ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-04-29 09:54:49

ᠵᠣᠬᠢᠶᠠᠭ᠍ᠴᠢ᠄ ᠭᠣᠣ ᠮᠢᠨ ᠨᠠ ᠣᠩᠱᠢᠭ᠍ᠰᠠᠨ ᠣᠳᠠᠭ᠎ᠠ᠄ 3

ᠡᠮᠦᠨᠡᠬᠡᠨ ᠪᠡᠭᠡᠵᠢᠩ ᠬᠤᠳᠠ᠎ᠶ᠋ᠢᠨ ᠳ᠋ᠠ ᠱᠢᠩ ᠲᠣᠭᠣᠷᠢᠭ᠎ᠤᠨ ᠨᠢᠭᠡᠳᠦᠭᠡᠷ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠪᠠᠭ᠍ᠰᠢ ᠰᠦᠨ ᠱᠸᠤ ᠱᠤᠸᠠᠩ ᠨᠠᠷ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠢᠷᠡᠵᠦ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠪᠠᠭ᠍ᠰᠢ᠎ᠨᠠᠷ᠎ᠲᠠᠶ ᠬᠢᠴᠢᠶᠡᠯ ᠬᠦᠮᠦᠵᠢᠯ᠎ᠦᠨ ᠲᠤᠬᠠᠢ ᠰᠤᠳᠤᠯᠤᠨ ᠶᠠᠷᠢᠯᠴᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠬᠡᠷᠬᠢᠨ ᠰᠠᠢᠲᠤᠷ ᠰᠤᠷᠤᠯᠴᠠᠵᠤ ᠰᠠᠢᠲᠤᠷ ᠬᠡᠷᠡᠭ᠌ᠯᠡᠬᠦ᠌ ᠲᠤᠬᠠᠢ ᠰᠠᠨᠠᠯ ᠵᠢᠡᠨ ᠰᠤᠯᠢᠯᠴᠠᠪᠠ ᠃ ᠳᠠᠷᠠᠭ᠎ᠠ ᠨᠢ ᠂ ᠰᠦᠨ ᠱᠸᠤ ᠱᠤᠸᠠᠩ᠎ᠤᠨ ᠳᠠᠭᠠᠭᠤᠯᠭ᠎ᠠ ᠳᠤᠤᠷ᠎ᠠ᠂ ᠬᠠᠪᠰᠤᠷᠤᠨ ᠲᠡᠳᠬᠦᠬᠦ᠌ ᠪᠦᠯᠬᠦᠮ᠎ᠦᠨ᠎ᠬᠢᠨ ᠪᠠᠭ᠍ᠰᠢ ᠪᠤᠯᠭᠠᠨ᠎ᠦ ᠬᠢᠴᠢᠶᠡᠯ ᠶᠠᠷᠢᠬᠤ ᠣᠨᠴᠠᠯᠢᠭ᠎ᠲᠤ ᠴᠢᠭ᠌ᠯᠡᠭᠦᠯᠦᠨ ᠬᠠᠨᠳᠤᠯᠭᠠᠲᠤ ᠴᠢᠨᠠᠷᠲᠠᠶ ᠰᠠᠢᠵᠢᠷᠠᠭᠤᠯᠬᠤ ᠰᠠᠨᠠᠯ ᠳᠤᠷᠠᠳᠴᠠᠶ᠃

《〈ᠪᠦᠯᠬᠦᠮ ᠪᠠᠢᠭᠤᠯᠬᠤ ᠮᠠᠶᠢᠭ〉 ᠎ᠤ᠋ᠨ ᠬᠠᠪᠰᠤᠷᠤᠨ ᠲᠡᠳᠬᠦᠬᠦ᠌ ᠪᠦᠯᠬᠦᠮ᠎ᠦᠨ ᠪᠠᠭ᠍ᠰᠢ᠎ᠨᠠᠷ᠎ᠤᠨ ᠵᠢᠱ᠌ᠢᠢ᠎ᠡ ᠦᠵᠡᠭᠦᠯᠬᠦ᠌ ᠬᠢᠴᠢᠶᠡᠯ᠎ᠢᠶᠡᠷ ᠳᠠᠮᠵᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠬᠡᠷᠡᠭ᠌ᠯᠡᠬᠦ᠌ ᠨᠢ ᠪᠠᠭ᠍ᠰᠢ᠎ᠶ᠋ᠢᠨ ᠵᠢᠭᠠᠨ ᠰᠤᠷᠭᠠᠯᠲᠠ᠎ᠶ᠋ᠢᠨ ᠴᠢᠬᠤᠯᠠ ᠨᠥᠬᠥᠴᠡᠯ ᠪᠣᠯᠬᠤ᠎ᠶ᠋ᠢ ᠪᠢ ᠭᠦᠨᠵᠡᠭᠡᠢ ᠣᠢᠯᠠᠭᠠᠪᠠ᠃ ᠬᠣᠢᠱᠢᠳᠠ᠎ᠶ᠋ᠢᠨ ᠵᠢᠭᠠᠨ ᠰᠤᠷᠭᠠᠯᠲᠠ᠎ᠳᠤ ᠪᠢ ᠥᠪᠡᠷ᠎ᠦᠨ ᠵᠢᠭᠠᠨ ᠰᠤᠷᠭᠠᠯᠲᠠ᠎ᠶ᠋ᠢᠨ ᠬᠡᠷᠡᠭ᠌ᠯᠡᠭᠡᠨ᠎ᠦ ᠬᠡᠯᠡ᠎ᠪᠡᠨ ᠴᠢᠬᠤᠯᠠᠴᠢᠯᠠᠵᠤ᠂ ᠰᠤᠷᠤᠭ᠍ᠴᠢᠳ᠎ᠢ ᠬᠠᠪᠰᠤᠷᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠭᠤᠯᠤᠨ᠎ᠠ》ᠭᠡᠵᠦ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠪᠠᠭ᠍ᠰᠢ ᠦ᠋ ᠱᠤᠸᠠᠩ ᠶᠠᠨ ᠬᠡᠯᠡᠪᠡ᠃ ᠲᠡᠷᠡ᠂ ᠬᠢᠴᠢᠶᠡᠯ ᠬᠦᠮᠦᠵᠢᠯ᠎ᠦᠨ ᠲᠤᠬᠠᠶ ᠰᠤᠳᠤᠯᠤᠨ ᠶᠠᠷᠢᠯᠴᠠᠬᠤ᠎ᠠᠴᠠ ᠭᠠᠳᠠᠨ᠎ᠠ᠂ ᠪᠡᠭᠡᠵᠢᠩ᠎ᠡᠴᠡ ᠢᠷᠡᠭ᠌ᠰᠡᠨ ᠪᠠᠭ᠍ᠰᠢ᠎ᠨᠠᠷ ᠪᠠᠰᠠ ᠦᠷᠭᠦᠯᠵᠢ ᠪᠥᠬᠥ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ ᠪᠣᠯᠪᠠᠰᠤᠷᠠᠯ ᠬᠢᠵᠦ᠂ ᠪᠠᠭᠰᠢ ᠨᠠᠷ᠎ᠢ ᠬᠠᠪᠰᠤᠷᠤᠨ ᠲᠠᠢᠯᠪᠤᠷᠢᠯᠠᠬᠤ᠂ ᠦᠵᠡᠭᠦᠯᠬᠦ᠌ ᠂ ᠦᠶ᠋ᠯᠡᠳᠦᠯᠴᠡᠬᠦ᠌ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢ ᠨᠠᠩ ᠰᠠᠢᠲᠤᠷ ᠤᠢᠯᠠᠭᠠᠭᠤᠯᠤᠨ ᠡᠵᠡᠮᠰᠢᠬᠦᠯᠪᠡ ᠬᠡᠯ᠎ᠡ᠃

《ᠪᠢᠳᠡ ᠵᠢᠱ᠌ᠢᠶ᠎ᠡ ᠦᠵᠡᠭᠦᠯᠬᠦ᠌ ᠬᠢᠴᠢᠶᠡᠯ᠎ᠦᠨ ᠲᠠᠢᠯᠤᠮᠵᠢ᠂ ᠵᠢᠭᠠᠨ ᠰᠤᠷᠭᠠᠯᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠯᠠᠭ᠎ᠠ ᠵᠢᠴᠢ ᠬᠢᠴᠢᠶᠡᠯ᠎ᠤᠨ ᠦᠨᠡᠯᠡᠯᠲᠡ ᠰᠣᠨᠣᠰᠭᠤ ᠠᠵᠢᠯᠯᠠᠭ᠎ᠠ᠎ᠪᠠᠷ ᠳᠠᠮᠵᠢᠭᠤᠯᠤᠨ᠂ ᠪᠥᠬᠥ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠷᠡᠭ᠌ᠯᠡᠬᠦ᠌᠎ᠶ᠋ᠢ ᠬᠥᠲᠥᠯᠥᠨ ᠳᠠᠭᠠᠭᠤᠯᠵᠤ ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠬᠡᠷᠡᠭ᠌ᠯᠡᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠤᠯᠭᠠᠪᠠ》 ᠭᠡᠵᠦ᠍ ᠰᠦᠨ ᠱᠸᠤ ᠱᠤᠸᠠᠩ ᠬᠡᠯᠡᠪᠡ᠃

ᠦᠭᠡ ᠬᠡᠯᠡ ᠨᠡᠪᠲᠡᠷᠡᠯᠴᠡᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠤᠷᠢᠲᠠᠯ ᠪᠠ ᠰᠠᠭᠤᠷᠢ ᠮᠥᠨ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢ ᠴᠢᠩᠭᠠᠳᠭᠠᠬᠤ᠎ᠶ᠋ᠢᠨ ᠲᠥᠯᠥᠭᠡ᠂ ᠪᠡᠭᠡᠵᠢᠩ ᠬᠤᠳᠠ᠎ᠶ᠋ᠢᠨ ᠮᠠᠰᠢ ᠤᠯᠠᠨ ᠱᠢᠯᠢᠳᠡᠭ ᠪᠠᠭ᠍ᠰᠢ᠎ᠨᠠᠷ ᠲᠡᠷᠢᠭᠦᠨ᠎ᠦ ᠲᠤᠷᠱᠢᠯᠭ᠎ᠠ ᠠᠷᠭ᠎ᠠ ᠪᠣᠯᠤᠨ ᠵᠢᠭᠠᠨ ᠰᠤᠷᠭᠠᠯᠲᠠ᠎ᠶ᠋ᠢᠨ ᠣᠢᠯᠠᠭᠠᠭ᠍ᠳᠠᠬᠤᠨ᠎ᠢ ᠲᠤᠭᠤᠰᠢᠯᠠᠭᠤᠯᠵᠦ ᠂ ᠵᠢᠱ᠌ᠢᠢ᠎ᠡ ᠦᠵᠡᠭᠦᠯᠬᠦ᠌ ᠬᠢᠴᠢᠶᠡᠯ ᠤᠷᠤᠬᠤ᠂ ᠬᠠᠮᠲᠤ ᠪᠡᠷ ᠵᠢᠭᠠᠬᠤ ᠵᠢ ᠰᠤᠳᠤᠯᠬᠤ ᠵᠡᠷᠭᠡ ᠠᠷᠭ᠎ᠠ ᠬᠡᠯᠪᠡᠷᠢ᠎ᠪᠡᠷ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠪᠠᠭ᠍ᠰᠢ᠎ᠨᠠᠷ ᠯᠤᠭ᠎ᠠ ᠬᠠᠷᠢᠯᠴᠠᠨ ᠬᠠᠪᠰᠤᠷᠤᠯᠴᠠᠵᠤ᠂ 《ᠨᠡᠢᠲᠡᠯᠢᠭ ᠬᠡᠯᠡ᠎ᠶ᠋ᠢ ᠰᠠᠢᠲᠤᠷ ᠶᠠᠷᠢᠵᠤ ᠂ ᠳᠦᠷᠢᠮᠵᠢᠭ᠌ᠰᠡᠨ ᠦᠰᠦᠭ᠎ᠢ ᠰᠠᠢᠲᠤᠷ ᠪᠢᠴᠢᠬᠦ᠌》 ᠨᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠰᠤᠷᠭᠠᠭᠤᠯᠢ᠎ᠶ᠋ᠢᠨ ᠬᠦᠷᠢᠶᠡᠨ᠎ᠤ ᠬᠡᠪ ᠵᠠᠩᠱᠢᠯ ᠪᠣᠯᠵᠠᠢ᠃

ᠡᠨᠡ ᠵᠢᠯ᠎ᠡᠴᠡ ᠨᠠᠭᠠᠰᠢ᠂ ᠪᠡᠭᠡᠵᠢᠩ᠎ᠦᠨ 101 ᠳᠤᠮᠳᠠᠳᠤ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠦᠨ ᠪᠦᠯᠦᠭ᠌ᠯᠡᠯ᠂ ᠪᠡᠭᠡᠵᠢᠩ ᠬᠣᠲᠠ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠰᠤᠷᠭᠠᠭᠤᠯᠢ᠂ ᠬᠢᠩᠭᠠᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ ᠨᠡᠢᠲᠡ 22 ᠪᠠᠭ᠍ᠰᠢ ᠰᠣᠩᠭᠣᠨ ᠲᠣᠮᠢᠯᠠᠵᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠪᠠᠶᠠᠨᠬᠤᠱᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠪᠠ ᠳᠤᠮᠳᠠ ᠵᠡᠷᠭᠡ᠎ᠶ᠋ᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠢᠷᠡᠵᠦ᠍᠂ ᠰᠤᠷᠭᠠᠨ ᠬᠥᠮᠦᠵᠢᠯ᠎ᠢᠶᠡᠷ ᠴᠢᠳᠠᠪᠤᠷᠢᠲᠠᠨ᠎ᠤ《ᠠᠷᠪᠠ ᠵᠠᠭᠤ ᠮᠢᠩᠭ᠎ᠠ ᠲᠦᠮᠡ》 ᠎ᠶ᠋ᠢᠨ ᠢᠨᠵᠧᠨᠧᠷᠢᠩ᠎ᠢ ᠬᠠᠪᠰᠤᠷᠤᠨ ᠲᠡᠳᠬᠦᠬᠦ ᠪᠡᠷ ᠳᠡᠮᠵᠢᠨ᠂ 403 ᠪᠠᠭᠰᠢ ᠯᠤᠭ᠎ᠠ ᠬᠠᠮᠵᠢᠯᠴᠠᠭ᠎ᠠ ᠪᠠᠢᠭᠤᠯᠵᠤ ᠬᠠᠪᠰᠤᠷᠤᠨ ᠲᠠᠭᠠᠭᠤᠯᠵᠠᠢ ᠂ ᠡᠭᠦᠨ᠎ᠳᠦ ᠱᠢᠨ᠎ᠡ᠎ᠪᠡᠷ ᠬᠠᠮᠵᠢᠯᠴᠠᠭ᠎ᠠ ᠪᠠᠢᠭᠤᠯᠵᠤ ᠬᠠᠪᠰᠤᠷᠤᠨ ᠲᠠᠭᠠᠭᠤᠯᠤᠭᠰᠠᠨ ᠪᠠᠭ᠍ᠰᠢ 53᠂ ᠠᠢᠮᠠᠭ᠎ᠤᠨ ᠲᠠᠰ᠎ᠤᠨ 《ᠨᠠᠷᠠᠲᠤ ᠪᠠᠭ᠍ᠰᠢ᠎ᠶ᠋ᠢᠨ ᠠᠵᠢᠯᠯᠠᠬᠤ ᠲᠠᠰᠤᠭ》13 ᠂ ᠰᠤᠷᠭᠠᠭᠤᠯᠢ᠎ᠶ᠋ᠢᠨ ᠲᠠᠰ᠎ᠤᠨ ᠨᠠᠷᠠᠲᠤ ᠪᠠᠭ᠍ᠰᠢ᠎ᠶ᠋ᠢᠨ ᠠᠵᠢᠯᠯᠠᠬᠤ ᠲᠠᠰᠤᠭ 4 ᠪᠠᠢᠵᠤ᠂ ᠨᠡᠢᠲᠡ 440 ᠤᠳᠠᠭ᠎ᠠ ᠬᠢᠴᠢᠶᠡᠯ ᠰᠣᠨᠣᠰᠴᠤ᠌ ᠂ 269 ᠤᠳᠠᠭ᠎ᠠ ᠬᠢᠴᠢᠶᠡᠯ᠎ᠤᠨ ᠦᠨᠡᠯᠡᠯᠳᠡ ᠬᠢᠵᠡᠢ᠃

ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠰᠤᠷᠭᠠᠨ ᠬᠥᠮᠦᠵᠢᠯ᠎ᠦᠨ ᠲᠣᠪᠴᠢᠶ᠎ᠠ ᠵᠢᠨ ᠳᠡᠳ᠋ ᠳᠠᠷᠤᠭ᠎ᠠ ᠵᠧᠩ ᠬᠠᠶ ᠶᠦᠨ᠄ 《ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠳᠤ ᠰᠣᠩᠭᠣᠨ ᠲᠣᠮᠢᠯᠠᠭ᠍ᠰᠠᠨ ᠰᠤᠷᠭᠠᠨ ᠬᠥᠮᠦᠵᠢᠯ᠎ᠦᠨ ᠴᠢᠳᠠᠪᠤᠷᠢᠲᠠᠨ᠎ᠤ ᠪᠦᠯᠬᠦᠮ ᠪᠠ ᠲᠤᠰᠠᠯᠠᠮᠵᠢ ᠭᠥᠷᠳᠡᠬᠡᠬᠦ᠌ ᠰᠤᠷᠭᠠᠭᠤᠯᠢ᠎ᠨᠢ ᠰᠤᠷᠭᠠᠨ ᠬᠥᠮᠦᠵᠢᠯ᠎ᠢᠶᠡᠷ ᠬᠠᠪᠰᠤᠷᠤᠨ ᠲᠡᠳᠬᠦᠬᠦ᠌ ᠬᠠᠷᠠᠯᠲᠠ᠎ᠶ᠋ᠢᠨ ᠲᠣᠭᠣᠷᠢᠨ᠎ᠳᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠨᠢᠭ᠍ᠲᠠ ᠬᠠᠮᠵᠢᠯᠴᠠᠨ᠂ ᠮᠠᠨ ᠎ᠤ ᠡᠨᠳᠡᠬᠢ ᠵᠢᠨ ᠰᠤᠷᠭᠠᠭᠤᠯᠢ ᠨᠤᠭᠤᠳ᠎ᠢ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠂ ᠪᠠᠭ᠍ᠰᠢ᠎ᠶ᠋ᠢᠨ ᠡᠩᠨᠡᠭᠡ᠎ᠶ᠋ᠢᠨ ᠴᠢᠳᠠᠪᠤᠷᠢ᠂ ᠰᠤᠷᠤᠭ᠍ᠴᠢᠳ᠎ᠤᠨ ᠶᠡᠷᠦᠩᠬᠡᠢᠯᠡᠭ᠌ᠰᠡᠨ ᠬᠡᠪ ᠪᠣᠯᠪᠠᠰᠤᠷᠠᠯ ᠪᠠ ᠰᠤᠷᠭᠠᠭᠤᠯᠢ᠎ᠶ᠋ᠢᠨ ᠬᠠᠮᠢᠶᠠᠷᠤᠯᠲᠠ᠎ᠶ᠋ᠢᠨ ᠬᠢᠷᠢ ᠲᠦᠪᠱᠢᠨ ᠵᠡᠷᠭᠡ ᠳᠥᠷᠪᠡᠨ ᠲᠠᠯ᠎ᠠ᠎ᠪᠠᠷ ᠢᠯᠡᠳᠲᠡ ᠦᠷ᠎ᠡ ᠪᠦᠲᠦᠮᠵᠢ᠎ᠲᠡᠶ ᠪᠣᠯᠭᠠᠵᠤ᠂ ᠤᠯᠤᠰ᠎ᠤᠨ ᠨᠡᠢᠳᠡᠮ᠎ᠬᠡᠷᠡᠭᠯᠡᠬᠦ ᠦᠭᠡ ᠬᠡᠯᠨ ᠦᠰᠦᠭ ᠪᠢᠴᠢᠭ᠎ᠤᠨ ᠵᠢᠭᠠᠨ ᠰᠤᠷᠭᠠᠯᠲᠠ᠎ᠶ᠋ᠢ ᠨᠠᠩ ᠴᠢᠨᠠᠷᠯᠢᠭ ᠪᠣᠯᠭᠠᠵᠠᠢ》 ᠭᠡᠵᠦ ᠶᠠᠷᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面