ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-03-19 09:52:32

ᠵᠣᠬᠢᠶᠠᠭ᠍ᠴᠢ᠄ ​ᠯᠢ ᠱᠢᠨ ᠵᠢᠶᠦ᠋ᠨ ᠣᠩᠱᠢᠭ᠍ᠰᠠᠨ ᠣᠳᠠᠭ᠎ᠠ᠄ 3

《5000 ᠵᠢᠯ᠎ᠦᠨ ᠲᠡᠦᠭᠡ ᠰᠤᠶᠤᠯ ᠨᠠᠯᠦᠭᠡᠷ ᠶᠡᠭᠡ ᠲᠠᠯᠠᠢ ᠲᠠᠨᠭᠬᠢᠰ᠎ᠮᠡᠳᠦ ᠦᠷᠭᠡᠨ ᠠᠭᠤᠳᠠᠮ᠂ ᠲᠤᠮᠳᠠᠳᠤ ᠵᠢᠨ ᠦᠨᠳᠦᠰᠦᠳᠡᠨ ᠨᠢᠭᠡ ᠬᠡᠷ᠎ᠦᠨ ᠬᠦᠮᠤᠰ ᠮᠡᠳᠤ ᠲᠤᠳᠤᠨᠤ ᠪᠠᠢᠵᠦ᠂ ᠠᠨᠠᠷ᠎ᠦᠨ ᠦᠷ᠎ᠠ ᠰᠢᠭ ᠨᠢᠬᠳᠠᠷᠠᠨ ᠪᠦᠯᠬᠦᠮᠳᠡᠨ᠎ᠠ ᠁》 ᠬᠥᠯᠥᠨ ᠪᠤᠢ᠌ᠷ ᠬᠤᠳᠠ᠎ᠶ᠋ᠢᠨ ᠬᠠᠢᠯᠠᠷ ᠲᠣᠭᠣᠷᠢᠭ᠎ᠤᠨ ᠲᠠᠪᠤᠳᠤᠭᠠᠷ ᠳᠤᠮᠳᠠᠳᠤ ᠰᠤᠷᠭᠠᠭᠤᠯᠢ᠎ᠶ᠋ᠢᠨ ᠰᠤᠷᠤᠬ᠍ᠴᠢ ᠱᠢᠶᠠ ᠷᠦᠢ ᠬᠠᠨ᠎ᠤ ᠭᠣᠢᠳᠠ ᠰᠠᠢᠬᠠᠨ ᠶᠠᠷᠢᠶ᠎ᠠ ᠢᠯᠡᠳᠭᠡᠯ ᠨᠢ ᠨᠢᠵᠢᠭᠢᠨᠡᠭᠰᠡᠨ ᠠᠯᠠᠭ᠎ᠠ ᠲᠠᠱᠢᠯᠳᠠ ᠵᠢ ᠤᠯᠪᠠ᠃

46 ᠵᠠᠯᠠᠭᠤ ᠪᠠᠭᠠᠴᠤᠤᠯ ᠲᠦᠷᠦᠭᠦᠬᠡᠨ ᠬᠠᠢᠯᠠᠷ ᠲᠣᠭᠣᠷᠢᠭ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠷᠭᠠᠨ ᠬᠥᠮᠦᠵᠢᠯ᠎ᠦᠨ ᠦᠵᠡᠭᠦᠯᠭᠡ᠎ᠶ᠋ᠢᠨ ᠲᠢᠩᠬᠢᠮ᠎ᠦᠨ 《ᠪᠢᠴᠢᠬᠠᠨ ᠲᠠᠢᠯᠪᠤᠷᠢᠯᠠᠭ᠍ᠴᠢ》 ᠶ᠋ᠢ ᠱᠢᠯᠭᠠᠷᠠᠭᠤᠯᠬᠤ ᠤᠷᠤᠯᠳᠤᠭᠠᠨ᠎ᠳᠤ ᠣᠷᠣᠯᠴᠠᠵᠤ᠂ ᠪᠢᠴᠢᠬᠠᠨ ᠲᠠᠢᠯᠪᠤᠷᠢᠯᠠᠭ᠍ᠴᠢ ᠨᠡᠷ ᠤᠷᠤᠰᠤᠮ᠎ᠠ ᠰᠠᠢᠬᠠᠨ ᠪᠠᠷᠢᠮᠵᠢᠶ᠎ᠠ ᠨᠡᠢᠲᠡᠯᠢᠭ ᠬᠡᠯᠡ᠎ᠪᠡᠷ ᠰᠤᠷᠭᠠᠭᠤᠯᠢ᠎ᠶ᠋ᠢᠨ ᠬᠦᠷᠢᠶ᠎ᠡ ᠪᠠ ᠳᠡᠷᠭᠡᠳᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ᠎ᠢ ᠠᠮᠢᠳᠤᠯᠢᠭ ᠰᠠᠢᠬᠠᠨ ᠶᠠᠷᠢᠵᠤ ᠪᠠᠢᠯ᠎ᠠ᠃

ᠣᠢᠷ᠎ᠠ᠎ᠶ᠋ᠢᠨ ᠵᠢᠯ᠎ᠡᠴᠡ ᠨᠠᠭᠠᠰᠢ᠂ ᠬᠥᠯᠥᠨ ᠪᠣᠢᠷ ᠬᠣᠲᠠ᠎ᠶ᠋ᠢᠨ ᠡᠯ᠎ᠡ ᠭᠠᠵᠠᠷ ᠎ᠤᠨ᠎ᠬᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠤᠬᠠᠭᠤᠯᠭ᠎ᠠ ᠬᠥᠮᠦᠵᠢᠯ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ ᠎ᠢ ᠰᠠᠢᠲᠤᠷ ᠶᠠᠷᠢᠵᠤ᠂ ᠵᠠᠯᠠᠭᠤᠴᠤᠳ ᠪᠠᠭᠠᠴᠤᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠤᠯᠴᠠᠬᠤ᠎ᠶ᠋ᠢ ᠬᠥᠲᠥᠯᠥᠨ ᠵᠢᠯᠣᠭᠣᠳᠴᠤ᠌᠂ ᠦᠨᠳᠦᠰᠦᠲᠡᠨ ᠎ᠦ ᠣᠮᠣᠭ᠍ᠰᠢᠯᠲᠤ ᠰᠡᠳᠭᠢᠯᠭᠡ ᠪᠠ ᠰᠣᠶᠣᠯ᠎ᠤᠨ ᠢᠲᠡᠭᠡᠯ᠎ᠢ ᠴᠢᠨᠭᠭᠠᠳᠬᠠᠪᠠ᠃

ᠬᠠᠢᠯᠠᠷ ᠲᠣᠭᠣᠷᠢᠭ᠎ᠤᠨ ᠬᠥᠯᠥᠨ ᠪᠠᠭ᠎ᠠ ᠰᠤᠷᠭᠠᠭᠤᠯᠢ ᠪᠣᠯᠤᠨ ᠭᠤᠸᠠᠩᠵᠧᠦ ᠬᠣᠲᠠ᠎ᠶ᠋ᠢᠨ ᠪᠠᠶ ᠶᠦᠨ ᠲᠣᠭᠣᠷᠢᠭ᠎ᠤᠨ ᠪᠠᠶ ᠶᠦᠨ ᠭᠠᠳᠠᠭᠠᠳᠤ ᠬᠡᠯᠡᠨ ᠎ᠦ ᠪᠠᠭ᠎ᠠ ᠰᠤᠷᠭᠠᠭᠤᠯᠢ ᠨᠥᠬᠥᠷᠰᠡᠭ᠎ᠢᠶᠡᠷ ᠬᠠᠮᠲᠤ᠎ᠪᠠᠷ ᠪᠠᠢᠭᠤᠯᠵᠤ᠂ ᠰᠠᠭᠤᠷᠢ ᠰᠤᠷᠭᠠᠨ ᠬᠥᠮᠦᠵᠢᠯ᠎ᠦᠨ ᠬᠠᠮᠲᠤᠷᠠᠯᠴᠠᠭ᠎ᠠ ᠪᠠ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠪᠠ᠃ ᠰᠤᠷᠭᠠᠭᠤᠯᠢ᠎ᠶ᠋ᠢᠨ ᠬᠠᠮᠢᠶᠠᠷᠤᠯᠲᠠ᠂ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ᠂ ᠪᠠᠭ᠍ᠰᠢ᠎ᠶ᠋ᠢᠨ ᠰᠣᠯᠢᠯᠴᠠᠭ᠎ᠠ ᠵᠡᠷᠭᠡ ᠲᠠᠯ᠎ᠠ᠎ᠪᠠᠷ ᠰᠦᠯᠵᠢᠶᠡᠨ ᠳᠡᠭᠡᠷ᠎ᠡ ᠬᠣᠯᠪᠣᠭᠠᠯᠠᠨ ᠪᠠᠢᠭᠤᠯᠬᠤ ᠲᠠᠪᠴᠠᠩ᠎ᠢ ᠪᠠᠢᠭᠤᠯᠵᠤ ᠂ 《ᠢᠨᠲ᠋ᠸᠷ ᠰᠦᠯᠵᠢᠢ᠎ᠡ +》᠂ ᠰᠦᠯᠵᠢᠶᠡᠨ᠎ᠦ ᠰᠤᠷᠤᠯᠴᠠᠯᠭ᠎ᠠ ᠰᠣᠯᠢᠯᠴᠠᠭᠠᠨ᠎ᠤ ᠲᠠᠪᠴᠠᠩ᠎ᠤᠨ ᠳᠠᠪᠠᠭᠤᠯᠢᠭ᠎ᠢ ᠪᠠᠳᠠᠷᠠᠭᠤᠯᠵᠤ᠂ ᠰᠦᠯᠵᠢᠶᠡᠨ᠎ᠦ ᠬᠢᠴᠢᠶᠡᠯ᠎ᠦᠨ ᠲᠠᠩᠬᠢᠮ᠂ ᠰᠦᠯᠵᠢᠶᠡᠨ᠎ᠦ ᠰᠤᠳᠤᠯᠤᠨ ᠰᠤᠷᠤᠯᠴᠠᠯᠭ᠎ᠠ᠂ ᠰᠦᠯᠵᠢᠶᠡᠨ᠎ᠦ ᠲᠠᠢᠯᠤᠮᠵᠢ᠂ ᠬᠡᠷ᠎ᠦᠨ ᠠᠬᠠᠮᠠᠳ᠎ᠤᠨ ᠬᠢᠴᠢᠶᠡᠯ᠎ᠦᠨ ᠲᠠᠩᠬᠢᠮ ᠵᠡᠷᠭᠡ᠎ᠶ᠋ᠢ ᠨᠡᠭᠡᠭᠡᠬᠦ᠌᠎ᠪᠡᠷ ᠳᠠᠮᠵᠢᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠬᠣᠶᠠᠷ ᠭᠠᠵᠠᠷ᠎ᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ᠎ᠶ᠋ᠢ ᠬᠠᠮᠲᠤ᠎ᠪᠠᠷ ᠠᠬᠢᠭᠤᠯᠵᠦ ᠪᠤᠢ᠃

ᠮᠤᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠳᠤᠭᠤᠢᠯᠠᠩ ᠪᠠᠢᠭᠤᠯᠵᠤ᠂ ᠶᠠᠷᠢᠶ᠎ᠠ ᠢᠯᠡᠳᠭᠡᠯ᠎ᠦᠨ ᠤᠷᠤᠯᠳᠤᠭᠠᠨ᠂ ᠰᠣᠩᠭᠣᠳᠠᠭ ᠪᠦᠲᠦᠭᠡᠯ᠎ᠦᠨ ᠤᠩᠱᠢᠯᠭ᠎ᠠ᠂ ᠭᠣᠣᠯ ᠰᠡᠳᠦᠪᠲᠦ ᠠᠩᠭᠢ᠎ᠶ᠋ᠢᠨ ᠬᠤᠷᠠᠯ᠂ ᠭᠠᠷ ᠪᠢᠴᠢᠮᠡᠯ ᠰᠣᠨᠢᠨ᠂ 《ᠲᠣᠩᠱᠢᠭᠤᠯ ᠱᠢᠪᠠᠭᠤ ᠪᠤᠷᠤᠭᠤ᠎ᠶ᠋ᠢ ᠵᠠᠯᠠᠷᠠᠭᠤᠯᠬᠤ》 ᠵᠡᠷᠭᠡ ᠰᠤᠷᠤᠭ᠍ᠴᠢᠳ᠎ᠤᠨ ᠦᠵᠡᠵᠦ᠍ ᠰᠤᠨᠢᠷᠬᠠᠬᠤ ᠳᠤᠷᠠᠲᠠᠢ ᠠᠵᠢᠯᠯᠠᠭ᠎ᠠ ᠵᠢ ᠥᠷᠨᠢᠭᠦᠯᠬᠦ᠌᠎ᠪᠡᠷ ᠳᠠᠮᠵᠢᠭᠤᠯᠤᠨ᠂ ᠪᠠᠭ᠍ᠰᠢ ᠰᠤᠷᠤᠭ᠍ᠴᠢᠳ᠂ ᠭᠡᠷ᠎ᠦᠨ ᠠᠬᠠᠮᠠᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠴᠦ ᠬᠡᠷᠡᠭ᠌ᠯᠡᠬᠦ᠌ ᠢᠳᠡᠪᠬᠢᠵᠢᠯ᠎ᠢ ᠳᠠᠢ᠌ᠴᠢᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠴᠤ ᠬᠡᠷᠡᠭ᠌ᠯᠡᠬᠦ᠌ ᠰᠠᠢ᠌ᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面