2023-11-22 09:57:15
《ᠡᠷᠲᠡᠨ᠎ᠤ ᠰᠤᠩᠭᠤᠳᠠᠭ ᠰᠢᠯᠦᠭ ᠵᠤᠬᠢᠶᠠᠯ᠎ᠢ ᠤᠶᠠᠩᠭᠠᠯᠠᠨ ᠤᠩᠰᠢᠬᠤ ᠳ᠋ᠠᠭᠠᠨ ᠰᠢᠯᠦᠭ᠎ᠤᠨ ᠰᠠᠨᠠᠭ᠎ᠠ ᠠᠬᠤᠢ ᠬᠢᠭᠡᠳ ᠭᠡᠮᠨᠡᠯᠢ ᠠᠮᠢᠳᠤᠯᠢᠭ ᠢᠯᠡᠷᠡᠭᠦᠯᠬᠦ ᠬᠡᠷᠡᠭᠲᠡᠢ ᠁》 ᠬᠡᠵᠦ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ ᠬᠢᠭᠡᠳ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶ᠎ᠠ ᠡᠴᠡ ᠬᠠᠮᠲᠤᠷᠠᠨ ᠡᠷᠬᠢᠯᠡᠭᠰᠡᠨ 《ᠰᠣᠩᠭᠣᠳᠠᠭ ᠱᠢᠯᠦᠭ ᠵᠤᠬᠢᠶᠠᠯ ᠤᠶᠠᠩᠭᠠᠯᠠᠵᠤ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌》 ᠠᠵᠢᠯᠯᠠᠭ᠎ᠠ ᠵᠢᠴᠢ ᠳᠤᠮᠳᠠᠳᠤ᠎ᠶ᠋ᠢᠨ ᠰᠣᠩᠭᠣᠳᠠᠭ ᠱᠢᠯᠦᠭ ᠳᠠᠭᠤᠯᠠᠯ᠎ᠤᠨ ᠤᠩᠰᠢᠯᠭ᠎ᠠ ᠵᠢᠨ ᠪᠣᠯᠪᠠᠰᠤᠷᠠᠯ᠎ᠤᠨ ᠠᠵᠢᠯᠯᠠᠭ᠎ᠠ ᠲᠦᠷᠦᠭᠦᠬᠡᠨ ᠢᠳᠡ ᠬᠦᠭ ᠲᠠᠢ ᠶᠠᠪᠤᠭᠳᠠᠪᠠ᠃ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠎ᠶ᠋ᠢᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠴᠠᠷᠠᠰᠤᠨ ᠲᠠᠷᠢᠶᠠᠯᠠᠩ᠎ᠤᠨ ᠱᠢᠨ᠎ᠡ᠎ᠶ᠋ᠢ ᠡᠭᠦᠳᠬᠦ᠌ ᠲᠥᠪ᠎ᠲᠦ ᠪᠥᠬᠥ᠌ ᠬᠣᠱᠢᠭᠤᠨ᠎ᠤ ᠡᠯ᠎ᠡ ᠰᠤᠷᠭᠠᠭᠤᠯᠢ᠎ᠶ᠋ᠢᠨ 100 ᠭᠠᠷᠤᠶ ᠬᠡᠯᠡ ᠪᠢᠴᠢᠭ᠎ᠦᠨ ᠪᠠᠭ᠍ᠰᠢ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠤᠳᠭ᠎ᠠ ᠵᠣᠬᠢᠶᠠᠯ᠎ᠤᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠯᠦ᠍ ᠶᠢᠦ ᠹᠦ᠋ ᠫᠷᠤᠹᠧᠰᠰᠤᠷ᠎ᠤᠨ ᠲᠠᠢᠯᠤᠮᠵᠢ᠎ᠶ᠋ᠢ ᠨᠠᠷᠢᠨ ᠬᠢᠨᠠᠮᠠᠭᠠᠶ ᠰᠣᠨᠣᠰᠪᠠ᠃
《〈ᠳᠤᠮᠳᠠᠳᠤ ᠶ᠋ᠢᠨ ᠰᠣᠩᠭᠣᠳᠠᠭ ᠱᠢᠯᠦᠭ ᠳᠠᠭᠤᠯᠠᠯ᠎ᠤᠨ ᠤᠩᠱᠢᠯᠭ᠎ᠠ〉᠎ᠶ᠋ᠢᠨ ᠲᠤᠰᠭᠠᠶ ᠰᠡᠳᠦᠪᠲᠦ ᠪᠣᠯᠪᠠᠰᠤᠷᠠᠯ᠎ᠨᠢ ᠪᠠᠭ᠍ᠰᠢ ᠨᠠᠷ᠎ᠤᠨ ᠭᠤᠤ᠎ᠠ ᠲᠠᠭᠠᠱᠢᠶᠠᠯ᠎ᠤᠨ ᠬᠠᠷᠠᠭ᠎ᠠ᠎ᠶ᠋ᠢ ᠥᠷᠭᠡᠳᠭᠡᠵᠦ᠍᠂ ᠭᠤᠤ᠎ᠠ ᠲᠠᠭᠠᠱᠢᠶᠠᠯ᠎ᠤᠨ ᠦᠵᠡᠯ ᠰᠡᠳᠭᠢᠯᠭᠡ᠎ᠶ᠋ᠢ ᠬᠥᠮᠦᠵᠢᠭᠦᠯᠵᠦ᠍᠂ ᠭᠤᠤ᠎ᠠ ᠲᠠᠭᠠᠱᠢᠶᠠᠯ᠎ᠤᠨ ᠤᠷ᠎ᠠ ᠮᠡᠷᠭᠡᠵᠢᠯ᠎ᠢ ᠳᠡᠭᠡᠭ᠌ᠰᠢᠯᠡᠭᠦᠯᠪᠡ》 ᠭᠡᠵᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶᠠᠨ᠎ᠤ ᠳᠡᠳ᠋ ᠳᠠᠷᠤᠭ᠎ᠠ ᠵᠠᠩ ᠵᠢᠩ ᠶᠤᠸᠠᠨ ᠶᠠᠷᠢᠨ᠎ᠠ᠃ ᠲᠡᠷᠡ ᠪᠠᠰᠠ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠲᠣᠰ ᠤᠳᠠᠭᠠᠨ᠎ᠤ ᠲᠤᠰᠭᠠᠶ ᠰᠡᠳᠦᠪᠲᠦ ᠪᠣᠯᠪᠠᠰᠤᠷᠠᠯ᠎ᠢᠶᠠᠷ ᠠᠵᠠ ᠲᠣᠬᠢᠶᠠᠯ ᠪᠣᠯᠭᠠᠵᠤ᠂ ᠡᠷᠲᠡᠨ᠎ᠦ ᠰᠣᠩᠭᠣᠳᠠᠭ ᠱᠢᠯᠦᠭ ᠳᠠᠭᠤᠯᠠᠯ᠎ᠤᠨ ᠵᠢᠭᠠᠨ ᠰᠤᠷᠭᠠᠯᠲᠠ᠎ᠳᠤ ᠡᠷᠲᠡᠨ᠎ᠦ ᠰᠣᠩᠭᠣᠳᠠᠭ ᠱᠢᠯᠦᠭ ᠳᠠᠭᠤᠯᠠᠯ᠎ᠤᠨ ᠤᠶᠠᠩᠭᠠᠯᠠᠬᠤ ᠠᠷᠭ᠎ᠠ ᠪᠠ ᠤᠷ᠎ᠠ ᠮᠡᠷᠭᠡᠵᠢᠯ᠎ᠢ ᠱᠢᠨᠵᠢᠯᠡᠬᠦ᠌ ᠤᠬᠠᠭᠠᠨᠴᠢ ᠪᠠᠷ ᠪᠦᠲᠦᠮᠵᠢᠲᠡᠶ ᠬᠡᠷᠡᠭ᠌ᠯᠡᠵᠦ᠍᠂ ᠡᠷᠲᠡᠨ᠎ᠦ ᠰᠣᠩᠭᠣᠳᠠᠭ ᠱᠢᠯᠦᠭ ᠳᠠᠭᠤᠯᠠᠯ᠎ᠤᠨ ᠵᠢᠭᠠᠨ ᠰᠤᠷᠭᠠᠯᠲᠠ᠎ᠶ᠋ᠢ ᠥᠨᠳᠥᠷ ᠪᠦᠲᠦᠮᠵᠢᠲᠡᠶ ᠪᠥᠭᠡᠳ ᠠᠴᠢ ᠬᠣᠯᠪᠣᠭ᠍ᠳᠠᠯ᠎ᠲᠠᠶ ᠪᠠᠷ ᠥᠷᠨᠢᠭᠦᠯᠪᠡ᠃ ᠡᠭᠦᠨ᠎ᠦ ᠬᠠᠮᠲᠤ᠂ ᠱᠢᠨ᠎ᠡ᠎ᠶ᠋ᠢ ᠡᠭᠦᠳᠬᠦ᠌ ᠬᠡᠯᠪᠡᠷᠢ ᠪᠡᠷ 《ᠰᠣᠩᠭᠣᠳᠠᠭ ᠵᠣᠬᠢᠶᠠᠯ᠎ᠢᠶᠠᠷ ᠨᠤᠲᠤᠭ ᠤᠰᠤ ᠪᠠᠨ ᠤᠮᠳᠠᠯᠠᠬᠤ》 ᠠᠵᠢᠯᠯᠠᠭ᠎ᠠ ᠥᠷᠨᠢᠭᠦᠯᠵᠦ᠍᠂ ᠳᠤᠮᠳᠠᠳᠤ ᠶ᠋ᠢᠨ ᠤᠯᠠᠮᠵᠢᠯᠠᠯᠲᠤ ᠰᠣᠶᠣᠯ᠎ᠢ ᠬᠥᠳᠡᠭᠡ ᠲᠣᠰᠭᠣᠨ᠎ᠳᠤ ᠨᠡᠪᠴᠢᠭᠦᠯᠦᠨ ᠤᠯᠠᠮᠵᠢᠯᠠᠬᠤ᠎ᠶ᠋ᠢ ᠠᠬᠢᠭᠤᠯᠵᠤ᠂ 《ᠰᠣᠩᠭᠣᠳᠠᠭ ᠵᠣᠬᠢᠶᠠᠯ》 ᠵᠢᠡᠷ ᠰᠦᠭ ᠰᠦᠨᠡᠰᠦ ᠶ᠋ᠢ ᠱᠤᠭᠤᠵᠤ᠂ 《ᠰᠣᠩᠭᠣᠳᠠᠭ ᠵᠣᠬᠢᠶᠠᠯ》 ᠵᠢᠡᠷ ᠰᠡᠳᠭᠢᠯ ᠢᠶᠡᠨ ᠨᠡᠪᠲᠡᠷᠡᠯᠴᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ ᠭᠡᠯᠡ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ ᠬᠦᠷᠢᠶ᠎ᠡ ᠴᠠᠷᠠᠭᠠᠨ ᠳ᠋ᠡᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ᠌ ᠠᠵᠢᠯ᠎ᠢ ᠲᠠᠰᠤᠷᠠᠯᠳᠠ ᠦᠭᠡᠢ ᠬᠦᠨᠵᠡᠭᠡᠢᠷᠡᠬᠦᠯᠬᠦ ᠪᠠ ᠥᠷᠭᠡᠳᠭᠡᠬᠦ᠌ ᠶ᠋ᠢᠨ ᠲᠥᠯᠥᠭᠡ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠠᠵᠢᠯ ᠲᠦᠷᠦᠯ ᠢᠶᠡᠷ ᠢᠶᠡᠨ ᠬᠠᠪᠰᠤᠷᠤᠨ ᠲᠡᠳᠬᠦᠬᠦ᠌ ᠨᠢᠭᠡᠴᠢ ᠪᠤᠯᠤᠭᠰᠠᠨ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠬᠡ ᠰᠤᠷᠭᠠᠭᠤᠯᠢ᠎ᠶ᠋ᠢᠨ ᠲᠡᠷᠢᠬᠦᠨ᠎ᠤ ᠱᠢᠨᠵᠢᠯᠡᠭᠡᠨ ᠦ ᠰᠠᠯᠠᠭᠠᠨ ᠤ ᠳᠠᠪᠠᠭᠤᠯᠢᠭ ᠲᠤ ᠲᠦᠱᠢᠭ᠌ᠯᠡᠨ᠂ ᠤᠯᠤᠰ ᠤᠨ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ᠌ ᠰᠠᠭᠤᠷᠢᠨ (ᠳᠤᠮᠳᠠᠳᠤ ᠤᠯᠤᠰ᠎ᠤᠨ ᠵᠠᠭᠤᠴᠢᠯᠠᠭᠤᠷ ᠤᠨ ᠶᠡᠬᠡ ᠰᠤᠷᠭᠠᠭᠤᠯᠢ) ᠤ᠋ ᠬᠢᠩᠭᠠᠨ ᠠᠢᠮᠠᠭ᠎ᠤᠨ ᠦᠷᠳᠡᠭᠡ ᠶ᠋ᠢ ᠫᠠᠢᠰᠠ ᠡᠯᠭᠦᠨ ᠪᠠᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠪᠣᠯᠪᠠᠰᠤᠷᠠᠯ᠎ᠢ ᠬᠠᠮᠲᠤᠷᠠᠨ ᠥᠷᠨᠢᠭᠦᠯᠵᠦ ᠪᠠᠢᠭ᠎ᠠ ᠠᠵᠢ᠃
《ᠡᠨᠡ ᠬᠦ᠌ ᠤᠯᠤᠰ᠎ᠤᠨ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠰᠠᠭᠤᠷᠢᠨ ᠨᠢ ᠪᠣᠯᠪᠠᠰᠤᠷᠠᠯ ᠰᠤᠷᠢᠯᠳᠠ᠂ ᠬᠢᠨᠠᠨ ᠱᠢᠯᠭᠠᠯᠲᠠ᠂ ᠦᠵᠡᠭᠦᠯᠭᠡ ᠵᠢ ᠢᠵᠢ ᠪᠦᠷᠢᠳᠦᠬᠦᠯᠵᠦ᠂ ᠰᠦᠯᠵᠢᠶᠡᠨ ᠳᠡᠭᠡᠷ᠎ᠡ ᠰᠢᠭᠤᠳ ᠨᠡᠪᠳᠡᠷᠡᠬᠦᠯᠬᠦ ᠪᠤᠶᠤ ᠪᠤᠳᠠᠳᠠᠢ ᠬᠢᠴᠢᠶᠡᠯ᠎ᠤᠨ ᠲᠠᠩᠬᠢᠮ ᠳ᠋ᠤ ᠪᠦᠷ ᠬᠢᠴᠢᠶᠡᠯᠯᠡᠵᠦ᠍ ᠪᠣᠯᠤᠨ᠎ᠠ᠂ ᠡᠨᠡ ᠪᠣᠯ ᠬᠢᠩᠭᠠᠨ ᠠᠢᠮᠠᠭ᠎ᠤᠨ ᠠᠩᠬᠠᠳᠠᠭ᠍ᠴᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠵᠢᠱ᠌ᠢᠢ᠎ᠡ ᠦᠵᠡᠭᠦᠯᠬᠦ᠌ ᠴᠢᠭ ᠪᠣᠯᠤᠨ᠎ᠠ》 ᠭᠡᠵᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ 《ᠨᠡᠢᠳᠡᠯᠢᠭ ᠬᠡᠯᠡ ᠵᠢ ᠲᠡᠯᠭᠡᠷᠡᠬᠦᠯᠦᠨ ᠲᠦᠬᠡᠮᠡᠯᠵᠢᠬᠦᠯᠬᠦ ᠠᠷᠪᠠᠨ ᠵᠦᠶ᠋ᠯ᠎ᠦᠨ ᠢᠨᠵᠧᠨᠧᠷᠢᠩ》᠎ᠤ᠋ᠨ ᠠᠯᠪᠠᠨ ᠬᠡᠷ᠎ᠦᠨ ᠡᠷᠬᠢᠯᠡᠭ᠌ᠴᠢ ᠠᠶ ᠱᠢᠶᠤᠤ ᠨᠠ ᠲᠠᠨᠢᠯᠴᠠᠭᠤᠯᠤᠨ᠎ᠠ᠃
《ᠨᠡᠢᠳᠡᠯᠢᠭ ᠬᠡᠯᠡ ᠵᠢ ᠲᠡᠯᠭᠡᠷᠡᠬᠦᠯᠦᠨ ᠲᠦᠭᠡᠮᠡᠯᠵᠢᠭᠦᠯᠬᠦ᠌ ᠨᠢ ᠬᠥᠮᠦᠰ᠎ᠦᠨ ᠬᠣᠭᠣᠷᠣᠨᠳᠣᠬᠢ ᠨᠡᠪᠲᠡᠷᠡᠯᠴᠡᠭᠡ᠎ᠶ᠋ᠢ ᠨᠡᠮᠡᠭ᠌ᠳᠡᠭᠦᠯᠬᠦ᠌᠂ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠴᠥᠮ ᠲᠤᠢᠯ᠎ᠤᠨ ᠴᠢᠬᠤᠯᠠ ᠠᠴᠢ ᠬᠤᠯᠪᠤᠭᠳᠠᠯ᠎ᠲᠡᠶ ᠶᠤᠮ》 ᠭᠡᠵᠦ ᠴᠠᠷᠠᠰᠤᠨ ᠪᠠᠭ᠎ᠠ ᠰᠤᠷᠭᠠᠭᠤᠯᠢ᠎ᠶ᠋ᠢᠨ ᠪᠠᠭ᠍ᠰᠢ ᠸᠠᠩ ᠵᠢᠩ ᠬᠡᠯᠡᠪᠡ᠃ ᠪᠠᠭ᠍ᠰᠢ ᠪᠣᠯᠤᠭ᠍ᠰᠠᠨ᠎ᠤ ᠬᠤᠪᠢ᠎ᠳᠤ ᠲᠡᠷᠡ ᠥᠪᠡᠷ᠎ᠦᠨ ᠵᠢᠭᠠᠨ ᠰᠤᠷᠭᠠᠯᠲᠠ᠎ᠶ᠋ᠢᠨ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠬᠦ᠌᠎ᠶ᠋ᠢᠨ ᠬᠠᠮᠲᠤ᠂ ᠬᠡᠦᠬᠡᠳ᠎ᠦᠳ᠎ᠤᠨ ᠨᠡᠢᠲᠡᠯᠢᠭ ᠬᠡᠯᠡ ᠪᠡᠷ ᠰᠠᠢᠲᠤᠷ ᠶᠠᠷᠢᠬᠤ᠂ ᠳᠦᠷᠢᠮᠵᠢᠭ᠌ᠰᠡᠨ ᠦᠰᠦᠭ᠎ᠢ ᠰᠠᠢᠲᠤᠷ ᠪᠢᠴᠢᠬᠦ᠂ ᠪᠣᠯᠪᠠᠰᠤᠨ ᠦᠭᠡ ᠶᠠᠷᠢᠶ᠎ᠠ ᠵᠢ ᠰᠠᠢᠲᠤᠷ ᠬᠡᠷᠡᠭ᠌ᠯᠡᠬᠦ ᠵᠢ ᠬᠦᠳᠦᠯᠦᠨ ᠵᠢᠯᠤᠭᠤᠳᠴᠤ᠂ ᠰᠠᠢ᠌ᠨ ᠰᠠᠢᠬᠠᠨ ᠦᠭᠡ ᠬᠡᠯᠡᠨ᠎ᠦ ᠣᠷᠴᠢᠨ ᠲᠣᠭᠣᠷᠢᠨ᠎ᠢ ᠪᠤᠢ ᠪᠣᠯᠭᠠᠵᠤ᠂ ᠪᠤᠳᠠᠳᠠᠢ ᠠᠵᠢᠯᠯᠠᠭ᠎ᠠ᠎ᠪᠠᠷ᠎ᠢᠶᠠᠨ ᠨᠡᠢᠲᠡᠯᠢᠭ ᠬᠡᠯᠡ᠎ᠶ᠋ᠢ ᠲᠦᠭᠡᠮᠡᠯᠵᠢᠭᠦᠯᠬᠦ᠌ ᠬᠢᠷᠢ ᠲᠡᠩᠴᠡᠭ᠌ᠰᠡᠨ ᠡᠯᠴᠢ ᠪᠣᠯᠬᠤ᠎ᠪᠠᠷ ᠴᠢᠷᠮᠠᠢᠨ᠎ᠠ ᠬᠡᠪᠡ᠃
ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠨᠡᠢᠲᠡᠯᠢᠭ ᠬᠡᠯᠡᠵᠢ ᠳᠡᠯᠭᠡᠷᠡᠭᠦᠯᠬᠦ ᠳᠦᠷᠢ ᠲᠥᠷᠬᠦ᠌᠎ᠶ᠋ᠢᠨ ᠡᠯᠴᠢ᠎ᠵᠢ ᠤᠷᠢᠨ᠂ ᠬᠢᠩᠭᠠᠨ ᠠᠢᠮᠠᠭ᠎ᠤᠨ ᠠᠩᠬᠠᠳᠠᠭ᠍ᠴᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠵᠢᠱ᠌ᠢᠶ᠎ᠡ ᠦᠵᠡᠭᠦᠯᠬᠦ᠌ ᠴᠢᠭ᠎ᠢ ᠪᠠᠢᠭᠤᠯᠪᠠ; ᠮᠢᠩᠭᠠᠨ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠪᠠ ᠁ ᠡᠳᠡᠭᠡᠷ ᠠᠵᠢᠯ ᠪᠤᠯ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ 《ᠨᠡᠢᠳᠡᠯᠢᠭ ᠬᠡᠯᠡ ᠵᠢ ᠲᠡᠯᠭᠡᠷᠡᠬᠦᠯᠦᠨ ᠲᠦᠭᠡᠮᠡᠯᠵᠢᠭᠦᠯᠬᠦ᠌ ᠠᠷᠪᠠᠨ ᠵᠦᠶ᠋ᠯ᠎ᠦᠨ ᠢᠨᠵᠧᠨᠧᠷᠢᠩ》᠎ᠢ᠋ ᠦᠷᠨᠢᠭᠦᠯᠦᠭᠰᠡᠨ ᠬᠤᠷᠢᠶᠠᠩᠭᠤᠢ ᠵᠢᠷᠤᠭᠯᠠᠯ ᠪᠣᠯᠤᠨ᠎ᠠ᠃ ᠡᠨᠡ ᠵᠢᠯ᠎ᠡᠴᠡ ᠨᠠᠭᠠᠰᠢ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠠᠤᠯᠢ ᠴᠠᠭᠠᠵᠠ ᠬᠠᠤᠯᠢ ᠲᠣᠭ᠍ᠲᠠᠭᠠᠯ᠂ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠣᠯᠤᠨ ᠦᠭᠡ ᠬᠡᠯᠡ ᠦᠰᠦᠭ ᠪᠢᠴᠢᠭ᠎ᠦᠨ ᠳᠦᠷᠢᠮᠵᠢᠯᠪᠠᠷᠢᠮᠵᠢᠶᠠ ᠵᠢ ᠶᠡᠬᠡᠪᠡᠷ ᠤᠬᠠᠭᠤᠯᠵᠤ᠂ ᠨᠡᠩ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠤᠭᠤᠳᠴᠤ ᠦᠭᠡ ᠬᠡᠯᠡ ᠦᠰᠦᠭ ᠪᠢᠴᠢᠭ᠎ᠦᠨ ᠷᠢᠳᠢ ᠱᠢᠳᠢ᠎ᠶ᠋ᠢ ᠮᠡᠳᠡᠷᠡᠭᠦᠯᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠨᠡᠢᠲᠡᠯᠢᠭ ᠬᠡᠯᠡ ᠪᠠ ᠦᠭᠡ ᠬᠡᠯᠡ ᠦᠰᠦᠭ ᠪᠢᠴᠢᠭ᠎ᠢ ᠲᠦᠷᠢᠮᠵᠢᠬᠦᠨ ᠬᠡᠷᠡᠭᠯᠡᠬᠦ ᠬᠢᠷᠢ ᠲᠦᠪᠱᠢᠨ᠎ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃