2024-01-13 09:24:50
ᠣᠷᠳᠣᠰ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠪᠠᠷ ᠵᠢᠭᠰᠠᠭᠠᠯ᠎ᠤᠨ ᠭᠠᠵᠠᠷ ᠪᠣᠯᠭᠠᠵᠤ᠂ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠪᠡᠷ ᠭᠠᠷᠳᠠᠴᠠ ᠪᠣᠯᠭᠠᠨ᠂ ᠰᠤᠷᠤᠭ᠍ᠴᠢᠳ᠎ᠤᠨ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠪᠡᠷ ᠬᠠᠷᠠᠯᠲᠠ ᠪᠣᠯᠭᠠᠵᠤ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠷᠡᠭ᠌ᠯᠡᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ ᠪᠤᠢ᠃
ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢ ᠱᠢᠯᠢᠳᠡᠭ᠌ᠵᠢᠭᠦᠯᠵᠦ᠍᠂ ᠵᠢᠭᠠᠨ ᠰᠤᠷᠭᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠠ᠃ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ᠎ᠶ᠋ᠢᠨ ᠲᠠᠪᠤᠳᠤᠭᠠᠷ ᠣᠨ᠎ᠤ ᠬᠣᠶᠠᠳᠤᠭᠠᠷ ᠠᠩᠭᠢ᠎ᠶ᠋ᠢᠨ ᠬᠢᠴᠢᠶᠡᠯ᠎ᠦᠨ ᠭᠡᠷ᠎ᠲᠦ ᠬᠡᠦᠬᠡᠳ᠎ᠦᠳ ᠬᠢᠶ᠎ᠠ ᠪᠠᠭ᠍ᠰᠢ ᠲᠣᠭᠣᠷᠢᠭ᠎ᠤᠨ ᠲᠠᠪᠤᠳᠤᠭᠠᠷ ᠪᠠᠭ᠎ᠠ ᠰᠤᠷᠭᠠᠭᠤᠯᠢ᠎ᠶ᠋ᠢᠨ ᠦ᠋ ᠪᠠᠭ᠍ᠰᠢ᠎ᠶ᠋ᠢᠨ 《ᠠᠩᠴᠢᠨ ᠬᠠᠢᠷᠤᠪ》 ᠭᠡᠬᠦ ᠬᠢᠴᠢᠶᠡᠯ᠎ᠢ ᠰᠡᠳᠬᠢᠯ ᠲᠠᠯᠪᠢᠨ ᠰᠤᠨᠤᠰᠤᠨ᠎ᠠ᠃ ᠡᠨᠡ ᠨᠢ ᠰᠤᠷᠭᠠᠭᠤᠯᠢ᠎ᠶ᠋ᠢᠨ ᠬᠣᠭᠣᠷᠣᠨᠳᠣᠬᠢ ᠠᠳᠠᠯᠢ ᠨᠢᠭᠡ ᠬᠢᠴᠢᠶᠡᠯ᠎ᠢ ᠠᠳᠠᠯᠢ ᠪᠤᠰᠤ ᠪᠡᠷ ᠰᠡᠳᠬᠢᠮᠵᠢᠯᠡᠬᠦ ᠠᠵᠢᠯᠯᠠᠭ᠎ᠠ ᠪᠠᠢᠯ᠎ᠠ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠬᠡᠷᠡᠭ᠌ᠯᠡᠯᠲᠡ᠎ᠶ᠋ᠢ ᠥᠨᠳᠥᠷ ᠪᠦᠲᠦᠮᠵᠢᠲᠡᠶ ᠠᠬᠢᠭᠤᠯᠬᠤ᠎ᠶ᠋ᠢᠨ ᠲᠥᠯᠥᠭᠡ ᠣᠷᠳᠣᠰ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ ᠬᠢᠶ᠎ᠠ ᠪᠠᠭ᠍ᠰᠢ ᠲᠣᠭᠣᠷᠢᠭ᠎ᠤᠨ ᠲᠠᠪᠤᠳᠤᠭᠠᠷ ᠪᠠᠭ᠎ᠠ ᠰᠤᠷᠭᠠᠭᠤᠯᠢ᠎ᠲᠠᠶ ᠬᠠᠪᠰᠤᠷᠤᠯᠴᠠᠨ ᠬᠠᠮᠲᠤ᠎ᠪᠠᠷ ᠪᠠᠢᠭᠤᠯᠬᠤ ᠠᠵᠢᠯ᠎ᠢ ᠢᠳᠡᠪᠬᠢᠲᠡᠶ ᠥᠷᠨᠢᠭᠦᠯᠪᠡ᠃
ᠪᠠᠭ᠍ᠰᠢ᠎ᠶ᠋ᠢᠨ ᠪᠣᠯᠪᠠᠰᠤᠷᠠᠯ᠎ᠢ ᠭᠦᠨᠵᠡᠭᠡᠢᠷᠡᠭᠦᠯᠵᠦ᠍᠂ ᠲᠤᠰᠭᠠᠶ ᠮᠡᠷᠭᠡᠵᠢᠯ᠎ᠦᠨ ᠬᠢᠷᠢ ᠲᠦᠪᠰᠢᠨ᠎ᠢ ᠲᠡᠭᠡᠭᠰᠢᠯᠡᠬᠦᠯᠪᠠ᠃ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ ᠣᠷᠳᠣᠰ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ 《ᠭᠠᠳᠠᠭ᠍ᠰᠢ ᠭᠠᠷᠬᠤ》᠂《ᠤᠷᠢᠵᠤ ᠠᠪᠴᠢᠷᠠᠬᠤ》 ᠬᠤᠤᠰ ᠴᠢᠭ᠌ᠯᠡᠯ᠎ᠢᠶᠡᠷ ᠬᠥᠮᠦᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲᠧᠷᠢᠶᠠᠯ᠎ᠤᠨ ᠪᠠᠭ᠍ᠰᠢ᠎ᠨᠠᠷ᠎ᠢ ᠵᠣᠬᠢᠶᠠᠨ ᠪᠠᠢᠭᠤᠯᠵᠤ ᠥᠪᠡᠷᠲᠡᠭᠡᠨ ᠵᠠᠰᠠᠬᠤ ᠣᠷᠣᠨ᠎ᠤ ᠲᠠᠰ᠂ ᠬᠣᠲᠠ᠎ᠶ᠋ᠢᠨ ᠲᠠᠰ᠂ ᠰᠤᠷᠭᠠᠭᠤᠯᠢ᠎ᠶ᠋ᠢᠨ ᠲᠠᠰ᠎ᠤᠨ ᠪᠣᠯᠪᠠᠰᠤᠷᠠᠯ᠎ᠳᠤ 28 ᠬᠥᠮᠦᠨ ᠤᠳᠠᠭ᠎ᠠ ᠣᠷᠣᠯᠴᠠᠭᠤᠯᠵᠤ᠂ ᠲᠤᠰᠭᠠᠶ ᠮᠡᠷᠭᠡᠵᠢᠯᠲᠡᠨ᠂ ᠵᠢᠭᠠᠨ ᠰᠤᠳᠤᠯᠤᠭ᠍ᠴᠢ᠎ᠶ᠋ᠢ ᠤᠷᠢᠵᠤ ᠰᠤᠷᠭᠠᠭᠤᠯᠢ᠎ᠳᠤ ᠰᠠᠭᠤᠯᠭᠠᠨ ᠣᠯᠠᠨ ᠤᠳᠠᠭ᠎ᠠ ᠵᠢᠯᠣᠭᠣᠳᠣᠯᠭ᠎ᠠ ᠬᠢᠯᠭᠡᠬᠦ᠂ ᠱᠢᠨ᠎ᠡ ᠪᠠᠭ᠍ᠰᠢ᠎ᠶ᠋ᠢ ᠨᠠᠷᠠᠲᠤ ᠰᠤᠷᠭᠠᠭᠤᠯᠢ᠎ᠳᠤ ᠰᠤᠷᠤᠯᠴᠠᠭᠤᠯᠬᠤ᠎ᠶ᠋ᠢ ᠭᠦᠨᠵᠡᠭᠡᠶ ᠥᠷᠨᠢᠭᠦᠯᠵᠦ᠍᠂ ᠪᠠᠭ᠍ᠰᠢ᠎ᠶ᠋ᠢᠨ ᠰᠤᠷᠭᠠᠨ ᠬᠥᠮᠦᠵᠢᠭᠦᠯᠬᠦ ᠵᠢᠭᠠᠨ ᠰᠤᠷᠭᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃
ᠵᠢᠭᠠᠨ ᠰᠤᠷᠭᠠᠯᠲᠠ᠎ᠶ᠋ᠢᠨ ᠠᠷᠭ᠎ᠠ ᠬᠡᠮᠵᠢᠶ᠎ᠡ᠎ᠶ᠋ᠢ ᠨᠠᠷᠢᠯᠢᠭ᠍ᠵᠢᠭᠤᠯᠵᠤ᠂ ᠵᠢᠭᠠᠨ ᠰᠤᠷᠭᠠᠯᠲᠠ᠎ᠶ᠋ᠢᠨ ᠬᠦᠴᠢᠷᠳᠡᠯ᠎ᠢ ᠱᠢᠶ᠋ᠳᠪᠦᠷᠢᠯᠡᠪᠠ᠃ ᠬᠡᠰᠡᠭ ᠰᠤᠷᠤᠭ᠍ᠴᠢᠳ᠎ᠤᠨ ᠰᠤᠷᠤᠯᠭ᠎ᠠ᠎ᠶ᠋ᠢᠨ ᠪᠠᠢᠳᠠᠯ᠎ᠳᠤ ᠴᠢᠭ᠌ᠯᠡᠭᠦᠯᠦᠨ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ ᠣᠨ ᠬᠤᠪᠢᠶᠠᠵᠤ ᠰᠤᠷᠤᠯᠭ᠎ᠠ᠎ᠶ᠋ᠢᠨ ᠵᠥᠷᠢᠶ᠎ᠡ᠎ᠶ᠋ᠢ ᠨᠦᠬᠦᠪᠦᠷᠢᠯᠡᠬᠦ ᠲᠥᠰᠦᠯ ᠲᠣᠭ᠍ᠲᠠᠭᠠᠵᠤ᠂ ᠵᠣᠨ᠎ᠤ ᠠᠮᠠᠷᠠᠯᠲᠠ᠎ᠶ᠋ᠢᠨ ᠦᠶ᠋ᠯᠡᠳᠦᠯᠭᠡ᠎ᠶ᠋ᠢ ᠠᠱᠢᠭ᠍ᠯᠠᠨ ᠰᠤᠷᠤᠭᠴᠢᠳ᠎ᠢ ᠪᠡᠶ᠎ᠡ᠎ᠪᠡᠨ ᠲᠠᠭᠠᠭᠠᠵᠤ ᠰᠠᠢᠨ ᠳᠤᠷ᠎ᠠ᠎ᠠᠴᠠ᠎ᠪᠠᠨ ᠰᠤᠷᠤᠯᠴᠠᠬᠤ ᠵᠢ ᠪᠡᠶᠡᠯᠡᠬᠦᠯᠪᠡ᠃
ᠵᠢᠭᠠᠨ ᠰᠤᠷᠭᠠᠯᠲᠠ᠎ᠶ᠋ᠢᠨ ᠭᠤᠤᠯᠳᠠᠯᠭ᠎ᠠ᠎ᠶ᠋ᠢ ᠴᠢᠩᠭᠠᠳᠭᠠᠵᠤ᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠪᠠ᠃ 《ᠥᠩᠭᠡᠷᠡᠭ᠌ᠰᠡᠨ᠎ᠳᠦ ᠮᠢᠨᠦ᠍ ᠤᠩᠱᠢᠨ ᠣᠢᠯᠠᠭᠠᠬᠤ ᠴᠢᠳᠠᠪᠤᠷᠢ ᠲᠡᠢᠮᠦ᠍ ᠰᠠᠢᠨ ᠪᠢᠰᠢ ᠪᠠᠢᠵᠠᠢ᠂ ᠣᠳᠣ ᠤᠩᠱᠢᠯᠭ᠎ᠠ᠎ᠶ᠋ᠢᠨ ᠤᠳᠤᠷᠢᠳᠤᠮᠵᠢ᠎ᠶ᠋ᠢᠨ ᠬᠢᠴᠢᠶᠡᠯ ᠳᠡᠭᠡᠷ᠎ᠡ ᠪᠠᠭ᠍ᠰᠢ ᠡᠴᠡ ᠪᠢᠳᠡᠨ᠎ᠳᠦ ᠮᠠᠰᠢ ᠰᠠᠢᠨ ᠰᠤᠷᠤᠯᠴᠠᠬᠤ ᠠᠷᠭ᠎ᠠ ᠵᠢᠭᠠᠵᠤ ᠥᠭ᠌ᠴᠦ ᠪᠠᠢᠨ᠎ᠠ᠂ ᠣᠳᠣ ᠪᠢ ᠬᠢᠴᠢᠶᠡᠯ᠎ᠦᠨ ᠭᠠᠳᠠᠨᠠᠬᠢ ᠨᠣᠮ ᠦᠵᠡᠬᠦ᠌ ᠳᠤᠷᠠᠲᠠᠶ ᠪᠣᠯᠵᠠᠶ》 ᠭᠡᠵᠦ ᠲᠠᠪᠤᠳᠤᠭᠠᠷ ᠣᠨ᠎ᠤ ᠰᠤᠷᠤᠭ᠍ᠴᠢ ᠬᠤᠤ ᠨᠠᠴᠢᠨ ᠰᠤᠷᠪᠤᠯᠵᠢᠯᠠᠭ᠍ᠴᠢ᠎ᠳᠤ ᠪᠠᠶᠠᠷᠲᠠᠢ ᠶᠠᠷᠢᠨ᠎ᠠ᠃
ᠣᠷᠳᠣᠰ ᠬᠣᠲᠠ᠎ᠶ᠋ᠢᠨ ᠮᠣᠩᠭᠣᠯ ᠦᠨᠳᠦᠰᠦᠲᠡᠨ᠎ᠦ ᠰᠤᠷᠭᠠᠭᠤᠯᠢ ᠦᠰᠦᠭ ᠲᠠᠨᠢᠬᠤ᠂ ᠤᠷᠠᠨ ᠲᠣᠳᠣ ᠤᠩᠱᠢᠯᠭ᠎ᠠ᠂ ᠰᠠᠭᠤᠷᠢ ᠮᠡᠳᠡᠯᠭᠡ᠎ᠶ᠋ᠢᠨ ᠴᠡᠭ ᠪᠠ ᠬᠢᠴᠢᠶᠡᠯ᠎ᠦᠨ ᠭᠠᠳᠠᠨᠠᠬᠢ ᠤᠩᠱᠢᠯᠭ᠎ᠠ ᠵᠡᠷᠭᠡ ᠳᠥᠷᠪᠡᠨ ᠶᠡᠬᠡ ᠲᠠᠯ᠎ᠠ ᠵᠢᠨ ᠲᠤᠭᠤᠷᠢᠨ ᠳ᠋ᠤ ᠵᠢᠭᠠᠨ ᠰᠤᠷᠭᠠᠯᠲᠠ ᠪᠠᠨ ᠶᠠᠪᠤᠭᠳᠠᠭᠤᠯᠵᠤ ᠪᠤᠢ᠃ ᠬᠢᠴᠢᠶᠡᠯ ᠪᠡᠯᠡᠳᠭᠡᠬᠦ᠌ ᠰᠡᠳᠭᠢᠴᠡ᠎ᠵᠢ ᠴᠢᠬᠤᠯᠠᠴᠢᠯᠠᠵᠤ᠂ 《ᠰᠤᠳᠤᠯᠬᠤ ᠪᠠ ᠰᠡᠳᠭᠢᠬᠦ᠌᠎ᠶ᠋ᠢ ᠵᠡᠷᠭᠡ᠎ᠳᠦᠨᠢ ᠴᠢᠬᠤᠯᠠᠴᠢᠯᠠᠬᠤ》 ᠬᠢᠴᠢᠶᠡᠯ ᠪᠡᠯᠡᠳᠭᠡᠬᠦ᠌ ᠠᠭᠤᠷ ᠠᠮᠢᠰᠭᠤᠯ᠂ ᠳᠡᠰ ᠳᠠᠷᠠᠭᠠᠯᠠᠯ᠎ᠢ ᠪᠣᠶ ᠪᠣᠯᠭᠠᠵᠤ᠂ 《ᠵᠢᠭᠠᠬᠤ ᠰᠤᠷᠭᠠᠬᠤ ᠦᠨᠡᠯᠡᠬᠦ᠌᠎ᠶ᠋ᠢ ᠨᠢᠭᠡ ᠴᠣᠭ᠍ᠴᠠᠵᠢᠭᠤᠯᠬᠤ》᠂《ᠳᠠᠷᠤᠭᠠᠰᠤ᠎ᠶ᠋ᠢ ᠬᠥᠩᠭᠡᠷᠡᠭᠦᠯᠵᠦ᠍ ᠶᠠᠰᠤ ᠴᠢᠨᠠᠷ᠎ᠢ ᠳᠡᠭᠡᠭ᠌ᠰᠢᠯᠡᠭᠦᠯᠬᠦ᠌》᠂《ᠦᠵᠡᠯ ᠰᠠᠨᠠᠭ᠎ᠠ ᠤᠯᠤᠰ ᠲᠥᠷᠥ᠎ᠶ᠋ᠢ ᠨᠢᠭᠡ ᠴᠣᠭ᠍ᠴᠠᠵᠢᠭᠤᠯᠬᠤ》 ᠵᠠᠩᠭᠢᠯᠠᠭ᠎ᠠ᠎ᠶ᠋ᠢᠨ ᠦᠭᠡᠰ᠎ᠢ ᠨᠠᠢᠳᠠᠪᠤᠷᠢᠵᠢᠭᠤᠯᠬᠤ ᠬᠢᠭᠡᠳ ᠵᠢᠭᠠᠨ ᠰᠤᠳᠤᠯᠬᠤ ᠳᠤᠮᠳᠠ᠂ ᠦᠪᠡᠷᠮᠢᠴᠡ ᠣᠨᠴᠠᠯᠢᠭ᠎ᠪᠦᠬᠦᠢ ᠬᠠᠮᠲᠤ᠎ᠪᠠᠷ ᠬᠢᠴᠢᠶᠡᠯ ᠪᠡᠯᠡᠳᠭᠡᠬᠦ᠌ ᠲᠥᠰᠦᠯ᠎ᠢ ᠪᠣᠶ ᠪᠤᠯᠭᠠᠪᠠ᠃ ᠬᠢᠴᠢᠶᠡᠯ᠎ᠦᠨ ᠭᠠᠳᠠᠨᠠᠬᠢ ᠤᠩᠱᠢᠯᠭ᠎ᠠ᠎ᠶ᠋ᠢᠨ ᠵᠢᠭᠠᠨ ᠰᠤᠷᠭᠠᠯᠲᠠ᠎ᠶ᠋ᠢ ᠭᠤᠤᠯᠳᠠᠯᠭ᠎ᠠ᠎ᠲᠠᠶ ᠳᠣᠪᠣᠢᠯᠭᠠᠵᠤ᠂ 《ᠪᠦᠳᠦᠨ ᠨᠣᠮ᠎ᠤᠨ ᠤᠩᠱᠢᠯᠭ᠎ᠠ》 ᠵᠢᠨ ᠬᠢᠴᠢᠶᠡᠯ᠎ᠦᠨ ᠱᠢᠰᠲ᠋ᠧᠮ᠎ᠢ ᠪᠠᠢᠭᠤᠯᠤᠨ ᠲᠡᠭᠦᠯᠳᠡᠷᠵᠢᠭᠦᠯᠵᠦ᠍᠂ ᠡᠯ᠎ᠡ ᠣᠨ ᠱᠠᠲᠤ ᠬᠤᠪᠢᠶᠠᠭᠰᠠᠨ ᠤᠩᠱᠢᠯᠭ᠎ᠠ᠎ᠶ᠋ᠢᠨ ᠬᠢᠴᠢᠶᠡᠯ᠎ᠢ ᠪᠥᠬᠥ᠌ ᠲᠠᠯ᠎ᠠ᠎ᠪᠠᠷ ᠠᠬᠢᠭᠤᠯᠤᠨ᠂ 《ᠭᠦᠨᠵᠡᠭᠡᠶ ᠰᠤᠷᠤᠯᠴᠠᠭᠰᠠᠨ》 ᠨᠣᠮ ᠤᠩᠱᠢᠭ᠍ᠰᠠᠨ ᠲᠡᠮᠳᠡᠭ᠌ᠯᠡᠯ ᠬᠢᠬᠦ ᠠᠵᠢᠯᠯᠠᠭ᠎ᠠ᠎ᠶ᠋ᠢ ᠥᠷᠨᠢᠭᠦᠯᠵᠦ᠍᠂ ᠰᠤᠷᠤᠭ᠍ᠴᠢᠳ᠎ᠤᠨ ᠨᠣᠮ ᠤᠩᠱᠢᠬᠤ ᠳᠠᠳᠭᠠᠯ᠎ᠢ ᠪᠦᠬᠦ ᠲᠠᠯ᠎ᠠ ᠪᠡᠷ ᠬᠥᠮᠦᠵᠢᠭᠦᠯᠦᠨ᠂ ᠰᠤᠷᠤᠭ᠍ᠴᠢ ᠨᠢᠭᠡᠪᠦᠷᠢ᠎ᠶ᠋ᠢᠨ ᠰᠤᠷᠤᠯᠭ᠎ᠠ᠎ᠶ᠋ᠢᠨ ᠬᠤᠭᠤᠴᠠᠭ᠎ᠠ ᠪᠦᠷᠢ 8 ᠨᠣᠮ ᠤᠩᠱᠢᠬᠤ᠎ᠶ᠋ᠢ ᠦᠨᠡᠨᠬᠦ᠌ ᠪᠠᠲᠤᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠲᠤᠬᠠᠶ ᠰᠤᠷᠤᠭ᠍ᠴᠢᠳ᠎ᠤᠨ ᠣᠢᠯᠠᠭᠠᠯᠲᠠ ᠪᠠ ᠬᠡᠷᠡᠭ᠌ᠯᠡᠭᠡᠨ᠎ᠦ ᠴᠢᠳᠠᠪᠤᠷᠢ᠎ᠶ᠋ᠢ ᠳᠡᠭᠡᠭᠰᠢᠯᠡᠭᠦᠯᠵᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃