ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-01-06 11:21:54

ᠵᠣᠬᠢᠶᠠᠭ᠍ᠴᠢ᠄ ​ᠯᠢᠦ ᠬᠣᠩ ᠵᠠᠩ ᠴᠢᠮᠡᠭᠡᠯᠡᠭᠴᠢ ᠵᠧᠩ ᠶᠦᠩ ᠯᠢ ᠣᠩᠱᠢᠭ᠍ᠰᠠᠨ ᠣᠳᠠᠭ᠎ᠠ᠄ 3

ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠪᠣᠯ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠢ ᠲᠡᠯᠭᠡᠷᠡᠬᠦᠯᠦᠨ ᠬᠡᠷᠡᠭᠯᠡᠬᠦ ᠠᠵᠢᠯ᠎ᠤᠨ ᠭᠣᠣᠯᠳᠠᠯᠭ᠎ᠠ ᠪᠠ ᠵᠠᠩᠭᠢᠯᠠᠭ᠎ᠠ ᠮᠥᠨ᠃ 2023 ᠣᠨ ᠠ᠋ᠴᠠ ᠨᠠᠭᠠᠰᠢ᠂ ᠠᠯᠠᠱᠠ ᠠᠢᠮᠠᠭ᠎ᠤᠨ ᠡᠯ᠎ᠡ ᠰᠤᠷᠭᠠᠭᠤᠯᠢ᠎ᠨᠤᠭᠤᠳ ᠪᠠᠭ᠍ᠰᠢ ᠨᠠᠷ᠎ᠤᠨ ᠬᠢᠴᠢᠶᠡᠯ ᠰᠤᠨᠤᠰᠴᠤ ᠰᠢᠯᠭᠠᠷᠠᠭᠤᠯᠬᠤ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠦᠭᠰᠡᠨ ᠪᠥᠭᠡᠳ ᠭᠠᠳᠠᠨ᠎ᠠ ᠣᠷᠣᠨ᠎ᠤ ᠰᠢᠯᠢᠳᠡᠭ ᠰᠤᠷᠭᠠᠭᠤᠯᠢ᠎ᠲᠠᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠪᠥᠬᠥ ᠠᠢᠮᠠᠭ᠎ᠤᠨ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠦ ᠪᠠᠲᠤ ᠰᠠᠭᠤᠷᠢ ᠲᠠᠯᠪᠢᠭ᠍ᠰᠠᠨ ᠪᠠᠢᠨ᠎ᠠ᠃

ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ᠎ᠳᠤ᠂ ᠲᠣᠰ ᠰᠤᠷᠭᠠᠭᠤᠯᠢ᠎ᠶᠢᠨ ᠵᠠᠩ ᠸᠧᠢ ᠭᠦᠸᠧ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠨᠠᠷᠠᠲᠤ ᠪᠠᠭ᠍ᠰᠢ᠎ᠶᠢᠨ ᠠᠵᠢᠯ᠎ᠤᠨ ᠦᠷᠦᠬᠡ ᠵᠢᠨ ᠪᠠᠭ᠍ᠰᠢ ᠨᠠᠷ ᠶᠠᠭ ᠬᠢᠴᠢᠶᠡᠯ ᠰᠤᠨᠤᠰᠴᠤ ᠰᠢᠯᠭᠠᠷᠠᠭᠤᠯᠬᠤ ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠵᠦ ᠪᠠᠢᠯ᠎ᠠ᠃ ᠤᠯᠠᠨ᠎ᠢᠶᠠᠷ᠎ᠢᠶᠠᠨ ᠳᠡᠯᠭᠡᠨ ᠦᠵᠡᠬᠦᠯᠭᠡ ᠵᠢᠨ ᠬᠢᠴᠢᠶᠡᠯ᠎ᠦᠨ ᠵᠢᠭᠠᠨ ᠰᠤᠷᠭᠠᠯᠲᠠ᠎ᠶᠢᠨ ᠵᠢᠷᠤᠭ ᠲᠥᠯᠥᠪᠯᠡᠭᠡ᠎ᠶᠢᠨ ᠰᠡᠳᠬᠢᠴᠡ᠂ ᠬᠠᠷᠠᠯᠲᠠ᠎ᠶᠢᠨ ᠪᠡᠶᠡᠯᠡᠭᠳᠡᠯ᠎ᠦᠨ ᠬᠡᠮᠵᠢᠶ᠎ᠡ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠣᠢᠯᠠᠭᠠᠭᠳᠠᠬᠤᠨ᠂ ᠵᠢᠭᠠᠨ ᠰᠤᠷᠭᠠᠯᠲᠠ᠎ᠶᠢᠨ ᠵᠣᠬᠢᠴᠠᠬᠤ ᠴᠢᠳᠠᠪᠤᠷᠢ᠂ ᠪᠠᠭ᠍ᠰᠢ ᠰᠤᠷᠤᠭ᠍ᠴᠢᠳ᠎ᠤᠨ ᠬᠠᠷᠢᠯᠴᠠᠨ ᠬᠤᠷᠰᠢᠯᠴᠠᠭ᠎ᠠ ᠵᠢᠴᠢ ᠰᠤᠷᠤᠭ᠍ᠴᠢᠳ᠎ᠤᠨ ᠰᠤᠷᠤᠯᠭ᠎ᠠ᠎ᠶᠢᠨ ᠦᠷ᠎ᠡ ᠪᠦᠲᠦᠮᠵᠢ ᠵᠡᠷᠭᠡ ᠠᠭᠤᠯᠭ᠎ᠠ᠎ᠶᠢᠨ ᠲᠤᠬᠠᠢ ᠰᠠᠨᠠᠯ᠎ᠢᠶᠠᠨ ᠰᠣᠯᠢᠯᠴᠠᠵᠤ᠂ ᠰᠤᠳᠤᠯᠤᠨ ᠶᠠᠷᠢᠯᠴᠠᠬᠤ ᠳᠤᠮᠳᠠ᠂ ᠬᠥᠮᠥᠨ ᠪᠦᠷᠢ ᠪᠤᠰᠤᠳᠴᠢ᠎ᠪᠠᠷ ᠦᠨᠡᠯᠡᠵᠦ᠂ ᠵᠢᠭᠠᠨ ᠰᠤᠷᠭᠠᠯᠲᠠ᠎ᠶᠢᠨ ᠳᠤᠮᠳᠠᠬᠢ ᠬᠢᠯᠠᠰ ᠴᠡᠭ᠎ᠢ ᠨᠤᠲᠠᠯᠠᠬᠤ᠎ᠶᠢᠨ ᠬᠠᠮᠲᠤ ᠲᠡᠭᠦᠯᠳᠡᠷᠵᠢᠭᠦᠯᠬᠦ ᠪᠠ ᠬᠠᠯᠠᠨ ᠰᠠᠢᠵᠢᠷᠠᠭᠤᠯᠬᠤ ᠴᠢᠬᠤᠯᠠᠲᠠᠢ ᠵᠦᠢᠯ᠎ᠤᠨ ᠲᠤᠬᠠᠢ ᠵᠣᠬᠢᠰᠲᠠᠢ ᠰᠠᠨᠠᠭᠤᠯᠭ᠎ᠠ ᠳᠤᠷᠠᠳᠴᠠᠢ᠃ ᠲᠣᠰ ᠰᠤᠷᠭᠠᠭᠤᠯᠢ᠎ᠶᠢᠨ ᠭᠠᠷᠠᠭ ᠪᠦᠷᠢ ᠨᠢᠭᠡ ᠤᠳᠠᠭ᠎ᠠ ᠦᠷᠨᠢᠬᠦᠯᠳᠡᠭ ᠵᠢᠭᠠᠬᠤ ᠵᠢ ᠰᠤᠳᠤᠯᠬᠤ ᠠᠵᠢᠯᠯᠠᠭ᠎ᠠ ᠨᠢ ᠨᠠᠷᠠᠲᠤ ᠪᠠᠭ᠍ᠰᠢ᠎ᠶᠢᠨ ᠠᠵᠢᠯ᠎ᠤᠨ ᠦᠷᠦᠬᠡ ᠵᠢᠨ ᠵᠢᠱ᠌ᠢᠶ᠎ᠡ ᠦᠵᠡᠭᠦᠯᠬᠦ ᠂ ᠬᠥᠲᠥᠯᠥᠨ ᠳᠠᠭᠠᠭᠤᠯᠬᠤ᠂ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠯᠠᠭᠤ ᠪᠠᠭ᠍ᠰᠢ ᠨᠠᠷ᠎ᠤᠨ ᠬᠥᠭᠵᠢᠯᠲᠡ᠎ᠶᠢ ᠠᠬᠢᠭᠤᠯᠤᠨ᠂ ᠪᠠᠭ᠍ᠰᠢ᠎ᠶᠢᠨ ᠬᠣᠭᠣᠷᠣᠨᠳᠣᠬᠢ ᠰᠣᠯᠢᠯᠴᠠᠭ᠎ᠠ᠎ᠶᠢ ᠴᠢᠩᠭᠠᠳᠬᠠᠪᠠ᠃

《ᠪᠢᠳᠡ ᠵᠢᠭᠠᠬᠤ ᠵᠢ ᠰᠤᠳᠤᠯᠬᠤ ᠠᠵᠢᠯᠯᠠᠭ᠎ᠠ᠎ᠪᠠᠷ ᠳᠠᠮᠵᠢᠭᠤᠯᠤᠨ ᠪᠠᠭ᠍ᠰᠢ ᠨᠠᠷ᠎ᠤᠨ ᠥᠪᠡᠷ᠎ᠢ᠎ᠪᠡᠨ ᠬᠠᠷᠠᠭᠤᠯᠬᠤ ᠵᠢᠴᠢ ᠰᠤᠷᠤᠯᠴᠠᠨ ᠰᠤᠯᠢᠯᠴᠠᠬᠤ ᠲᠠᠪᠴᠠᠩ ᠎ᠢ ᠪᠠᠢᠭᠤᠯᠤᠨ ᠥᠭᠴᠦ᠂ ᠤᠯᠠᠨ ᠳ᠋ᠤ ᠠᠮᠢᠳᠤ ᠰᠣᠷᠭᠣᠭ᠂ ᠰᠢᠨ᠎ᠡ ᠡᠨᠧᠷᠭᠢ᠎ᠤᠯᠭᠤᠵᠤ᠂ ᠰᠢᠨ᠎ᠡ ᠵᠢᠭᠠᠬᠤ ᠮᠠᠲᠧᠷᠢᠶᠠᠯ᠎ᠤᠨ ᠰᠤᠳᠤᠯᠭᠠᠨ ᠪᠠ ᠬᠡᠷᠡᠭᠯᠡᠯᠲᠡ᠎ᠶᠢ ᠠᠬᠢᠭᠤᠯᠪᠠ》 ᠬᠡᠵᠦ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠬᠠᠷᠢᠶᠠᠲᠤ ᠠᠯᠠᠱᠠ ᠳᠤᠮᠳᠠᠳᠤ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠨᠠᠷᠠᠲᠤ ᠪᠠᠭ᠍ᠰᠢ᠎ᠶᠢᠨ ᠠᠵᠢᠯ᠎ᠤᠨ ᠦᠷᠦᠬᠡ ᠵᠢᠨ ᠡᠷᠬᠢᠯᠡᠭᠴᠢ ᠵᠠᠩ ᠸᠧᠢ ᠭᠦᠸᠧ ᠰᠤᠷᠪᠤᠯᠵᠢᠯᠠᠭ᠍ᠴᠢ᠎ᠳᠤ ᠶᠠᠷᠢᠯ᠎ᠠ᠃

ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠲᠠᠯ᠎ᠠ᠎ᠪᠠᠷ ᠬᠢ ᠪᠠᠭ᠍ᠰᠢ᠎ᠶᠢᠨ ᠴᠢᠳᠠᠪᠤᠷᠢ᠎ᠶᠢ ᠴᠢᠨᠠᠭᠰᠢᠳᠠ ᠳᠡᠭᠡᠭᠰᠢᠯᠡᠭᠦᠯᠬᠦ᠎ᠶᠢᠨ ᠲᠥᠯᠥᠭᠡ᠂ ᠣᠢᠷ᠎ᠠ᠎ᠳᠤ᠂ ᠱᠠᠨ ᠰᠢ᠎ᠶᠢᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠨᠠᠷᠠᠲᠤ ᠪᠠᠭ᠍ᠰᠢ᠎ᠶᠢᠨ ᠪᠦᠯᠬᠦᠮ ᠠᠯᠠᠱᠠ ᠵᠡᠭᠦᠨ ᠬᠣᠰᠢᠭᠤᠨ᠎ᠤ ᠮᠣᠩᠭᠣᠯ ᠦᠨᠳᠦᠰᠦᠲᠡᠨ᠎ᠦ ᠰᠤᠷᠭᠠᠭᠤᠯᠢ᠎ᠳᠤ ᠢᠷᠡᠵᠦ 《ᠨᠠᠷᠠᠲᠤ ᠪᠠᠭ᠍ᠰᠢ᠎ᠰᠤᠷᠭᠠᠨ ᠬᠥᠮᠦᠵᠢᠯ ᠬᠦᠷᠭᠡᠬᠦ》 ᠠᠵᠢᠯᠯᠠᠭ᠎ᠠ ᠥᠷᠨᠢᠭᠦᠯᠪᠡ᠃ ᠬᠣᠶᠠᠷ ᠰᠤᠷᠭᠠᠭᠤᠯᠢ᠎ᠶᠢᠨ ᠪᠠᠭ᠍ᠰᠢ ᠨᠠᠷ ᠳᠣᠯᠣᠳᠤᠭᠠᠷ ᠣᠨ᠎ᠤ ᠲᠡᠦᠬᠡ᠎ᠶᠢᠨ ᠬᠢᠴᠢᠶᠡᠯ ᠲᠡᠭᠡᠷ᠎ᠡ 《ᠪᠠᠷᠠᠭᠤᠨ ᠬᠠᠨ ᠤᠯᠤᠰ᠎ᠪᠠᠢᠭᠤᠯᠤᠭᠳᠠᠭᠰᠠᠨ ᠪᠠ 〈ᠸᠸᠨ ᠵᠢᠩ᠎ᠦᠨ ᠵᠠᠰᠠᠯᠲᠠ〉》 ᠭᠡᠬᠦ ᠬᠢᠴᠢᠶᠡᠯ᠎ᠢᠶᠡᠷ ᠵᠢᠱ᠌ᠢᠶ᠎ᠡ ᠦᠵᠡᠬᠦᠯᠵᠦ᠂ ᠣᠯᠠᠨ ᠲᠠᠯ᠎ᠠ ᠪᠡᠷ ᠦᠵᠡᠯᠲᠡ ᠲᠠᠨᠢᠯᠳᠠ᠎ᠪᠠᠨ ᠰᠣᠯᠢᠯᠴᠠᠨ᠂ ᠴᠢᠨᠠᠭᠰᠢᠳᠠ ᠲᠡᠬᠦᠯᠳᠡᠷᠵᠢᠬᠦᠯᠬᠦ ᠰᠠᠨᠠᠭᠤᠯᠭ᠎ᠠ ᠳᠤᠷᠠᠳᠤᠭᠰᠠᠨ ᠪᠠᠢᠨ᠎ᠠ ᠃

《ᠱᠠᠨ ᠰᠢ ᠶ᠋ᠢᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠰᠤᠷᠭᠠᠨ ᠬᠥᠮᠦᠵᠢᠯ ᠬᠦᠷᠭᠡᠬᠦ ᠠᠵᠢᠯᠯᠠᠭ᠎ᠠ᠎ᠪᠠᠷ ᠳᠠᠮᠵᠢᠨ ᠵᠥᠷᠢᠶ᠎ᠡ᠎ᠪᠡᠨ ᠡᠷᠢᠵᠦ᠂ ᠰᠤᠷᠭᠠᠨ ᠬᠥᠮᠦᠵᠢᠯ ᠪᠣᠯᠣᠨ ᠵᠢᠭᠠᠨ ᠰᠤᠷᠭᠠᠯᠲᠠ ᠶ᠋ᠢᠨ ᠲᠠᠯ᠎ᠠ᠎ᠪᠠᠷ ᠬᠢ ᠠᠯᠢ ᠣᠯᠠᠨ ᠬᠦᠷᠦᠯᠴᠡᠬᠦ ᠦᠭᠡᠢ ᠲᠠᠯ᠎ᠠ᠎ᠪᠠᠨ ᠥᠭᠡᠷᠡᠴᠢᠯᠡᠨ ᠰᠠᠢᠵᠢᠷᠠᠭᠤᠯᠵᠤ᠂ ᠥᠪᠡᠷ ᠢ᠋᠎ᠪᠡᠨ ᠳᠡᠭᠡᠭᠰᠢᠯᠡᠭᠦᠯᠦᠨ᠂ ᠰᠤᠷᠭᠠᠨ ᠬᠥᠮᠦᠵᠢᠯ᠎ᠦᠨ ᠰᠢᠨ᠎ᠡ ᠣᠢᠯᠠᠭᠠᠭᠳᠠᠬᠤᠨ᠎ᠲᠠᠢ ᠲᠠᠨᠢᠯᠴᠠᠵᠤ᠂ ᠶᠡᠬᠡ ᠣᠯᠣᠯᠲᠠ᠎ᠲᠠᠢ ᠪᠣᠯᠵᠠᠢ》 ᠭᠡᠵᠦ ᠠᠯᠠᠱᠠ ᠵᠡᠭᠦᠨ ᠬᠣᠰᠢᠭᠤᠨ᠎ᠤ ᠮᠣᠩᠭᠣᠯ ᠦᠨᠳᠦᠰᠦᠲᠡᠨ᠎ᠦ ᠰᠤᠷᠭᠠᠭᠤᠯᠢ᠎ᠶᠢᠨ ᠳᠣᠯᠣᠳᠤᠭᠠᠷ ᠣᠨ᠎ᠤ ᠪᠠᠭ᠍ᠰᠢ ᠯᠢ ᠶᠠᠩ ᠬᠡᠯᠡᠪᠡ᠃

《ᠨᠠᠷᠠᠲᠤ ᠪᠠᠭ᠍ᠰᠢ᠎ᠰᠤᠷᠭᠠᠨ ᠬᠥᠮᠦᠵᠢᠯ ᠬᠦᠷᠭᠡᠬᠦ》 ᠠᠵᠢᠯᠯᠠᠭ᠎ᠠ ᠨᠢ ᠲᠡᠷᠢᠭᠦᠨ᠎ᠦ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠣᠢᠯᠠᠭᠠᠭᠳᠠᠬᠤᠨ᠎ᠢ ᠨᠠᠢᠳᠠᠪᠤᠷᠢᠵᠢᠭᠤᠯᠤᠨ᠂ ᠰᠤᠷᠭᠠᠭᠤᠯᠢ᠎ᠶᠢᠨ ᠪᠠᠭ᠍ᠰᠢ ᠨᠠᠷ᠎ᠤᠨ ᠦᠰᠦᠨ ᠪᠣᠶ᠋ᠢᠵᠢᠯᠲᠠ ᠪᠠ ᠳᠡᠭᠡᠭᠰᠢᠯᠡᠯᠲᠡ᠎ᠶᠢ ᠠᠬᠢᠭᠤᠯᠤᠭᠰᠠᠨ ᠪᠠᠢᠨ᠎ᠠ ᠃ ᠨᠠᠷᠠᠲᠤ ᠪᠠᠭ᠍ᠰᠢ ᠨᠠᠷ ᠠᠯᠠᠱᠠ ᠠᠢᠮᠠᠭ᠎ᠤᠨ ᠪᠠᠭ᠎ᠠ ᠰᠤᠷᠭᠠᠭᠤᠯᠢ ᠠᠩᠬ᠎ᠠ ᠳᠤᠮᠳᠠᠳᠤ ᠰᠤᠷᠭᠠᠭᠤᠯᠢ ᠥᠨᠳᠥᠷ ᠳᠤᠮᠳᠠᠳᠤ ᠰᠤᠷᠭᠠᠭᠤᠯᠢ ᠭᠤᠷᠪᠠᠨ ᠰᠤᠷᠤᠯᠭ᠎ᠠ᠎ᠶᠢᠨ ᠱᠠᠳᠤᠨ ᠤ᠋ 5 ᠰᠤᠷᠭᠠᠭᠤᠯᠢ᠎ᠳᠤ ᠭᠦᠨᠵᠡᠭᠡᠢᠷᠡᠵᠦ᠂ 16 ᠵᠢᠱ᠌ᠢᠶ᠎ᠡ ᠦᠵᠡᠭᠦᠯᠬᠦ ᠬᠢᠴᠢᠶᠡᠯ ᠤᠷᠤᠵᠤ᠂ ᠪᠠᠭ᠍ᠰᠢ ᠨᠠᠷ᠎ᠤᠨ ᠵᠢᠭᠠᠨ ᠰᠤᠷᠭᠠᠬᠤ ᠪᠠ ᠰᠤᠳᠤᠯᠬᠤ ᠴᠢᠳᠠᠪᠤᠷᠢ᠎ᠶᠢ ᠳᠡᠭᠡᠭᠰᠢᠯᠡᠭᠦᠯᠬᠦ᠎ᠳᠦ ᠰᠠᠭᠤᠷᠢ ᠲᠠᠯᠪᠢᠵᠤ ᠥᠭᠭᠦᠭᠰᠡᠨ ᠪᠠᠢᠨ᠎ᠠ᠃

《〈 ᠵᠢᠭᠠᠨ ᠰᠤᠷᠭᠠᠯᠲᠠ᠎ᠶᠢᠨ ᠵᠢᠷᠤᠭ ᠲᠥᠯᠥᠪᠯᠡᠭᠡ + ᠲᠠᠢᠯᠤᠮᠵᠢ + ᠬᠠᠮᠲᠤ᠎ᠪᠠᠷ ᠬᠢᠴᠢᠶᠡᠯ ᠪᠡᠯᠡᠳᠬᠡᠬᠦ〉 ᠦᠢᠯᠡᠳᠦᠯᠭᠡ ᠨᠢ ᠲᠡᠷᠢᠭᠦᠨ᠎ᠦ ᠣᠢᠯᠠᠭᠠᠭᠳᠠᠬᠤᠨ᠎ᠢ ᠬᠢᠴᠢᠶᠡᠯ᠎ᠦᠨ ᠲᠠᠩᠬᠢᠮ᠎ᠳᠤ ᠬᠡᠷᠬᠢᠨ ᠪᠤᠳᠠᠳᠠᠢᠵᠢᠭᠤᠯᠬᠤ ᠵᠢ ᠮᠡᠳᠡᠷᠡᠭᠦᠯᠵᠦ᠂ ᠳᠠᠭᠤᠷᠢᠶᠠᠨ ᠬᠢᠬᠦ ᠡᠴᠡ ᠰᠢᠨ᠎ᠡ᠎ᠶᠢ ᠡᠭᠦᠳᠬᠦ ᠬᠦᠷᠲᠡᠯ᠎ᠡ᠂ ᠬᠤᠪᠢ ᠪᠡᠶ᠎ᠡ ᠪᠠ ᠰᠤᠷᠭᠠᠭᠤᠯᠢ᠎ᠵᠢᠨ ᠨᠡᠩ ᠶᠡᠬᠡ ᠬᠦᠭᠵᠢᠯᠳᠡ ᠵᠢ ᠠᠬᠢᠭᠤᠯᠵᠠᠢ》 ᠭᠡᠵᠦ ᠱᠠᠨ ᠰᠢ᠎ᠶᠢᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠪᠠᠭ᠍ᠰᠢ ᠸᠠᠩ ᠯᠢᠨ ᠬᠡᠯᠡᠪᠡ᠃

ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠬᠦ ᠪᠣᠯ ᠦᠨᠳᠦᠰᠦᠲᠡᠨ᠎ᠦ ᠪᠦᠯᠬᠦᠮᠳᠡᠯ ᠪᠠ ᠦᠨᠳᠦᠰᠦᠲᠡᠨ᠎ᠦ ᠭᠠᠵᠠᠷ ᠣᠷᠣᠨ᠎ᠤ ᠬᠥᠭᠵᠢᠯᠲᠡ᠎ᠶᠢ ᠠᠬᠢᠭᠤᠯᠬᠤ ᠪᠦᠲᠦᠮᠵᠢᠲᠡᠶ ᠠᠷᠭ᠎ᠠ ᠵᠠᠮ ᠮᠥᠨ᠃ 2023 ᠣᠨ ᠠ᠋ᠴᠠ ᠨᠠᠭᠠᠰᠢ᠂ ᠠᠯᠠᠱᠠ ᠠᠢᠮᠠᠭ᠎ᠤᠨ ᠬᠢᠨ ᠨᠢᠭᠡ ᠬᠣᠲᠠ᠎ᠵᠢᠨ ᠪᠠᠭᠰᠢ ᠨᠠᠷ ᠢ᠋ ᠬᠤᠭᠤᠷᠤᠨᠳᠤ ᠨᠢ ᠰᠤᠯᠢᠯᠴᠠᠭᠤᠯᠤᠨ ᠬᠢᠴᠢᠶᠡᠯᠯᠡᠬᠦᠯᠬᠦ ᠠᠵᠢᠯ ᠢ᠋ ᠢᠳᠡᠪᠬᠢᠲᠡᠢ ᠭᠢᠵᠤ᠂ 100 ᠭᠠᠷᠤᠢ ᠪᠠᠭᠰᠢ ᠨᠠᠷ᠎ᠢ ᠠᠵᠢᠯ᠎ᠤᠨ ᠪᠠᠢᠷᠢ ᠡᠬᠡᠯᠵᠢᠯᠡᠬᠦᠯᠵᠦ᠂ 2000 ᠭᠠᠷᠤᠢ ᠪᠠᠭᠰᠢ ᠳ᠋ᠤ ᠪᠤᠯᠪᠠᠰᠤᠷᠠᠯ ᠬᠦᠷᠳᠡᠬᠡᠵᠦ᠂ ᠡᠯ᠎ᠡ ᠰᠤᠷᠭᠠᠭᠤᠯᠢ᠎ᠶᠢᠨ ᠪᠠᠭ᠍ᠰᠢ᠎ᠨᠠᠷ᠎ᠤᠨ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠬᠡᠷᠡᠭᠯᠡᠨ ᠰᠤᠷᠭᠠᠨ ᠬᠥᠮᠥᠵᠢᠯ ᠵᠢᠭᠠᠨ ᠰᠤᠷᠭᠠᠯᠳᠠ ᠵᠢᠨ ᠴᠢᠳᠠᠪᠤᠷᠢ᠎ᠶᠢ ᠦᠨᠡᠨ ᠬᠦ᠌ ᠳᠡᠭᠡᠭᠰᠢᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面