2024-03-05 10:06:55
《ᠪᠠᠭᠠᠴᠤᠳ ᠰᠡᠴᠡᠨ ᠪᠤᠯᠪᠠᠰᠤ ᠤᠯᠤᠰ ᠰᠠᠴᠠᠨ ᠪᠤᠯᠤᠮᠤᠢ᠂ ᠪᠠᠭᠠᠴᠤᠤᠨ ᠬᠦᠭᠵᠢᠯ ᠪᠠᠲᠠᠷᠠᠯ ᠲᠠᠢ ᠪᠤᠯᠪᠠᠰᠤ ᠤᠯᠤᠰ ᠬᠦᠭᠵᠢᠯ ᠪᠠᠲᠠᠷᠠᠯ ᠲᠠᠢ ᠪᠤᠯᠤᠮᠤᠢ᠂ ᠪᠠᠭᠠᠴᠤᠤᠨ ᠬᠦᠴᠤᠷᠬᠡᠭ ᠪᠤᠯᠪᠠᠰᠤ ᠤᠯᠤᠰ ᠬᠦᠴᠤᠷᠬᠡᠭ ᠪᠤᠯᠤᠮᠤᠢ ᠁》 2 ᠰᠠᠷ᠎ᠠ᠎ᠶ᠋ᠢᠨ 26 ᠤ᠋ ᠡᠳᠦᠷ᠂ ᠰᠤᠷᠪᠤᠯᠵᠢᠯᠠᠭ᠍ᠴᠢ ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠦᠨᠳᠦᠰᠦᠲᠡᠨ᠎ᠦ ᠰᠤᠷᠭᠠᠭᠤᠯᠢ᠎ᠶ᠋ᠢᠨ ᠲᠠᠪᠤᠳᠤᠭᠠᠷ ᠣᠨ᠎ᠤ 2 ᠠᠩᠭᠢ᠎ᠳᠤ ᠬᠦᠷᠪᠠᠯ᠂ ᠰᠤᠷᠤᠭ᠍ᠴᠢᠳ ᠶᠠᠭ ᠰᠠᠢᠬᠠᠨ ᠬᠡᠯᠡ ᠪᠢᠴᠢᠭ᠎ᠦᠨ ᠬᠢᠴᠢᠶᠡᠯ᠎ᠦᠨ ᠳᠡᠪᠲᠡᠷ᠎ᠲᠡᠬᠢ 《ᠪᠠᠭᠠᠴᠤᠳ ᠳᠤᠮᠳᠠᠳᠤ ᠤᠯᠤᠰ᠎ᠤᠨ ᠰᠤᠷᠭᠠᠯ᠎ᠢ ᠦᠬᠦᠯᠠᠬᠦ ᠨᠢ》 ᠵᠢ ᠰᠡᠳᠭᠢᠯ ᠳᠡᠯᠪᠢᠨ ᠤᠩᠱᠢᠵᠤ᠂ ᠣᠢᠯᠠᠭᠠᠬᠤᠶᠠ ᠪᠡᠷᠬᠡ ᠦᠭᠡᠰ᠎ᠢ ᠪᠠᠭ᠍ᠰᠢ ᠨᠢ ᠳᠠᠬᠢᠨ ᠳᠠᠪᠲᠠᠨ ᠲᠠᠢᠯᠪᠤᠷᠢᠯᠠᠨ ᠶᠠᠷᠢᠵᠤ᠂ ᠰᠤᠷᠤᠭ᠍ᠴᠢᠳ ᠴᠤ᠌ ᠪᠠᠭ᠍ᠰᠢᠲᠠᠶᠪᠠᠨ ᠢᠳᠡᠪᠬᠢᠲᠡᠶ ᠶᠠᠷᠢᠯᠴᠠᠵᠤ ᠬᠦᠲᠠᠯᠤᠯᠴᠠᠨᠠ᠃
ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠦᠨᠳᠦᠰᠦᠲᠡᠨ᠎ᠦ ᠰᠤᠷᠭᠠᠭᠤᠯᠢ ᠨᠢ ᠰᠤᠷᠤᠭ᠍ᠴᠢᠳ᠎ᠤᠨ ᠦᠭᠡ ᠬᠡᠯᠡᠨ᠎ᠦ ᠰᠠᠭᠤᠷᠢᠪᠣᠯᠪᠠᠰᠤᠷᠠᠯᠢ ᠮᠠᠰᠢ ᠴᠢᠬᠤᠯᠠᠴᠢᠯᠠᠨ᠂ ᠵᠢᠭᠠᠨ ᠰᠤᠷᠭᠠᠬᠤ ᠶᠠᠪᠤᠴᠠ᠎ᠳᠤ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠬᠢᠴᠢᠶᠡᠯ᠎ᠢ ᠤᠷᠠᠨ ᠲᠣᠳᠣ ᠤᠩᠱᠢᠭᠤᠯᠬᠤ᠂ ᠬᠢᠴᠢᠶᠡᠯ᠎ᠦᠨ ᠲᠠᠩᠬᠢᠮ᠎ᠤᠨ ᠶᠠᠷᠢᠯᠴᠠᠭ᠎ᠠ᠎ᠶ᠋ᠢ ᠵᠣᠬᠢᠶᠠᠨ ᠪᠠᠢᠭᠤᠯᠬᠤ᠂ ᠳᠤᠭᠤᠢᠯᠠᠩ᠎ᠤᠨ ᠰᠣᠯᠢᠯᠴᠠᠭ᠎ᠠ ᠬᠢᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠰᠣᠯᠢᠯᠴᠠᠬᠤ᠎ᠶ᠋ᠢ ᠵᠣᠷᠢᠭ᠍ᠵᠢᠭᠤᠯᠤᠨ᠎ᠠ᠃ ᠡᠭᠦᠨ᠎ᠡᠴᠡ ᠭᠠᠳᠠᠨ᠎ᠠ᠂ ᠪᠠᠰᠠ ᠤᠯᠠᠨ ᠵᠠᠭᠤᠴᠢᠳᠤ ᠵᠢᠭᠠᠨ ᠰᠤᠷᠭᠠᠯᠲᠠ᠂ ᠠᠬᠤᠢ ᠪᠠᠢᠳᠠᠯ᠎ᠤᠨ ᠮᠠᠶᠢᠭ᠎ᠤᠨ ᠵᠢᠭᠠᠨ ᠰᠤᠷᠭᠠᠯᠲᠠ᠂ ᠦᠢᠯᠡᠳᠦᠯᠴᠡᠬᠦ᠌ ᠮᠠᠶᠢᠭ᠎ᠤᠨ ᠵᠢᠭᠠᠨ ᠰᠤᠷᠭᠠᠯᠲᠠ ᠵᠡᠷᠭᠡ ᠤᠯᠠᠨ ᠡᠱᠢᠴᠢᠯᠡᠭ᠌ᠰᠡᠨ ᠵᠢᠭᠠᠨ ᠰᠤᠷᠭᠠᠯᠲᠠ᠎ᠶ᠋ᠢᠨ ᠠᠷᠭ᠎ᠠ ᠬᠡᠯᠪᠡᠷᠢ᠎ᠶ᠋ᠢ ᠠᠪᠴᠤ᠌᠂ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠲᠤᠬᠠᠢ ᠣᠢᠯᠠᠭᠠᠯᠲᠠ ᠪᠠ ᠳᠤᠷ᠎ᠠ ᠰᠣᠨᠢᠷᠬᠠᠯ᠎ᠢ ᠨᠡᠮᠡᠭ᠌ᠳᠡᠭᠦᠯᠦᠨ᠎ᠡ᠃
ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠦᠨᠳᠦᠰᠦᠲᠡᠨ᠎ᠦ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠰᠤᠪᠤᠳ᠄ 《ᠨᠡᠢᠲᠡᠯᠢᠭ ᠬᠡᠯᠡ ᠪᠠ ᠳᠦᠷᠢᠮᠵᠢᠭ᠌ᠰᠡᠨ ᠬᠢᠲᠠᠳ ᠥᠰᠥᠭ᠎ᠦᠨ ᠰᠤᠷᠤᠯᠴᠠᠯᠭ᠎ᠠ ᠪᠠᠷ ᠳᠠᠮᠵᠢᠨ᠂ ᠰᠤᠷᠤᠭ᠍ᠴᠢᠳ᠎ᠲᠤ ᠡᠯᠪᠡᠭ ᠪᠠᠶᠠᠯᠢᠭ ᠮᠡᠳᠡᠯᠭᠡ᠎ᠶ᠋ᠢ ᠨᠠᠩ ᠰᠠᠢᠲᠤᠷ ᠣᠢᠯᠠᠭᠠᠭᠤᠯᠤᠨ ᠡᠵᠡᠮᠱᠢᠭᠦᠯᠵᠦ᠍ ᠴᠢᠳᠠᠨ᠎ᠠ》 ᠭᠡᠵᠦ ᠬᠡᠯᠡᠨ᠎ᠡ᠃ ᠲᠠᠪᠤᠳᠤᠭᠠᠷ ᠣᠨ᠎ᠤ ᠬᠣᠶᠠᠳᠤᠭᠠᠷ ᠠᠩᠭᠢ᠎ᠶ᠋ᠢᠨ ᠾᠧ ᠰᠧ ᠷᠠᠨ᠄ 《ᠪᠢ ᠰᠤᠷᠤᠭᠴᠢ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠴᠤ᠌ ᠬᠡᠷᠡᠭ᠌ᠯᠡᠬᠦ᠌᠎ᠶ᠋ᠢᠨ ᠴᠢᠬᠤᠯᠠ ᠴᠢᠨᠠᠷ᠎ᠢ ᠭᠦᠨᠵᠡᠭᠡᠢ ᠣᠢᠯᠠᠭᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠨᠢ ᠮᠢᠨᠦ᠍ ᠮᠡᠳᠡᠯᠭᠡ᠎ᠶ᠋ᠢ ᠥᠷᠭᠡᠳᠭᠡᠬᠦ᠌᠎ᠳᠦ ᠮᠠᠰᠢ ᠶᠡᠬᠡ ᠬᠠᠪᠰᠤᠷᠤᠯᠭ᠎ᠠ ᠪᠣᠯᠵᠠᠢ᠂ ᠡᠢᠮᠦ᠍᠎ᠡᠴᠡ᠂ ᠪᠢ ᠴᠢᠷᠮᠠᠢᠨ ᠰᠤᠷᠤᠯᠴᠠᠵᠤ᠂ ᠥᠪᠡᠷ᠎ᠢ᠎ᠪᠡᠨ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ》 ᠬᠡᠵᠤ ᠬᠡᠯᠡᠪᠠ᠃
ᠲᠠᠮᠢᠷ᠎ᠤᠨ ᠲᠠᠯᠠᠪᠠᠢ ᠳ᠋ᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ᠎ᠶ᠋ᠢᠨ ᠪᠤᠯᠤᠩ᠂ ᠬᠢᠴᠢᠶᠡᠯ᠎ᠦᠨ ᠭᠡᠷ᠎ᠲᠦ᠂ ᠳᠤᠮᠳᠠᠳᠤ᠎ᠶ᠋ᠢᠨ ᠱᠢᠯᠢᠳᠡᠭ ᠱᠢᠯᠦᠭ ᠳᠠᠭᠤᠯᠠᠯ ᠤ᠋ᠨ ᠨᠠᠭᠠᠯᠲᠠ ᠡᠯᠬᠦᠬᠡᠰᠤ ᠭᠠᠵᠠᠷ ᠪᠤᠯᠭᠠᠨ ᠳ᠋ᠤ ᠬᠠᠷᠠᠭᠲᠠᠨ᠎ᠠ ᠁ ᠡᠢᠮᠦᠷᠬᠦ ᠭᠠᠷ᠎ᠲᠤ ᠪᠠᠷᠢᠭ᠍ᠳᠠᠮ᠎ᠠ᠂ ᠨᠢᠲᠤᠨ ᠳ᠋ᠤ ᠦᠵᠡᠭᠲᠠᠮᠠ᠂ ᠰᠡᠳᠭᠢᠯ᠎ᠳᠦ ᠰᠠᠭᠤᠬᠳᠠᠮ᠎ᠠ ᠰᠤᠷᠭᠠᠭᠤᠯᠢ᠎ᠶ᠋ᠢᠨ ᠬᠦᠷᠢᠶᠡᠨ᠎ᠦ ᠰᠣᠶᠣᠯ ᠨᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠤᠯᠴᠠᠯᠭ᠎ᠠ᠎ᠶ᠋ᠢᠨ ᠬᠡᠷᠡᠭ᠌ᠴᠡᠭᠡ᠎ᠶ᠋ᠢ ᠬᠠᠩᠭᠠᠭ᠍ᠰᠠᠨ᠎ᠢᠶᠠᠷ ᠪᠠᠷᠠᠬᠤ ᠦᠭᠡᠢ ᠪᠠᠰᠠ ᠰᠤᠷᠤᠭ᠍ᠴᠢᠳ᠎ᠢ ᠬᠠᠪᠰᠤᠷᠤᠨ ᠳᠤᠮᠳᠠᠳᠤ᠎ᠶ᠋ᠢᠨ ᠰᠣᠶᠣᠯ᠎ᠢ ᠤᠯᠠᠮᠵᠢᠯᠠᠨ ᠪᠠᠳᠠᠷᠠᠭᠤᠯᠬᠤ ᠣᠮᠣᠭ᠍ᠰᠢᠯᠲᠤ ᠰᠡᠳᠭᠢᠯᠭᠡ ᠪᠠ ᠢᠲᠡᠭᠡᠯ ᠵᠤᠷᠢᠭ᠎ᠢ ᠱᠤᠭᠤᠵᠠᠢ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ᠌ ᠶᠠᠪᠤᠴᠠ᠎ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠦᠨᠳᠦᠰᠦᠲᠡᠨ᠎ᠦ ᠰᠤᠷᠭᠠᠭᠤᠯᠢ ᠨᠢ ᠡᠯ᠎ᠡ ᠵᠦᠢᠯ᠎ᠦᠨ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠨ ᠰᠠᠢᠨ ᠰᠠᠢᠬᠠᠨ ᠰᠤᠷᠤᠯᠴᠠᠬᠤ ᠤᠷᠴᠢᠨ ᠠᠬᠤᠢ ᠵᠢ ᠪᠤᠢ ᠪᠣᠯᠭᠠᠪᠠ᠃ ᠱᠢᠨ᠎ᠡ ᠰᠤᠷᠤᠯᠭ᠎ᠠ᠎ᠶ᠋ᠢᠨ ᠬᠤᠭᠤᠴᠠᠭᠠᠨ᠎ᠳᠤ᠂ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠦᠨᠳᠦᠰᠦᠲᠡᠨ᠎ᠦ ᠰᠤᠷᠭᠠᠭᠤᠯᠢ᠎ᠨᠢ ᠪᠥᠬᠥ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠵᠢᠷᠤᠮᠵᠢᠭᠤᠯᠤᠨ ᠬᠡᠷᠡᠭ᠌ᠯᠡᠬᠦ᠌ ᠤᠬᠠᠮᠰᠠᠷ᠎ᠢ ᠲᠠᠰᠤᠷᠠᠯᠲᠠ ᠥᠬᠡᠶ ᠴᠢᠡᠭᠭᠠᠳᠬᠠᠨ᠂ ᠳᠡᠯᠭᠡᠷᠡᠭᠦᠯᠦᠨ ᠬᠡᠷᠡᠭ᠌ᠯᠡᠬᠦ᠌ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠢ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠭᠦᠯᠤᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃