2023-12-19 09:58:03
ᠤᠢᠷ᠎ᠠ ᠳ᠋ᠤ ᠰᠤᠷᠪᠤᠯᠵᠢᠯᠠᠭᠴᠢ ᠵᠢ ᠬᠦᠷᠬᠦ᠎ᠳᠤ᠂ ᠥᠪᠥᠷ ᠮᠣᠩᠭᠣᠯ᠎ᠤᠨ ᠯᠢᠶᠠᠨ ᠶᠦᠨ ᠬᠤᠯᠤᠰᠤᠨ ᠵᠢᠷᠤᠭ ᠦᠢᠯᠡᠳᠭᠡᠯ᠎ᠤᠨ ᠦᠵᠡᠭᠦᠯᠭᠡ᠎ᠵᠢᠨ ᠲᠥᠪ᠎ᠲᠦ᠂ ᠤᠷᠠᠳ᠎ᠤᠨ ᠡᠮᠦᠨᠡᠲᠦ ᠬᠣᠱᠢᠭᠤᠨ᠎ᠤ ᠠᠷᠠᠳ᠎ᠤᠨ ᠤᠷᠠᠯᠢᠭ᠎ᠤᠨ ᠶᠡᠬᠡ ᠳᠠᠷᠬᠠᠨ ᠯᠢᠶᠠᠨ ᠵᠢᠶᠦ᠋ᠨ ᠴᠢᠶᠠᠩ ᠶᠠᠭ ᠰᠠᠢᠬᠠᠨ ᠭᠠᠷ ᠤᠷᠠᠯᠠᠯ᠎ᠤᠨ ᠮᠡᠷᠭᠡᠵᠢᠯᠲᠡᠳ᠎ᠢ ᠵᠢᠯᠤᠭᠤᠳᠤᠨ ᠬᠤᠯᠤᠰᠤᠨ ᠵᠢᠷᠤᠭ ᠦᠢᠯᠡᠳᠴᠦ ᠪᠠᠢᠯ᠎ᠠ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ᠌ ᠲᠤᠬᠠᠢ ᠯᠢᠶᠠᠨ ᠵᠢᠶᠦ᠋ᠨ ᠴᠢᠶᠠᠩ᠄ 《ᠡᠮᠦᠨ᠎ᠡ ᠬᠡᠳᠦᠨ ᠵᠢᠯ᠎ᠳᠦ᠂ ᠵᠣᠴᠢᠳ ᠳᠡᠯᠭᠡᠭᠦᠷ᠎ᠲᠦ ᠢᠷᠡᠵᠦ ᠬᠤᠯᠤᠰᠤᠨ ᠵᠢᠷᠤᠭ᠎ᠤᠨ ᠲᠤᠬᠠᠢ ᠣᠢᠯᠠᠭᠠᠬᠤ᠎ᠳᠤ᠂ ᠪᠢᠳᠡ ᠴᠥᠮ ᠣᠷᠣᠨ ᠨᠤᠲᠤᠭ᠎ᠤᠨ ᠦᠭᠡ ᠬᠡᠯᠡ ᠪᠡᠷ ᠵᠢᠡᠨ ᠶᠠᠷᠢᠳᠠᠭ ᠪᠠᠢᠪᠠ᠂ ᠭᠠᠳᠠᠷ ᠣᠷᠣᠨ᠎ᠤ ᠮᠠᠰᠢ ᠣᠯᠠᠨ ᠵᠢᠭᠤᠯᠴᠢᠯᠠᠭᠰᠠᠳ ᠰᠣᠨᠣᠰᠴᠤ᠌ ᠤᠢᠯᠠᠭᠠᠬᠤ ᠦᠭᠡᠢ ᠪᠤᠯᠬᠤᠷ ᠲᠣᠭᠣᠷᠢᠵᠤ ᠦᠵᠡᠭᠡᠳ ᠯᠡ ᠶᠠᠪᠤᠴᠢᠬᠠᠳᠠᠭ ᠪᠠᠢᠵᠠᠢ᠃ ᠡᠨᠡ ᠬᠡᠳᠦᠨ ᠵᠢᠯ᠎ᠳᠦ ᠪᠢᠳᠡ ᠪᠦᠷ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠵᠢᠡᠷ ᠪᠦᠲᠦᠭᠡᠭ᠌ᠳᠡᠬᠦᠨ ᠵᠢᠡᠨ ᠲᠠᠨᠢᠯᠴᠠᠭᠤᠯᠬᠤ ᠪᠤᠯᠪᠠ᠂ ᠵᠢᠭᠤᠯᠴᠢᠯᠠᠭᠰᠠᠳ ᠲᠠᠨᠢᠯᠴᠠᠭᠤᠯᠭ᠎ᠠ ᠵᠢ ᠰᠣᠨᠣᠰᠤᠭ᠍ᠰᠠᠨ᠎ᠤ ᠳᠠᠷᠠᠭ᠎ᠠ ᠮᠠᠰᠢ ᠣᠯᠠᠨ ᠬᠤᠳᠠᠯᠳᠤᠨ ᠠᠪᠬᠤ ᠪᠤᠯᠪᠠ᠂ ᠢᠯᠠᠩᠭᠤᠶ᠎ᠠ ᠵᠢᠭᠤᠯᠴᠢᠯᠠᠯ᠎ᠤᠨ ᠬᠥᠭ᠌ᠵᠢᠯᠲᠡᠢ ᠤᠯᠠᠷᠢᠯ᠎ᠳᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠦᠢᠯᠡᠳᠦᠯ ᠣᠨᠴᠠᠭᠠᠶ ᠢᠯᠡᠷᠬᠡᠢ ᠪᠠᠢᠵᠤ᠂ ᠬᠤᠯᠤᠰᠤᠨ ᠵᠢᠷᠤᠭ᠎ᠤᠨ ᠪᠣᠷᠤᠯᠠᠭᠤᠯᠭ᠎ᠠ ᠤᠯᠠᠮ ᠠ᠋ᠴᠠ ᠤᠯᠠᠮ ᠰᠠᠢᠨ ᠪᠣᠯᠵᠤ ᠪᠠᠢᠨ᠎ᠠ》 ᠭᠡᠯᠡ᠃
ᠣᠢᠷ᠎ᠠ ᠵᠢᠨ ᠵᠢᠯ᠎ᠳᠤ᠂ ᠪᠠᠶᠠᠨᠨᠠᠭᠤᠷ ᠬᠤᠳᠠ ᠵᠢᠨ ᠤᠷᠠᠳ᠎ᠤᠨ ᠡᠮᠦᠨᠡᠲᠦ ᠬᠣᠱᠢᠭᠤᠨ᠎ᠤ ᠬᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠬᠦ ᠵᠢ ᠡᠳᠦᠷ ᠳᠤᠳᠤᠮ᠎ᠤᠨ ᠠᠵᠢᠯ᠎ᠲᠠᠢ ᠪᠠᠨ ᠨᠢᠭᠲᠠ ᠤᠶᠠᠯᠳᠤᠭᠤᠯᠤᠨ ᠬᠠᠮᠲᠤ ᠪᠠᠷ ᠨᠠᠢᠳᠠᠪᠤᠷᠢᠵᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠬᠡᠷᠡᠭ᠌ᠯᠡᠭᠡᠨ᠎ᠦ ᠲᠦᠪᠱᠢᠨ᠎ᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠡᠨᠡ ᠵᠢᠯ᠂ ᠲᠣᠰ ᠬᠣᠱᠢᠭᠤᠨ᠎ᠤ ᠬᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠦᠪᠱᠢᠨ᠎ᠦ ᠱᠢᠯᠭᠠᠯᠲᠠ ᠵᠢᠨ ᠠᠵᠢᠯ᠎ᠢ ᠡᠬᠢᠯᠡᠭᠦᠯᠵᠦ᠍᠂ ᠪᠥᠬᠥ᠌ ᠬᠣᠱᠢᠭᠤᠨ᠎ᠤ 65 ᠨᠢᠭᠡᠴᠢ᠎ᠵᠢᠨ 200 ᠭᠠᠷᠤᠢ ᠺᠠᠳ᠋ᠷ ᠠᠵᠢᠯᠲᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠪᠠᠷᠢᠮᠵᠢᠶ᠎ᠠ᠎ᠳᠤ ᠬᠦᠷᠦᠭᠦᠯᠬᠦ ᠪᠣᠯᠪᠠᠰᠤᠷᠠᠯ ᠰᠤᠷᠤᠯᠴᠠᠯᠭ᠎ᠠ ᠪᠠ ᠱᠢᠯᠭᠠᠯᠲᠠ ᠵᠢ ᠪᠡᠶᠡᠯᠡᠭᠦᠯᠵᠡᠢ ᠃
ᠲᠤᠰ ᠬᠣᠱᠢᠭᠤ 《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ᠂ ᠳᠦᠷᠢᠮᠵᠢᠭ᠌ᠰᠡᠨ ᠦᠰᠦᠭ᠎ᠢ ᠰᠠᠢᠲᠤᠷ ᠪᠢᠴᠢᠬᠦ᠎ᠳᠦ ᠪᠠᠭ᠎ᠠ ᠡᠴᠡ ᠨᠢ ᠡᠬᠢᠯᠡᠨ ᠠᠳᠭᠤᠬᠤ》 ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠮᠠᠷᠠᠯᠲᠠ ᠵᠢᠨ ᠬᠤᠭᠤᠴᠠᠭᠠᠨ᠎ᠤ ᠨᠠᠢᠳᠠᠨ ᠬᠠᠮᠢᠶᠠᠷᠤᠭᠤᠯᠬᠤ ᠠᠩᠭᠢ᠎ᠳᠤ ᠲᠦᠱᠢᠭ᠌ᠯᠡᠨ᠂ ᠣᠶᠤᠲᠠᠨ ᠰᠠᠢᠨ ᠳᠤᠷᠠᠴᠤᠳ᠎ᠢ ᠡᠯᠰᠡᠵᠦ᠍ ᠨᠠᠢᠳᠠᠨ ᠬᠠᠮᠢᠶᠠᠷᠤᠭᠤᠯᠬᠤ ᠠᠩᠭᠢ ᠵᠢᠨ ᠰᠤᠷᠤᠭᠴᠢᠳ᠎ᠢ ᠳᠠᠭᠠᠭᠤᠯᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠤᠩᠰᠢᠯᠭ᠎ᠠ᠂ ᠥᠯᠢᠭᠡᠷ ᠶᠠᠷᠢᠬᠤ᠂ ᠴᠡᠴᠡ ᠪᠤᠯᠢᠶᠠᠯᠳᠤᠬᠤ ᠵᠡᠷᠭᠡ ᠤᠷᠤᠯᠳᠤᠭᠠᠨ᠎ᠢ ᠥᠷᠨᠢᠭᠦᠯᠬᠦ᠎ᠵᠢᠨ ᠬᠠᠮᠲᠤ ᠬᠢᠯᠪᠠᠷ ᠣᠢᠯᠠᠭᠠᠮᠵᠢᠲᠠᠢ ᠠᠷᠭ᠎ᠠ ᠬᠡᠯᠪᠡᠷᠢ ᠪᠡᠷ ᠬᠡᠦᠬᠡᠳ᠎ᠲᠦ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠭᠡᠭᠴᠢ ᠶᠠᠮᠠᠷ ᠪᠠᠢᠬᠤ ᠵᠢᠴᠢ ᠳᠡᠯᠭᠡᠷᠡᠭᠦᠯᠬᠦ᠌ ᠠᠴᠢ ᠬᠣᠯᠪᠣᠭ᠍ᠳᠠᠯ᠎ᠢ ᠲᠠᠨᠢᠯᠴᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠵᠢᠷᠤᠮᠵᠢᠭᠤᠯᠤᠨ ᠬᠡᠷᠡᠭ᠌ᠯᠡᠬᠦ ᠵᠢ ᠬᠡᠦᠬᠡᠳ᠎ᠦᠨ ᠣᠶᠤᠨ ᠰᠠᠨᠠᠭᠠᠨ᠎ᠳᠤ ᠬᠠᠳᠠᠩᠱᠢᠭᠤᠯᠪᠠ᠃ 《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠌ ᠠᠵᠢᠯᠯᠠᠭ᠎ᠠ᠎ᠳᠤ ᠣᠷᠣᠯᠴᠠᠭ᠍ᠰᠠᠨ᠎ᠠᠴᠠ ᠨᠠᠭᠠᠰᠢ ᠬᠡᠦᠬᠡᠳ ᠦᠨᠳᠦᠰᠦᠨ᠎ᠳᠡᠭᠡᠨ〈ᠨᠤᠲᠤᠭ᠎ᠤᠨ ᠦᠭᠡ〉 ᠪᠡᠷ ᠶᠠᠷᠢᠬᠤ᠎ᠪᠠᠨ ᠪᠣᠯᠢᠪᠠ》 ᠭᠡᠵᠦ᠍ ᠨᠠᠢᠳᠠᠨ ᠬᠠᠮᠢᠶᠠᠷᠤᠭᠤᠯᠬᠤ ᠠᠩᠭᠢ ᠵᠢᠨ ᠰᠤᠷᠤᠭᠴᠢ ᠵᠢᠨ ᠭᠡᠷ᠎ᠦᠨ ᠠᠬᠠᠮᠠᠳ ᠵᠣᠣ ᠵᠢᠩ ᠶᠠᠷᠢᠨ᠎ᠠ ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠦᠷᠢᠮᠵᠢᠭᠦᠯᠦᠨ ᠬᠡᠷᠡᠭ᠌ᠯᠡᠬᠦ᠌ ᠲᠦᠪᠱᠢᠨ᠎ᠢ ᠤᠯᠠᠮ ᠳᠡᠭᠡᠭ᠌ᠰᠢᠯᠡᠭᠦᠯᠬᠦ ᠵᠢᠨ ᠲᠥᠯᠥᠭᠡ᠂ ᠬᠣᠱᠢᠭᠤᠨ᠎ᠤ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ᠎ᠦᠨ ᠠᠯᠪᠠᠨ ᠭᠡᠷ ᠣᠯᠠᠨ ᠨᠢᠭᠡᠴᠢ ᠪᠠ ᠰᠠᠯᠠᠭ᠎ᠠ ᠮᠥᠴᠢᠷ᠎ᠲᠠᠢ ᠬᠣᠯᠪᠤᠭᠠᠯᠠᠨ᠂ ᠪᠥᠬᠥ᠌ ᠬᠣᠱᠢᠭᠤᠨ᠎ᠤ ᠨᠠᠮ ᠵᠠᠰᠠᠭ᠎ᠤᠨ ᠪᠠᠢᠭᠤᠯᠭ᠎ᠠ᠂ ᠭᠣᠣᠯ ᠵᠡᠭᠡᠯᠢ ᠭᠤᠳᠤᠮᠵᠢ᠂ ᠬᠤᠳᠠᠯᠳᠤᠭᠠᠨ᠎ᠤ ᠲᠠᠯᠠᠪᠤᠷ ᠲᠡᠷᠭᠡᠨ ᠥᠷᠲᠡᠭᠡ ᠵᠡᠷᠭᠡ ᠲᠠᠯᠠᠪᠤᠷ᠎ᠲᠤ ᠭᠦᠨᠵᠡᠭᠡᠢᠷᠡᠵᠦ᠍᠂ ᠵᠢᠭᠠᠯᠲᠠ᠎ᠵᠢᠨ ᠫᠠᠢᠰᠠ᠂ ᠵᠠᠷ᠎ᠤᠨ ᠫᠠᠢᠰᠠ᠂ ᠰᠠᠨᠠᠭᠤᠯᠤᠮᠵᠢ᠎ᠵᠢᠨ ᠦᠭᠡ᠂ ᠤᠬᠠᠭᠤᠯᠭ᠎ᠠ᠎ᠵᠢᠨ ᠤᠷᠢᠶ᠎ᠠ ᠵᠡᠷᠭᠡ᠎ᠵᠢ ᠬᠠᠮᠲᠤᠷᠠᠨ ᠪᠠᠢᠴᠠᠭᠠᠵᠤ᠂ ᠢᠯᠡᠷᠡᠭᠦᠯᠦᠭᠰᠡᠨ ᠠᠰᠠᠭᠤᠳᠠᠯ᠎ᠳᠤ ᠲᠤᠬᠠᠢ ᠵᠢᠨ ᠲᠠᠯᠠᠪᠤᠷ᠎ᠲᠤ ᠴᠡᠭ᠌ᠴᠡᠯᠡᠨ ᠰᠠᠢᠵᠢᠷᠠᠭᠤᠯᠬᠤ ᠮᠡᠳᠡᠭ᠌ᠳᠡᠯ ᠪᠠᠭᠤᠯᠭᠠᠪᠠ᠃
ᠡᠭᠦᠨ᠎ᠦ ᠬᠠᠮᠲᠤ᠂ ᠲᠣᠰ ᠬᠣᠱᠢᠭᠤᠨ᠎ᠤ ᠬᠢᠨ ᠦᠨᠳᠦᠰᠦᠨ ᠱᠠᠲᠤᠨ᠎ᠳᠤ ᠭᠦᠨᠵᠡᠭᠡᠢᠷᠡᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ᠌ ᠱᠢᠨ᠎ᠡ ᠵᠠᠭ᠍ᠪᠤᠷ᠎ᠢ ᠢᠳᠡᠪᠬᠢᠲᠡᠢ ᠬᠠᠢᠨ ᠰᠦᠪᠡᠭ᠌ᠴᠢᠯᠡᠵᠦ᠍᠂ ᠡᠯ᠎ᠡ ᠲᠠᠯᠠᠪᠤᠷ ᠭᠠᠵᠠᠷ᠎ᠤᠨ ᠲᠠᠢᠯᠪᠤᠷᠢᠯᠠᠨ ᠶᠠᠷᠢᠬᠴᠢ ᠵᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃ 《ᠡᠨᠡ ᠵᠢᠯ᠂ ᠮᠠᠨ᠎ᠤ ᠬᠣᠱᠢᠭᠤᠨ᠎ᠳᠤ ᠢᠷᠡᠭ᠌ᠰᠡᠨ ᠵᠢᠭᠤᠯᠴᠢᠯᠠᠭᠰᠠᠳ᠎ᠤᠨ ᠲᠣᠭ᠎ᠠ ᠶᠡᠬᠡᠪᠡᠷ ᠨᠡᠮᠡᠭ᠌ᠳᠡᠵᠦ᠍᠂ 〈ᠬᠣᠣᠰ ᠪᠠᠶᠠᠷ〉 ᠤ᠋ᠨ ᠠᠮᠠᠷᠠᠯᠲᠠ ᠵᠢᠨ ᠬᠤᠭᠤᠴᠠᠭᠠᠨ᠎ᠳᠤ ᠪᠥᠬᠥ᠌ ᠬᠣᠱᠢᠭᠤ ᠪᠡᠷ ᠵᠢᠡᠨ ᠵᠢᠭᠤᠯᠴᠢᠯᠠᠭᠰᠠᠳ᠎ᠢ 61559 ᠬᠥᠮᠥᠨ ᠤᠳᠠᠭ᠎ᠠ ᠭᠥᠯᠢᠶᠡᠨ ᠠᠪᠴᠠᠢ᠃ ᠡᠨᠡ ᠨᠢ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 123.85% ᠪᠡᠷ ᠨᠡᠮᠡᠭ᠌ᠳᠡᠨ᠂ ᠪᠥᠬᠥ᠌ ᠬᠣᠱᠢᠭᠤᠨ᠎ᠤ ᠵᠢᠭᠤᠯᠴᠢᠯᠠᠯ᠎ᠤᠨ ᠣᠷᠣᠯᠭ᠎ᠠ 2866.55 ᠲᠦᠮᠡᠨ ᠲᠥᠭᠥᠷᠢᠭ ᠲᠸ᠋ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 244.12% ᠵᠢᠡᠷ ᠨᠡᠮᠡᠭ᠌ᠳᠡᠵᠡᠢ᠃ ᠡᠭᠦᠨ᠎ᠳᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠯᠤᠲᠤ ᠶᠡᠬᠡ ᠦᠢᠯᠡᠳᠦᠯ ᠦᠵᠡᠭᠦᠯᠵᠦ᠍᠂ ᠵᠢᠭᠤᠯᠴᠢᠯᠠᠭᠰᠠᠳ᠎ᠤᠨ ᠤᠷᠠᠳ᠎ᠤᠨ ᠡᠮᠦᠨᠡᠲᠦ ᠬᠣᠱᠢᠭᠤᠨ᠎ᠤ ᠲᠤᠬᠠᠢ ᠰᠠᠭᠤᠭ᠍ᠳᠠᠯ᠎ᠢ ᠨᠠᠩ ᠭᠦᠨᠵᠡᠭᠡᠢ ᠪᠣᠯᠭᠠᠵᠠᠢ》 ᠭᠡᠵᠦ ᠬᠣᠱᠢᠭᠤᠨ᠎ᠤ ᠰᠣᠶᠣᠯ ᠪᠡᠶ᠎ᠡ᠎ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠤᠪᠴᠢᠶ᠎ᠠ ᠵᠢᠨ ᠳᠠᠷᠤᠭ᠎ᠠ ᠯᠢᠦ ᠵᠢᠶᠠ ᠶᠦᠨ ᠲᠠᠨᠢᠯᠴᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃