2023-12-18 10:53:22
ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭᠭᠠᠵᠠᠷ ᠣᠷᠣᠨ᠎ᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠲᠡᠯᠭᠡᠷᠡᠬᠦᠯᠦᠨ ᠬᠡᠷᠡᠭ᠌ᠯᠡᠬᠦ᠌᠂ ᠪᠠᠭ᠍ᠰᠢ ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠤᠨ ᠲᠥᠷᠥᠯ ᠵᠦᠶ᠋ᠯ ᠲᠦᠩᠯᠢᠶᠣᠤ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ᠎ᠳᠤ ᠵᠢᠩᠬᠢᠨᠢ᠎ᠪᠡᠷ ᠡᠬᠢᠯᠡᠪᠡ᠃
ᠠᠵᠢᠯᠯᠠᠭ᠎ᠠ ᠳᠤᠮᠳᠠ᠂ ᠵᠡᠭᠦᠨ ᠬᠣᠢᠲᠤ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠲᠤᠰᠭᠠᠶ ᠮᠡᠷᠭᠡᠵᠢᠯᠲᠡᠨ᠎ᠦ ᠪᠦᠯᠬᠦᠮ ᠲᠦᠩᠯᠢᠶᠣᠤ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ᠎ᠶ᠋ᠢᠨ ᠪᠠᠭ᠍ᠰᠢ᠂ ᠪᠣᠯᠪᠠᠰᠤᠷᠠᠯ᠎ᠳᠤ ᠣᠷᠣᠯᠴᠠᠭ᠍ᠰᠠᠨ ᠰᠤᠷᠤᠯᠭᠠᠳᠠᠳ᠎ᠲᠠᠶ ᠬᠠᠮᠲᠤ᠎ᠪᠠᠷ ᠬᠢᠴᠢᠶᠡᠯ ᠲᠥᠷᠥᠯ ᠬᠤᠪᠢᠶᠠᠨ ᠬᠢᠴᠢᠶᠡᠯ᠎ᠦᠨ ᠲᠠᠩᠬᠢᠮ᠎ᠦᠨ ᠦᠵᠡᠭᠦᠯᠭᠡ ᠬᠢᠪᠡ᠃ ᠲᠤᠰᠭᠠᠶ ᠮᠡᠷᠭᠡᠵᠢᠯᠲᠡᠨ ᠪᠠᠭ᠍ᠰᠢ᠎ᠨᠠᠷ᠎ᠤᠨ ᠵᠢᠱ᠌ᠢᠶ᠎ᠡ ᠦᠵᠡᠭᠦᠯᠬᠦ᠌ ᠬᠢᠴᠢᠶᠡᠯ᠎ᠦᠨ ᠵᠢᠷᠤᠭ ᠲᠥᠯᠥᠪᠯᠡᠭᠡ ᠨᠢ ᠱᠢᠨ᠎ᠡ ᠰᠡᠪᠡᠭᠦᠨ᠂ ᠵᠢᠭᠠᠨ ᠰᠤᠷᠭᠠᠯᠲᠠ᠎ᠶ᠋ᠢᠨ ᠶᠠᠪᠤᠴᠠ ᠨᠢ ᠲᠦᠭᠦᠮ ᠠᠪᠰᠠᠷᠬᠠᠨ ᠪᠠᠢᠵᠤ᠂ ᠥᠪᠡᠷᠮᠢᠴᠡ ᠣᠨᠴᠠᠯᠢᠭ ᠪᠥᠬᠥᠶ ᠵᠢᠭᠠᠨ ᠰᠤᠷᠭᠠᠯᠲᠠ᠎ᠶ᠋ᠢᠨ ᠬᠡᠪ ᠨᠠᠮᠪᠠ ᠵᠢ ᠢᠯᠡᠷᠡᠭᠦᠯᠦᠭ᠌ᠰᠡᠨ ᠪᠠᠢᠨ᠎ᠠ᠃ ᠪᠠᠭ᠍ᠰᠢ ᠨᠠᠷ᠎ᠤᠨ ᠵᠢᠭᠠᠨ ᠰᠤᠷᠭᠠᠯᠲᠠ᠎ᠶ᠋ᠢᠨ ᠳᠤᠮᠳᠠ ᠣᠷᠣᠱᠢᠵᠤ ᠪᠠᠢᠭ᠎ᠠ ᠡᠭᠡᠳᠡᠷᠡᠭᠡᠨ ᠲᠠᠢ ᠠᠰᠠᠭᠤᠳᠠᠯ᠎ᠳᠦ ᠴᠢᠭ᠌ᠯᠡᠭᠦᠯᠦᠨ᠂ ᠲᠤᠰᠭᠠᠢ ᠮᠡᠷᠭᠡᠵᠢᠯᠲᠡᠳ ᠡᠴᠡ ᠮᠠᠳᠠᠭ᠎ᠢ ᠲᠠᠢᠯᠪᠤᠷᠢᠯᠠᠵᠤ᠂ ᠰᠠᠨᠠᠯ ᠵᠢᠡᠨ ᠰᠣᠯᠢᠯᠴᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠠᠱᠢᠭ᠎ᠢ ᠨᠡᠮᠡᠭ᠌ᠳᠡᠭᠦᠯᠪᠡ᠃
《ᠲᠤᠰᠭᠠᠶ ᠪᠣᠯᠪᠠᠰᠤᠷᠠᠯ ᠳ᠋ᠤ ᠤᠷᠤᠯᠴᠠᠬᠤ ᠪᠡᠷ ᠳᠡᠮᠵᠢᠨ᠂ ᠮᠠᠨ᠎ᠤ ᠰᠤᠷᠭᠠᠭᠤᠯᠢ᠎ᠶ᠋ᠢᠨ ᠪᠠᠭ᠍ᠰᠢ᠎ᠨᠠᠷ ᠰᠤᠷᠤᠯᠴᠠᠬᠤ᠂ ᠡᠷᠭᠢᠴᠡᠭᠦᠯᠦᠨ ᠪᠣᠳᠣᠯᠬᠢᠯᠠᠬᠤ᠂ ᠦᠶ᠋ᠯᠡᠳᠦᠯᠭᠡᠵᠢᠭᠦᠯᠬᠦ᠌ ᠪᠠ ᠳ᠋ᠦᠩᠨᠡᠨ ᠰᠣᠯᠢᠯᠴᠠᠬᠤ ᠳᠤᠮᠳᠠ ᠬᠠᠷᠠᠭ᠎ᠠ᠎ᠪᠠᠨ ᠲᠠᠯᠠᠵᠤ᠂ ᠵᠢᠭᠠᠨ ᠰᠤᠷᠭᠠᠯᠲᠠ᠎ᠶ᠋ᠢᠨ ᠣᠢᠯᠠᠭᠠᠭ᠍ᠳᠠᠬᠤᠨ᠎ᠢᠶᠠᠨ ᠱᠢᠨᠡᠳᠭᠡᠵᠦ᠍᠂ ᠲᠤᠰᠭᠠᠶ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠨ ᠳᠡᠭᠡᠭ᠌ᠰᠢᠯᠡᠭᠦᠯᠦᠨ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠴᠢᠳᠠᠪᠤᠷᠢ ᠪᠠ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠶᠡᠬᠡᠪᠡᠷ ᠳᠡᠭᠡᠭ᠌ᠰᠢᠯᠡᠭᠦᠯᠪᠡ》ᠭᠡᠵᠦ᠍ ᠲᠦᠩᠯᠢᠶᠣᠤ ᠬᠤᠳᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ᠎ᠶ᠋ᠢᠨ ᠵᠠᠬᠢᠷᠤᠯ ᠮᠠ ᠯᠢᠩ ᠬᠡᠯᠡᠪᠡ᠃
ᠣᠢᠯᠠᠭᠠᠭ᠍ᠰᠠᠨ᠎ᠢᠶᠠᠷ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠲᠦᠩᠯᠢᠶᠣᠤ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ᠎ᠶ᠋ᠢ ᠤᠶᠠᠯᠳᠤᠭᠤᠯᠬᠤ ᠬᠡᠯᠪᠡᠷᠢ ᠪᠡᠷ ᠪᠠᠭ᠍ᠰᠢ᠎ᠶ᠋ᠢ ᠰᠣᠩᠭᠣᠨ ᠲᠣᠮᠢᠯᠠᠵᠤ ᠣᠯᠠᠨ ᠲᠠᠰ ᠳᠠᠪᠬᠤᠷᠭ᠎ᠠ᠂ ᠣᠯᠠᠨ ᠠᠷᠭ᠎ᠠ ᠵᠠᠮ᠎ᠤᠨ ᠪᠣᠯᠪᠠᠰᠤᠷᠠᠯ᠎ᠳᠤ ᠣᠷᠣᠯᠴᠠᠭᠤᠯᠬᠤ᠎ᠶ᠋ᠢᠨ ᠬᠠᠮᠲᠤ ᠂ ᠲᠦᠩᠯᠢᠶᠣᠤ ᠬᠣᠲᠠ᠎ᠶ᠋ᠢᠨ ᠳᠥᠷᠪᠡᠳᠦᠭᠡᠷ ᠳᠤᠮᠳᠠᠳᠤ ᠰᠤᠷᠭᠠᠭᠤᠯᠢ ᠪᠠ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠹᠦ᠋ ᠯᠢ ᠬᠤᠪᠢᠶᠠᠷᠢ ᠰᠤᠷᠭᠠᠭᠤᠯᠢ᠎ᠲᠠᠶ ᠬᠠᠪᠰᠤᠷᠤᠯᠴᠠᠭ᠎ᠠ ᠪᠠᠢᠭᠤᠯᠪᠡ᠃
ᠣᠢᠷ᠎ᠠ᠎ᠶ᠋ᠢᠨ ᠵᠢᠯ ᠲᠦᠩᠯᠢᠶᠣᠤ ᠬᠣᠲᠠ᠎ᠶ᠋ᠢᠨ ᠬᠢᠨ ᠰᠤᠷᠭᠠᠭᠤᠯᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠭᠣᠸ᠋ᠯ ᠪᠣᠯᠭᠠᠵᠤ᠂ ᠪᠠᠭ᠍ᠰᠢ ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢᠨ ᠪᠣᠯᠪᠠᠰᠤᠷᠠᠯ᠎ᠢ ᠭᠦᠨᠵᠡᠭᠡᠶ ᠠᠬᠢᠭᠤᠯᠵᠤ᠂ ᠵᠡᠭᠦᠨ ᠬᠣᠢᠲᠤ᠎ᠶ᠋ᠢᠨ ᠪᠠᠭ᠍ᠰᠢ᠎ᠶ᠋ᠢᠨ ᠶᠡᠬᠡ ᠰᠤᠷᠭᠠᠭᠤᠯᠢ᠂ ᠭᠢᠷᠢᠨ᠎ᠦ ᠪᠠᠭ᠍ᠰᠢ᠎ᠶ᠋ᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠨ᠂ ᠬᠢᠴᠢᠶᠡᠯ᠎ᠦᠨ ᠲᠠᠩᠬᠢᠮ᠎ᠤᠨ ᠣᠨᠣᠱᠢᠯᠠᠯᠲᠠ ᠬᠢᠬᠦ᠂ ᠵᠢᠱ᠌ᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠪᠠᠭ᠍ᠰᠢ᠎ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ ᠪᠠ ᠵᠢᠭᠠᠨ ᠰᠤᠳᠤᠯᠬᠤ ᠴᠢᠳᠠᠪᠤᠷᠢ ᠵᠢ ᠲᠡᠭᠡᠭᠰᠢᠯᠡᠭᠦᠯᠵᠦ᠂ ᠪᠠᠬᠰᠢ ᠨᠠᠷ᠎ᠤᠨ ᠬᠡᠪ ᠪᠤᠯᠪᠠᠰᠤᠷᠠᠯ᠎ᠢ ᠪᠦᠬᠦ ᠲᠠᠯ᠎ᠠ ᠪᠡᠷ ᠲᠡᠭᠡᠭᠰᠢᠯᠡᠭᠦᠯᠪᠡ᠃
ᠲᠠᠷᠠᠭᠠᠴᠢ᠎ᠶ᠋ᠢᠨ ᠠᠯᠬᠤᠮ᠎ᠳᠤ᠂ ᠲᠦᠩᠯᠢᠶᠣᠤ ᠬᠣᠲᠠ᠎ᠶ᠋ᠢᠨ ᠬᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭᠯᠡᠭᠡᠨ᠎ᠤ ᠴᠢᠳᠠᠪᠤᠷᠢ ᠵᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠪᠠᠭ᠍ᠰᠢ᠎ᠶ᠋ᠢᠨ ᠪᠣᠯᠪᠠᠰᠤᠷᠠᠯ᠎ᠢ ᠦᠷᠭᠦᠯᠵᠢᠯᠡᠨ ᠥᠷᠨᠢᠭᠦᠯᠵᠦ᠍᠂ ᠪᠡᠭᠡᠵᠢᠩ᠎ᠤᠨ ᠳ᠋ᠦᠩ ᠴᠸᠩ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠲᠡᠶ ᠬᠠᠮᠵᠢᠯᠴᠠᠨ ᠰᠠᠷ᠎ᠠ ᠪᠦᠷᠢ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠤᠨ᠎ᠠ᠃ ᠡᠭᠦᠨ᠎ᠦ ᠬᠠᠮᠲᠤ᠌᠂ ᠲᠤᠬᠠᠢ᠎ᠶ᠋ᠢᠨ ᠭᠠᠵᠠᠷ᠎ᠤᠨ ᠪᠠᠭ᠍ᠰᠢ ᠰᠤᠷᠤᠭ᠍ᠴᠢᠳ᠎ᠤᠨ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠤᠶᠤᠨᠴᠢ ᠲᠤᠰᠠᠯᠠᠬᠤ ᠪᠠᠭ᠍ᠰᠢ᠎ᠶ᠋ᠢᠨ ᠱᠢᠰᠲ᠋ᠧᠮ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠲᠤᠰᠭᠠᠢ ᠰᠡᠳᠦᠪᠲᠦ ᠬᠢᠴᠢᠶᠡᠯ᠎ᠦᠨ ᠲᠠᠩᠬᠢᠮ᠂ ᠪᠠᠭ᠍ᠰᠢ᠎ᠶ᠋ᠢᠨ ᠤᠶᠤᠨᠴᠢ ᠰᠤᠷᠤᠯᠴᠠᠯᠭ᠎ᠠ᠎ᠶ᠋ᠢᠨ ᠲᠠᠪᠴᠠᠩ ᠵᠢᠴᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠦᠨ ᠡᠬᠢ ᠪᠠᠶᠠᠯᠢᠭ᠎ᠢ ᠰᠠᠢᠲᠤᠷ ᠬᠡᠷᠡᠭ᠌ᠯᠡᠬᠦ᠌᠎ᠶ᠋ᠢ ᠭᠣᠣᠯᠳᠠᠯᠭ᠎ᠠ᠎ᠲᠠᠶ ᠠᠬᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠴᠢᠨᠠᠷ ᠰᠠᠢᠲᠠᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠠᠬᠢᠭᠤᠯᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃