ᠋ᠢ ᠡᠭᠦᠳᠦᠨ ᠪᠠᠢᠭᠤᠯᠤᠭ᠍ᠰᠠᠨ ᠨᠣᠷᠮ᠎ᠠ 100% ᠳ᠋ᠤ ᠬᠦᠷᠦᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃