ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-04-18 14:56:26

ᠵᠣᠬᠢᠶᠠᠭ᠍ᠴᠢ᠄ ᠱᠢᠤᠸᠠᠢ ᠢ ᠴᠢᠶᠦ᠋ᠨ ᠣᠩᠱᠢᠭ᠍ᠰᠠᠨ ᠣᠳᠠᠭ᠎ᠠ᠄ 3

《ᠬᠢᠨᠠᠭᠴᠢ ᠪᠠᠭ᠍ᠰᠢ᠎ᠨᠠᠷ ᠰᠠᠢ᠌ᠨ ᠪᠠᠢᠵᠠᠭᠠᠨ᠎ᠠ᠎ᠤᠤ! ᠮᠢᠨᠦ᠍ ᠥᠨᠥᠳᠦᠷ᠎ᠦᠨ ᠶᠠᠷᠢᠬᠤ ᠬᠢᠴᠢᠶᠡᠯ᠎ᠦᠨ ᠠᠭᠤᠯᠭ᠎ᠠ ᠪᠣᠯ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠬᠡᠯᠡ ᠪᠢᠴᠢᠭ᠎ᠦᠨ ᠵᠢᠭᠠᠬᠤ ᠮᠠᠲ᠋ᠧᠷᠢᠶᠠᠯ᠎ᠤᠨ ᠬᠣᠶᠠᠳᠤᠭᠠᠷ ᠣᠨ᠎ᠤ ᠲᠤᠤᠷᠠᠳᠤ ᠳᠡᠪᠲᠡᠷ᠎ᠦᠨ ᠭᠤᠷᠪᠠᠳᠤᠭᠠᠷ ᠨᠢᠭᠡᠴᠢ ᠪᠣᠯᠤᠨ᠎ᠠ᠃ ᠬᠢᠲᠠᠳ ᠦᠰᠦᠭ ᠪᠣᠯ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠴᠢᠬᠤᠯᠠ ᠠᠴᠢᠶᠠᠯᠠᠪᠤᠷᠢ ᠪᠠᠢᠵᠤ᠂ ᠲᠡᠬᠦᠨ᠎ᠤ ᠲᠤᠰ ᠪᠡᠶ᠎ᠡ ᠨᠢ ᠳᠠᠷᠤᠢ ᠲᠡᠮᠳᠡᠭ᠌ᠯᠡᠬᠦ ᠪᠠ ᠤᠯᠠᠮᠵᠢᠯᠠᠬᠤ ᠰᠣᠶᠣᠯ᠎ᠤᠨ ᠱᠢᠨᠵᠢ ᠴᠢᠨᠠᠷ᠎ᠲᠠᠶ ᠁》 ᠲᠦᠩᠯᠢᠶᠣᠤ ᠬᠤᠳᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠵᠢᠭᠠᠨ ᠰᠤᠳᠤᠯᠬᠤ ᠲᠠᠰᠤᠭ᠎ᠤᠨ ᠵᠢᠭᠠᠨ ᠰᠤᠳᠤᠯᠤᠭ᠍ᠴᠢ᠎ᠨᠠᠷ ᠤᠷᠤᠯᠳᠤᠭᠠᠨ᠎ᠳ᠋ᠤ ᠲᠡᠪᠰᠢᠬᠦᠯᠦᠭᠰᠡᠨ ᠸᠢᠳᠢᠣ᠋᠎ᠨᠤᠭᠤᠳ᠎ᠢ ᠨᠢᠭᠡᠳ ᠨᠢᠭᠡ ᠪᠡᠷ ᠬᠢᠨᠠᠵᠤ ᠦᠨᠡᠯᠡᠯᠳᠡ ᠬᠢᠬᠦ ᠵᠢᠨ ᠲᠠᠭᠠᠤ ᠪᠠᠢᠨ ᠲᠠᠬᠢᠨ ᠪᠠᠬᠠᠷᠬᠠᠨ ᠱᠤᠬᠤᠭᠤᠷᠬᠠᠨ᠎ᠠ᠃

ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠣᠢᠷ᠎ᠠ᠎ᠳᠤ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠵᠢᠭᠠᠨ ᠰᠤᠳᠤᠯᠬᠤ ᠲᠠᠰᠤᠭ ᠬᠠᠮᠲᠤᠷᠠᠨ ᠪᠥᠬᠥ᠌ ᠬᠣᠱᠢᠭᠤᠨ᠎ᠤ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠂ ᠶᠣᠰᠣ ᠰᠤᠷᠲᠠᠬᠤᠨ ᠬᠢᠭᠡᠳ ᠬᠠᠸ᠋ᠯᠢ᠎ᠪᠠᠷ ᠵᠠᠰᠠᠬᠤᠢ (ᠦᠵᠡᠯ ᠰᠠᠨᠠᠭ᠎ᠠ ᠤᠯᠤᠰ ᠲᠥᠷᠥ᠍) ᠬᠢᠴᠢᠶᠡᠯ᠎ᠤᠨ ᠪᠠᠭ᠍ᠰᠢ ᠨᠠᠷ᠎ᠤᠨ ᠱᠢᠯᠢᠳᠡᠭ ᠬᠢᠴᠢᠶᠡᠯ᠎ᠦᠨ ᠦᠵᠡᠭᠦᠯᠭᠡ᠎ᠶ᠋ᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠡᠴᠡ᠂ ᠤᠷᠤᠯᠳᠤᠭᠠᠨ᠎ᠳᠤ ᠤᠷᠤᠯᠴᠠᠬᠤ ᠪᠠᠭ᠍ᠰᠢ᠎ᠨᠠᠷ ᠬᠢᠴᠢᠶᠡᠯ ᠵᠢᠭᠠᠬᠤ ᠸᠢᠳᠢᠣ᠋ ᠵᠢ ᠱᠢᠩᠭᠡᠭᠡᠨ ᠦᠶ᠋ᠯᠡᠳᠴᠦ᠂ 15 ᠮᠢᠨᠦ᠋ᠲ᠎ᠦᠨ ᠳᠣᠲᠣᠷ᠎ᠠ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠨᠢᠭᠡᠴᠢ᠎ᠶ᠋ᠢᠨ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ ᠬᠢᠭᠡᠳ ᠨᠡᠢᠲᠡᠯᠢᠭ ᠬᠢᠴᠢᠶᠡᠯ᠎ᠦᠨ ᠴᠠᠭ᠎ᠤᠨ ᠵᠢᠭᠠᠨ ᠰᠤᠷᠭᠠᠯᠲᠠ᠎ᠶ᠋ᠢᠨ ᠵᠢᠷᠤᠭ ᠲᠥᠯᠥᠪᠯᠡᠭᠡ᠎ᠶ᠋ᠢᠨ ᠯᠣᠭᠢᠭ᠎ᠤᠨ ᠬᠣᠯᠪᠣᠭ᠍ᠳᠠᠯ᠎ᠢ ᠲᠣᠳᠣᠷᠬᠠᠶ ᠲᠠᠢᠯᠪᠤᠷᠢᠯᠠᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠳᠤᠮᠳᠠᠬᠢ ᠬᠢᠯᠠᠰ ᠴᠡᠭ᠎ᠢ ᠳᠣᠪᠣᠢᠯᠭᠠᠬᠤ ᠵᠢ ᠱᠠᠭᠠᠷᠳᠠᠵᠠᠶ᠃ ᠤᠷᠤᠯᠳᠤᠭᠠᠨ᠎ᠤ ᠮᠡᠳᠡᠭ᠌ᠳᠡᠯ᠎ᠢ ᠲᠠᠷᠬᠠᠭᠠᠭ᠍ᠰᠠᠨ᠎ᠤ ᠳᠠᠷᠠᠭ᠎ᠠ᠂ ᠪᠥᠬᠥ᠌ ᠬᠣᠱᠢᠭᠤᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ᠎ᠨᠠᠷ ᠢᠳᠡᠪᠬᠢᠲᠡᠶ᠎ᠪᠡᠷ ᠴᠤᠤᠷᠢᠶᠠᠲᠤᠨ ᠳᠠᠭᠠᠵᠤ᠂ ᠡᠯ᠎ᠡ ᠰᠤᠷᠭᠠᠭᠤᠯᠢ᠎ᠶ᠋ᠢᠨ ᠨᠢᠭᠡᠳᠦᠭᠡᠷ ᠡᠭᠡᠯᠵᠢ᠎ᠶ᠋ᠢᠨ ᠱᠢᠯᠭᠠᠷᠠᠭᠤᠯᠤᠯᠲᠠ᠎ᠪᠠᠷ ᠳᠡᠮᠵᠢᠨ᠂ ᠬᠠᠮᠤᠭ ᠡᠴᠦᠰ᠎ᠲᠦ 35 ᠪᠠᠭ᠍ᠰᠢ ᠪᠥᠬᠥ᠌ ᠬᠣᠱᠢᠭᠤᠨ᠎ᠤ ᠱᠢᠯᠭᠠᠷᠠᠭᠤᠯᠤᠯᠲᠠ᠎ᠶ᠋ᠢᠨ ᠱᠠᠲᠤᠨ᠎ᠳᠤ ᠤᠷᠤᠭ᠍ᠰᠠᠨ ᠪᠠᠢᠨ᠎ᠠ᠃

ᠭᠠᠨᠵᠤᠭ᠎ᠠ ᠪᠠᠯᠭᠠᠰᠤᠨ᠎ᠤ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠴᠧᠨ ᠱᠢᠤᠸᠠᠢ ᠶᠢᠩ ᠲᠣᠰ ᠤᠳᠠᠭᠠᠨ᠎ᠤ ᠤᠷᠤᠯᠳᠤᠭᠠᠨ᠎ᠳᠤ ᠬᠣᠶᠠᠳᠤᠭᠠᠷ ᠳᠡᠰ᠎ᠤᠨ ᠱᠠᠩᠨᠠᠯ ᠬᠦᠷᠳᠡᠭᠰᠡᠨ ᠪᠠᠢᠨ᠎ᠠ᠃ ᠲᠡᠷᠡ᠄ 《ᠡᠨᠡ ᠤᠳᠠᠭᠠᠨ᠎ᠤ ᠤᠷᠤᠯᠳᠤᠭᠠᠨ᠎ᠢᠶᠠᠷ ᠳᠡᠮᠵᠢᠨ᠂ ᠪᠢ ᠥᠪᠡᠷ᠎ᠦᠨ ᠮᠠᠰᠢ ᠣᠯᠠᠨ ᠬᠦᠷᠦᠯᠴᠡᠬᠦ᠌ ᠥᠬᠡᠶ ᠲᠠᠯ᠎ᠠ᠎ᠪᠠᠨ ᠤᠯᠵᠤ ᠮᠡᠳᠡᠯ᠎ᠡ᠂ ᠬᠣᠢᠱᠢᠳᠠ ᠦᠷᠭᠦᠯᠵᠢᠯᠡᠨ ᠰᠤᠷᠤᠯᠴᠠᠵᠤ ᠥᠪᠡᠷ᠎ᠢ᠎ᠪᠡᠨ ᠳᠡᠭᠡᠭ᠌ᠰᠢᠯᠡᠭᠦᠯᠵᠦ᠍᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠵᠢᠭᠠᠨ ᠰᠤᠷᠭᠠᠯᠲᠠ ᠬᠡᠷᠡᠭ᠌ᠯᠡᠭᠡᠨ᠎ᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠰᠤᠷᠤᠭ᠍ᠴᠢᠳ᠎ᠲᠤ ᠨᠠᠩ ᠴᠢᠨᠠᠷ᠎ᠰᠠᠢᠳᠠᠢ ᠰᠤᠷᠭᠠᠨ ᠬᠥᠮᠦᠵᠢᠯ ᠬᠠᠩᠭᠠᠨ᠎ᠠ》 ᠭᠡᠯ᠎ᠡ᠃

ᠪᠠᠭ᠍ᠰᠢ᠎ᠶ᠋ᠢᠨ ᠡᠩᠨᠡᠭᠡ ᠲᠠᠰᠤᠷᠠᠯᠲᠠ ᠦᠭᠡᠢ ᠱᠢᠯᠢᠳᠡᠭ᠌ᠵᠢᠬᠦ᠌᠎ᠶ᠋ᠢᠨ ᠳᠠᠭᠠᠤ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠥᠷᠭᠡᠨ ᠤᠯᠠᠨ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠤᠷᠮ᠎ᠠ ᠪᠠᠬ᠎ᠠ ᠬᠤᠪᠢ ᠲᠠᠬᠢᠨ ᠨᠡᠮᠡᠭᠳᠡᠪᠡ᠃ ᠲᠦᠷᠦᠭᠦᠬᠡᠨ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠬᠡᠷ ᠲᠣᠰ ᠬᠣᠱᠢᠭᠤᠨ᠎ᠤ ᠦᠨᠳᠦᠰᠦᠲᠡᠨ᠎ᠦ ᠠᠵᠢᠯ ᠮᠡᠷᠭᠡᠵᠢᠯ᠎ᠦᠨ ᠰᠤᠷᠭᠠᠭᠤᠯᠢ᠎ᠳᠤ ᠭᠦᠨᠵᠡᠭᠡᠢᠷᠡᠨ᠂ ᠰᠤᠷᠭᠠᠭᠤᠯᠢ᠎ᠶ᠋ᠢᠨ ᠥᠨᠳᠥᠷ ᠳᠤᠮᠳᠠᠳᠤ᠎ᠶ᠋ᠢᠨ ᠬᠣᠶᠠᠳᠤᠭᠠᠷ ᠣᠨ᠎ᠤ 273 ᠱᠢᠯᠭᠠᠭᠤᠯᠤᠭ᠍ᠴᠢ᠎ᠳᠤ ᠨᠡᠢᠲᠡᠯᠢᠭ ᠬᠡᠯᠡᠨ᠎ᠦ ᠬᠢᠷᠢ ᠲᠦᠪᠱᠢᠨ᠎ᠦ ᠱᠢᠯᠭᠠᠯᠲᠠ᠎ᠶ᠋ᠢ ᠬᠢᠪᠡ᠃ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠰᠤᠷᠤᠭ᠍ᠴᠢᠳ᠎ᠤᠨ ᠦᠭᠡ ᠬᠡᠯᠡ ᠦᠰᠦᠭ ᠪᠢᠴᠢᠭ᠎ᠦᠨ ᠳᠦᠷᠢᠮᠵᠢᠯ᠎ᠦᠨ ᠤᠬᠠᠮᠰᠠᠷ ᠪᠠ ᠬᠡᠷᠡᠭ᠌ᠯᠡᠭᠡᠨ᠎ᠦ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ ᠵᠢᠨ ᠲᠦᠯᠦᠭᠡ᠂ ᠰᠢᠯᠭᠠᠯᠳᠠ ᠡᠴᠡ ᠡᠮᠦᠨ᠎ᠡ᠂ ᠦᠭᠡ ᠬᠡᠯᠡ ᠦᠰᠦᠭ ᠪᠢᠴᠢᠭ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ᠎ᠰᠤᠷᠤᠭᠴᠢᠳ᠎ᠢ ᠵᠣᠬᠢᠶᠠᠨ ᠪᠠᠢᠭᠤᠯᠵᠤ᠂ ᠬᠠᠮᠢᠶ᠎ᠠ ᠪᠦᠬᠦᠢ ᠤᠨᠤᠯ᠎ᠤᠨ ᠮᠡᠳᠡᠯᠭᠡ ᠪᠠ ᠱᠢᠯᠭᠠᠯᠲᠠ᠎ᠶ᠋ᠢᠨ ᠶᠠᠪᠤᠴᠠ᠎ᠶ᠋ᠢ ᠱᠢᠰᠲ᠋ᠧᠮ᠎ᠲᠡᠶ ᠪᠡᠷ ᠰᠤᠷᠤᠯᠴᠠᠭᠤᠯᠵᠤ᠂ ᠱᠢᠯᠭᠠᠯᠲᠠ᠎ᠪᠠᠷ ᠦᠨᠡᠯᠡᠯᠲᠡ᠎ᠶ᠋ᠢ ᠠᠬᠢᠭᠤᠯᠬᠤ᠂ ᠪᠠᠲᠤᠯᠠᠭ᠎ᠠ᠎ᠪᠠᠷ ᠪᠣᠯᠪᠠᠰᠤᠷᠠᠯ᠎ᠢ ᠠᠬᠢᠭᠤᠯᠬᠤ᠎ᠶ᠋ᠢ ᠦᠨᠡᠨ ᠬᠦ᠌ ᠪᠡᠶᠡᠯᠡᠭᠦᠯᠵᠡᠶ᠃

ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠣᠣ ᠵᠢᠶᠦ᠋ᠨ᠄《ᠤᠷᠤᠯᠳᠤᠭᠠᠨ᠎ᠢᠶᠠᠷ ᠰᠤᠷᠤᠯᠭ᠎ᠠ᠎ᠶ᠋ᠢ ᠠᠬᠢᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠂ ᠲᠠᠷᠠᠭᠠᠴᠢ ᠪᠡᠷ ᠪᠢᠳᠡ ᠠᠵᠢᠯ᠎ᠤᠨ ᠰᠡᠳᠭᠢᠴᠡ᠎ᠪᠡᠨ ᠲᠠᠰᠤᠷᠠᠯᠲᠠ ᠥᠬᠡᠶ ᠥᠷᠭᠡᠳᠭᠡᠵᠦ᠍᠂ ᠡᠯ᠎ᠡ ᠲᠥᠷᠥᠯ᠎ᠦᠨ ᠤᠷᠤᠯᠳᠤᠭᠠᠨ᠎ᠤ ᠠᠵᠢᠯᠯᠠᠭ᠎ᠠ᠎ᠪᠠᠷ ᠠᠴᠢᠶᠠᠯᠠᠪᠤᠷᠢ ᠪᠣᠯᠭᠠᠵᠤ᠂ ᠪᠥᠬᠥ᠌ ᠬᠣᠱᠢᠭᠤᠨ᠎ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯ᠎ᠢ ᠪᠥᠬᠥ᠌ ᠲᠠᠯ᠎ᠠ᠎ᠪᠠᠷ ᠠᠬᠢᠭᠤᠯᠤᠨ᠎ᠠ》 ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面