2024-05-12 12:06:59
ᠤᠷᠳᠤᠰ ᠬᠤᠳᠠ᠎ᠶ᠋ᠢᠨ ᠤᠳᠤᠭ᠎ᠤᠨ ᠡᠮᠦᠨᠡᠲᠦ ᠬᠣᠱᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌᠂ ᠵᠢᠭᠠᠨ ᠰᠤᠷᠭᠠᠯᠲᠠ᠎ᠶ᠋ᠢᠨ ᠵᠤᠷᠱᠢᠯ᠂ ᠴᠢᠳᠠᠪᠤᠷᠢ᠎ᠶ᠋ᠢ ᠬᠥᠮᠦᠵᠢᠭᠦᠯᠬᠦ᠌ ᠵᠡᠷᠭᠡ ᠬᠠᠷᠠᠯᠲᠠ᠎ᠲᠠᠶ ᠤᠶᠠᠯᠳᠤᠭᠤᠯᠵᠤ᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ 3 ᠵᠢᠯ᠎ᠦᠨ ᠲᠤᠷᠰᠢ᠂ ᠰᠤᠷᠭᠠᠭᠤᠯᠢ᠎ᠨᠢ ᠬᠤᠶᠠᠷ ᠵᠢᠯ ᠳᠠᠷᠠᠭᠠᠯᠠᠨ ᠣᠷᠳᠣᠰ ᠬᠣᠲᠠ᠎ᠶ᠋ᠢᠨ ᠳᠦᠷᠢᠮᠵᠢᠭ᠌ᠰᠡᠨ ᠬᠢᠲᠠᠳ ᠥᠰᠥᠭ᠎ᠦᠨ ᠪᠢᠴᠢᠯᠭᠡ᠎ᠶ᠋ᠢᠨ ᠤᠷᠤᠯᠳᠤᠭᠠᠨ᠎ᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠳᠤᠭᠤᠢᠯᠠᠩ᠎ᠤᠨ ᠨᠢᠭᠡᠳᠦᠭᠡᠷ ᠳᠡᠰ᠎ᠤᠨ ᠱᠠᠩᠨᠠᠯ᠂ 2023 ᠣᠨ᠎ᠤ ᠬᠤᠪᠢ ᠬᠥᠮᠦᠨ᠎ᠦ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ᠂ ᠬᠣᠶᠠᠷ ᠬᠣᠶᠠᠳᠤᠭᠠᠷ ᠳᠡᠰ᠎ᠤᠨ ᠱᠠᠩᠨᠠᠯ᠂ ᠨᠢᠭᠡ ᠭᠤᠷᠪᠠᠳᠤᠭᠠᠷ ᠳᠡᠰ᠎ᠤᠨ ᠱᠠᠩᠨᠠᠯ᠎ᠤᠨ ᠱᠢᠯᠢᠳᠡᠭ ᠬᠢᠷᠢ ᠪᠦᠲᠦᠮᠵᠢ᠎ᠶ᠋ᠢ ᠵᠠᠯᠭᠠᠭ᠎ᠠ᠎ᠪᠠᠷ ᠭᠥᠷᠳᠡᠵᠦ᠍᠂ ᠳᠤᠰ ᠵᠢᠯ᠎ᠳᠡᠭᠡᠨ ᠥᠪᠡᠷᠲᠡᠭᠡᠨ ᠵᠠᠰᠠᠬᠤ ᠣᠷᠣᠨ᠎ᠤ ᠳᠦᠷᠢᠮᠵᠢᠭ᠌ᠰᠡᠨ ᠬᠢᠲᠠᠳ ᠥᠰᠥᠭ᠎ᠦᠨ ᠪᠢᠴᠢᠯᠭᠡ᠎ᠶ᠋ᠢᠨ ᠤᠷᠤᠯᠳᠤᠭᠠᠨ᠎ᠤ ᠭᠤᠷᠪᠠᠳᠤᠭᠠᠷ ᠳᠡᠰ᠎ᠤᠨ ᠱᠠᠩᠨᠠᠯ᠎ᠤᠨ ᠮᠧᠳᠠᠯ᠎ᠢ ᠭᠠᠷᠳᠠᠪᠠ᠃
ᠣᠲᠣᠭ᠎ᠤᠨ ᠡᠮᠦᠨᠡᠲᠦ ᠬᠣᠱᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ ᠪᠠᠭ᠍ᠰᠢ᠎ᠶ᠋ᠢᠨ ᠦᠨᠳᠦᠰᠦᠨ ᠪᠣᠯᠪᠠᠰᠤᠷᠠᠯ᠎ᠢ ᠪᠠᠭ᠍ᠰᠢ᠎ᠶ᠋ᠢᠨ ᠦᠨᠳᠦᠰᠦᠨ ᠪᠣᠯᠪᠠᠰᠤᠷᠠᠯ᠎ᠢ ᠳᠡᠭᠡᠭ᠌ᠰᠢᠯᠡᠭᠦᠯᠬᠦ᠌ ᠵᠠᠩᠭᠢᠯᠠᠭ᠎ᠠ ᠪᠣᠯᠭᠠᠵᠤ᠂ ᠪᠣᠯᠣᠳ ᠪᠢᠷ᠎ᠦᠨ ᠥᠰᠥᠭ᠂ ᠤᠶ᠋ᠢᠨ ᠪᠢᠷ᠎ᠦᠨ ᠥᠰᠥᠭ᠂ ᠦᠰᠦᠨ ᠪᠢᠷ᠎ᠦᠨ ᠥᠰᠥᠭ᠂ ᠨᠡᠢᠲᠡᠯᠢᠭ ᠬᠡᠯᠡᠨ᠎ᠦ ᠪᠣᠯᠪᠠᠰᠤᠷᠠᠯ᠎ᠤᠨ ᠢᠨᠵᠧᠨᠧᠷᠢᠩ᠎ᠢ ᠱᠢᠰᠲ᠋ᠧᠮ᠎ᠲᠡᠶ ᠵᠣᠬᠢᠶᠠᠨ ᠪᠠᠢᠭᠤᠯᠵᠤ ᠥᠷᠨᠢᠭᠦᠯᠪᠡ᠃ ᠪᠠᠭ᠍ᠰᠢ᠎ᠶ᠋ᠢᠨ ᠠᠵᠢᠯ᠎ᠳᠤ ᠣᠷᠣᠬᠤ ᠵᠢᠯ ᠬᠤᠭᠤᠴᠠᠭ᠎ᠠ ᠵᠢᠴᠢ ᠦᠨᠳᠦᠰᠦᠨ ᠴᠢᠳᠠᠪᠤᠷᠢ᠎ᠶ᠋ᠢᠨ ᠶᠡᠷᠦᠩᠬᠡᠢᠯᠡᠭ᠌ᠰᠡᠨ ᠬᠡᠪ ᠪᠣᠯᠪᠠᠰᠤᠷᠠᠯ᠎ᠤᠨ ᠴᠢᠳᠠᠪᠤᠷᠢ᠎ᠶ᠋ᠢ ᠦᠨᠳᠦᠰᠦᠯᠡᠨ ᠳᠡᠰ ᠬᠤᠪᠢᠶᠠᠨ ᠪᠣᠯᠪᠠᠰᠤᠷᠠᠭᠤᠯᠬᠤ᠎ᠶ᠋ᠢ ᠬᠡᠷᠡᠭ᠌ᠵᠢᠭᠦᠯᠬᠦ ᠵᠢᠨ ᠬᠠᠮᠳᠦ᠂ 《ᠭᠠᠷᠴᠦ ᠶᠠᠪᠤᠬᠤ᠂ ᠤᠷᠢᠨ ᠠᠪᠴᠢᠷᠠᠬᠤ》 ᠪᠠ ᠬᠥᠬᠡ ᠢᠨᠵᠧᠨᠧᠷᠢᠩ᠎ᠤᠨ ᠰᠤᠷᠤᠯᠴᠠᠬᠤ ᠵᠠᠭ᠍ᠪᠤᠷ᠎ᠢ ᠬᠡᠷᠡᠭᠵᠢᠬᠦᠯᠦᠨ᠂ ᠨᠡᠷᠡᠲᠦ ᠶᠡᠬᠡ ᠪᠠᠭ᠍ᠰᠢ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠢᠵᠦ᠂ ᠪᠠᠭ᠍ᠰᠢ᠎ᠨᠠᠷ᠎ᠢ ᠵᠣᠬᠢᠶᠠᠨ ᠪᠠᠢᠭᠤᠯᠵᠤ᠂ ᠪᠦᠬᠦ᠌ ᠤᠯᠤᠰ᠎ᠤᠨ ᠡᠯ᠎ᠡ ᠭᠠᠵᠠᠷ᠎ᠲᠤ ᠣᠴᠢᠭᠤᠯᠵᠤ ᠪᠣᠯᠪᠠᠰᠤᠷᠠᠯ ᠬᠦᠷᠳᠡᠭᠡᠪᠡ; ᠠᠬᠠᠮᠠᠳ ᠪᠠᠭ᠍ᠰᠢ᠂ ᠭᠤᠤᠯᠯᠠᠭ᠍ᠴᠢ ᠪᠠᠭ᠍ᠰᠢ᠎ᠶ᠋ᠢᠨ ᠤᠯᠠᠮᠵᠢᠯᠠᠬᠤ ᠬᠠᠪᠰᠤᠷᠬᠤ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ 《ᠡᠳᠦᠷ ᠪᠦᠷᠢ᠎ᠶ᠋ᠢᠨ ᠨᠡᠢᠲᠡᠯᠢᠭ ᠬᠡᠯᠡᠨ᠎ᠦ ᠤᠷᠠᠨ ᠲᠣᠳᠣ ᠤᠩᠱᠢᠯᠭ᠎ᠠ》 ᠪᠠ 《ᠰᠤᠷᠭᠠᠭᠤᠯᠢ᠎ᠶ᠋ᠢᠨ ᠵᠠᠬᠢᠷᠤᠯ ᠳᠠᠭᠠᠭᠤᠯᠤᠨ ᠰᠣᠩᠭᠣᠳᠠᠭ ᠵᠣᠬᠢᠶᠠᠯ᠎ᠢ ᠤᠩᠱᠢᠬᠤ》 ᠪᠠᠷ ᠳᠠᠮᠵᠢᠭᠤᠯᠤᠨ ᠪᠠᠭ᠍ᠰᠢ᠎ᠶ᠋ᠢᠨ ᠨᠡᠢᠲᠡᠯᠢᠭ ᠬᠡᠯᠡᠨ᠎ᠦ ᠪᠣᠯᠪᠠᠰᠤᠷᠠᠯ ᠬᠢᠵᠦ᠂ ᠵᠠᠯᠠᠭᠤ ᠪᠠᠭ᠍ᠰᠢ᠎ᠶ᠋ᠢᠨ ᠦᠨᠳᠦᠰᠦᠨ ᠴᠢᠳᠠᠪᠤᠷᠢ᠎ᠶ᠋ᠢ ᠪᠠᠲᠤᠳᠬᠠᠵᠦ᠂ ᠪᠠᠭ᠍ᠰᠢ᠎ᠶ᠋ᠢᠨ ᠡᠩᠨᠡᠭᠡ ᠵᠢᠨ ᠳᠦᠷᠢᠮᠵᠢᠭᠦᠨ ᠪᠢᠴᠢᠬᠦ᠌ ᠵᠢᠴᠢ ᠨᠡᠢᠲᠡᠯᠢᠭ ᠬᠡᠯᠡ᠎ᠶ᠋ᠢ ᠬᠡᠷᠡᠭ᠌ᠯᠡᠬᠦ᠌ ᠴᠢᠳᠠᠪᠤᠷᠢ᠎ᠶ᠋ᠢᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠂ ᠰᠤᠷᠤᠭ᠍ᠴᠢᠳ᠎ᠤᠨ ᠵᠣᠬᠢᠴᠠᠬᠤ ᠴᠢᠳᠠᠪᠤᠷᠢ᠎ᠶ᠋ᠢᠨ ᠬᠥᠭ᠌ᠵᠢᠯᠲᠡ ᠪᠠ ᠳᠡᠭᠡᠭ᠌ᠰᠢᠯᠡᠯᠲᠡ᠎ᠶ᠋ᠢ ᠠᠬᠢᠭᠤᠯᠪᠠ᠃
ᠰᠤᠷᠭᠠᠭᠤᠯᠢ᠎ᠶ᠋ᠢᠨ ᠨᠣᠮ᠎ᠤᠨ ᠥᠷᠥᠭᠡ᠂ ᠠᠰᠠᠷ᠎ᠤᠨ ᠭᠤᠳᠤᠮᠵᠢ᠎ᠶ᠋ᠢᠨ ᠨᠣᠮ ᠤᠩᠱᠢᠬᠤ ᠪᠤᠯᠤᠩ᠂ ᠠᠩᠭᠢ᠎ᠶ᠋ᠢᠨ ᠭᠡᠷ᠎ᠤᠨ ᠨᠣᠮ ᠤᠩᠱᠢᠬᠤ ᠪᠤᠯᠤᠩ ᠵᠢᠴᠢ ᠭᠡᠷ ᠪᠦᠯᠢ᠎ᠶ᠋ᠢᠨ ᠨᠣᠮ ᠤᠩᠱᠢᠬᠤ ᠪᠤᠯᠤᠩ ᠨᠢ ᠣᠯᠠᠨ ᠲᠠᠯ᠎ᠠ ᠵᠢᠨ ᠪᠣᠰᠣᠭ᠎ᠠ ᠴᠣᠭ᠍ᠴᠠᠲᠤ ᠤᠩᠱᠢᠯᠭ᠎ᠠ᠎ᠶ᠋ᠢᠨ ᠣᠷᠣᠨ ᠵᠠᠶ᠎ᠶ᠋ᠢ ᠪᠤᠢ ᠪᠤᠯᠭᠠᠵᠦ᠂ ᠤᠩᠱᠢᠯᠭ᠎ᠠ᠎ᠶ᠋ᠢᠨ ᠱᠠᠯᠦ᠋ᠨ᠂ ᠨᠣᠮ ᠤᠩᠱᠢᠭ᠍ᠰᠠᠨ ᠲᠡᠮᠳᠡᠭ᠌ᠯᠡᠯ᠎ᠦᠨ ᠦᠵᠡᠭᠦᠯᠭᠡ᠂ ᠨᠣᠮ ᠤᠩᠱᠢᠬᠤ ᠰᠣᠯᠢᠯᠴᠠᠭᠠᠨ᠎ᠤ ᠬᠤᠷᠠᠯ᠂ ᠪᠢᠴᠢᠭ᠎ᠦᠨ ᠰᠤᠷᠪᠤᠯᠵᠢᠲᠦ ᠠᠩᠭᠢ ᠪᠠ ᠪᠢᠴᠢᠭ᠎ᠦᠨ ᠰᠤᠷᠪᠤᠯᠵᠢᠲᠤ ᠭᠡᠷ ᠪᠦᠯᠢ᠎ᠶ᠋ᠢᠨ ᠱᠢᠯᠭᠠᠷᠠᠭᠤᠯᠤᠯᠲᠠ ᠵᠡᠷᠭᠡ ᠠᠵᠢᠯᠯᠠᠭ᠎ᠠ ᠪᠡᠷ ᠳᠠᠮᠵᠢᠨ᠂ ᠰᠤᠷᠭᠠᠭᠤᠯᠢ᠂ ᠪᠠᠭ᠍ᠰᠢ᠂ ᠰᠤᠷᠤᠭ᠍ᠴᠢ᠂ ᠭᠡᠷ᠎ᠦᠨ ᠠᠬᠠᠮᠠᠳ᠎ᠤᠨ ᠳᠥᠷᠪᠡ᠎ᠶ᠋ᠢ ᠨᠢᠭᠡ ᠴᠣᠭ᠍ᠴᠠᠵᠢᠭᠤᠯᠤᠭ᠍ᠰᠠᠨ 《ᠵᠣᠯ ᠵᠢᠷᠭᠠᠯ᠎ᠤᠨ ᠶᠡᠬᠡ ᠤᠩᠱᠢᠯᠭ᠎ᠠ》 ᠶ᠋ᠢᠨ ᠢᠨᠵᠧᠨᠧᠷᠢᠩ᠎ᠢ ᠪᠠᠢᠭᠤᠯᠵᠦ᠂ ᠨᠡᠢᠲᠡ ᠪᠢᠴᠢᠭ᠎ᠦᠨ ᠰᠤᠷᠪᠤᠯᠵᠢᠲᠤ ᠪᠠᠭᠠᠴᠤᠳ᠎ᠢ 182 ᠬᠥᠮᠦᠨ᠂ ᠪᠢᠴᠢᠭ᠎ᠦᠨ ᠰᠤᠷᠪᠤᠯᠵᠢᠲᠦ ᠠᠩᠭᠢ ᠵᠢ 18 ᠠᠩᠬᠢ᠂ ᠪᠢᠴᠢᠭ᠎ᠦᠨ ᠰᠤᠷᠪᠤᠯᠵᠢᠲᠤ ᠬᠡᠷ ᠪᠦᠯᠢ ᠵᠢ 176 ᠡᠷᠦᠬᠡ ᠰᠣᠩᠭᠣᠨ ᠱᠢᠯᠭᠠᠷᠠᠭᠤᠯᠪᠠ᠃
ᠰᠤᠷᠭᠠᠭᠤᠯᠢ ᠵᠢᠨ ᠬᠢᠨ ᠪᠠᠰᠠ ᠤᠩᠱᠢᠯᠭ᠎ᠠ᠎ᠶ᠋ᠢᠨ ᠨᠠᠢᠷ᠂ ᠦᠭᠡ ᠬᠡᠯᠡ ᠵᠢᠨ ᠤᠷᠠᠯᠢᠭ᠎ᠤᠨ ᠨᠠᠢᠷ᠎ᠢ ᠠᠱᠢᠭ᠍ᠯᠠᠨ ᠤᠯᠠᠮᠵᠢᠯᠠᠯᠲᠤ ᠰᠣᠶᠣᠯ᠎ᠤᠨ ᠤᠷᠤᠯᠳᠤᠭᠠᠨ᠎ᠤ ᠲᠠᠪᠴᠠᠩ᠎ᠢ ᠪᠠᠢᠭᠤᠯᠵᠤ᠂ ᠵᠢᠯ ᠪᠦᠷᠢ ᠰᠤᠷᠭᠠᠭᠤᠯᠢ᠎ᠶ᠋ᠢᠨ ᠳᠣᠲᠣᠷᠠᠬᠢ ᠤᠩᠱᠢᠯᠭ᠎ᠠ᠎ᠶ᠋ᠢᠨ ᠤᠷᠤᠯᠳᠤᠭᠠᠨ᠎ᠢ ᠬᠣᠶᠠᠷ ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠍᠂ ᠬᠤᠪᠢ ᠬᠦᠮᠦᠨ ᠪᠠ ᠠᠩᠭᠢ᠎ᠪᠡᠷ ᠨᠢᠭᠡᠴᠢ ᠪᠣᠯᠭᠠᠨ ᠰᠣᠩᠭᠣᠳᠠᠭ ᠤᠩᠱᠢᠯᠭ᠎ᠠ᠎ᠶ᠋ᠢᠨ ᠤᠷᠤᠯᠳᠤᠭᠠᠨ ᠶᠠᠪᠤᠭᠤᠯᠪᠠ; ᠠᠩᠭᠢ᠎ᠪᠠᠷ ᠨᠢᠭᠡᠴᠢ ᠪᠣᠯᠭᠠᠨ ᠤᠷᠠᠨ ᠪᠢᠴᠢᠯᠭᠡ᠎ᠶ᠋ᠢᠨ ᠪᠦᠲᠦᠭᠡᠯ᠎ᠢ ᠳᠡᠯᠭᠡᠨ ᠦᠵᠡᠭᠦᠯᠬᠦ᠌ ᠠᠵᠢᠯᠯᠠᠭ᠎ᠠ ᠵᠢ ᠵᠣᠬᠢᠶᠠᠨ ᠪᠠᠢᠭᠤᠯᠵᠤ᠂ ᠰᠣᠨᠣᠰᠴᠤ᠌ ᠪᠢᠴᠢᠬᠦ᠌ ᠤᠷᠤᠯᠳᠤᠭᠠᠨ ᠨᠢ ᠰᠤᠷᠤᠭ᠍ᠴᠢᠳ᠎ᠤᠨ ᠤᠩᠱᠢᠬᠤ ᠪᠠ ᠪᠢᠴᠢᠬᠦ᠌ ᠢᠳᠡᠪᠬᠢᠵᠢᠯ᠎ᠢ ᠳᠠᠢᠴᠢᠯᠠᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠤᠯᠤᠰ᠎ᠤᠨ ᠰᠣᠶᠣᠯ᠎ᠢ ᠰᠤᠷᠤᠭ᠍ᠴᠢᠳ᠎ᠤᠨ ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠪᠠ᠃
《ᠣᠳᠣᠬᠠᠨ᠎ᠳᠤ ᠪᠥᠬᠥ᠌ ᠬᠣᠱᠢᠭᠤ᠎ᠪᠠᠷ᠎ᠢᠶᠠᠨ ᠬᠣᠶᠠᠳᠤᠭᠠᠷ ᠪᠠᠭ᠎ᠠ ᠰᠤᠷᠭᠠᠭᠤᠯᠢ᠎ᠶ᠋ᠢᠨ ᠪᠦᠲᠦᠮᠵᠢᠲᠡᠶ ᠠᠷᠭ᠎ᠠ ᠬᠢᠳᠡᠯ᠎ᠢ ᠬᠦᠴᠦᠯᠡᠨ ᠳᠡᠯᠭᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠬᠴᠠᠯᠠᠬᠤ ᠭᠤᠤᠯ ᠱᠢᠵᠢᠮ ᠪᠠ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠬᠠᠷᠠᠯᠲᠠ ᠵᠢᠨ ᠲᠤᠭᠤᠷᠢᠨ᠎ᠳᠦ᠂ ᠰᠤᠷᠭᠠᠭᠤᠯᠢ᠎ᠶ᠋ᠢᠨ ᠰᠠᠭᠤᠷᠢ ᠪᠠ ᠭᠤᠤᠯ ᠵᠢᠭ᠍ᠰᠠᠭᠠᠯ᠎ᠤᠨ ᠭᠠᠵᠠᠷ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠳᠦᠷᠢᠮᠵᠢᠭᠦᠯᠦᠨ ᠢᠯᠡᠳᠭᠡᠬᠦ᠌ ᠰᠠᠢᠨ ᠰᠠᠢᠬᠠᠨ ᠳᠠᠳᠭᠠᠯ᠎ᠢ ᠪᠣᠶ ᠪᠣᠯᠭᠠᠬᠤ᠎ᠶ᠋ᠢ ᠠᠬᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢᠶᠡᠷ ᠰᠤᠷᠤᠭ᠍ᠴᠢᠳ᠎ᠤᠨ ᠪᠥᠬᠥ᠌ ᠲᠠᠯ᠎ᠠ᠎ᠶ᠋ᠢᠨ ᠬᠥᠭ᠌ᠵᠢᠯᠲᠡ᠂ ᠨᠠᠰᠤᠨ ᠲᠤᠷᠱᠢᠳᠠ᠎ᠶ᠋ᠢᠨ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠦ᠍ ᠤᠳᠤᠭ᠎ᠤᠨ ᠡᠮᠦᠨᠡᠲᠦ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ ᠳᠠᠷᠤᠭ᠎ᠠ᠂ ᠦᠭᠡ ᠬᠡᠯᠡ ᠦᠰᠦᠭ ᠪᠢᠴᠢᠭ᠎ᠦᠨ ᠵᠥᠪᠯᠡᠯ᠎ᠦᠨ ᠠᠯᠪᠠᠨ ᠭᠡᠷ᠎ᠦᠨ ᠡᠷᠬᠢᠯᠡᠭ᠌ᠴᠢ ᠭᠤᠤ ᠸᠧᠢ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃