ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-01-04 10:55:25

ᠵᠣᠬᠢᠶᠠᠭ᠍ᠴᠢ᠄ ᠪᠠᠶᠠᠰᠭᠤᠯᠠᠩ ᠣᠩᠱᠢᠭ᠍ᠰᠠᠨ ᠣᠳᠠᠭ᠎ᠠ᠄ 3

ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ ᠲᠠᠯ᠎ᠠ ᠪᠡᠷ ᠲᠡᠯᠭᠡᠷᠡᠬᠦᠯᠦᠨ ᠰᠠᠢᠳᠤᠷ ᠬᠡᠷᠡᠭ᠌ᠯᠡᠬᠦ᠌᠎ᠵᠢᠨ ᠲᠥᠯᠥᠭᠡ᠂ ᠱᠢᠯᠢ᠎ᠶ᠋ᠢᠨ ᠭᠣᠸ᠋ᠯ ᠠᠢᠮᠠᠭ ᠪᠠᠭ᠍ᠰᠢ᠎ᠶ᠋ᠢᠨ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠶ ᠲᠥᠯᠥᠪᠯᠡᠨ ᠲᠤᠬᠢᠷᠠᠭᠤᠯᠵᠤ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ᠂ ᠤᠸ᠋ᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ᠎ᠳᠤ ᠪᠠᠭ᠍ᠰᠢ᠎ᠶ᠋ᠢᠨ ᠡᠩᠨᠡᠭᠡ ᠵᠢᠨ ᠪᠠᠲᠤᠯᠠᠭ᠎ᠠ ᠬᠠᠩᠭᠠᠵᠤ ᠪᠠᠢᠨ᠎ᠠ ᠃

ᠡᠦ ᠱᠢᠤᠸᠠᠢ ᠬᠤᠢ ᠪᠣᠯ ᠱᠢᠯᠤᠭᠤᠨ ᠬᠦᠬᠡ ᠬᠣᠱᠢᠭᠤᠨ᠎ᠤ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠲᠠᠪᠤᠳᠤᠭᠠᠷ ᠣᠨ᠎ᠤ ᠬᠡᠯᠡ ᠪᠢᠴᠢᠭ᠎ᠦᠨ ᠪᠠᠭ᠍ᠰᠢ ᠮᠦᠨ᠃ ᠲᠡᠷᠡ ᠬᠣᠶᠠᠷ ᠠᠩᠬᠢ᠎ᠶ᠋ᠢᠨ ᠬᠡᠯᠡ ᠪᠢᠴᠢᠭ᠎ᠦᠨ ᠬᠢᠴᠢᠶᠡᠯ᠎ᠢ ᠵᠢᠭᠠᠳᠠᠭ ᠪᠦᠭᠡᠳ ᠬᠢᠴᠢᠶᠡᠯ ᠵᠢᠭᠠᠬᠤ ᠬᠡᠪ ᠨᠠᠮᠪᠠ ᠨᠢ ᠥᠪᠡᠷᠮᠢᠴᠡ᠂ ᠱᠣᠭ ᠶᠦᠮᠦᠷᠯᠢᠭ ᠪᠣᠯᠬᠣᠷ ᠲᠡᠭᠦᠨ᠎ᠦ ᠬᠢᠴᠢᠶᠡᠯ ᠨᠢ ᠰᠤᠷᠤᠭ᠍ᠴᠢᠳ᠎ᠤᠨ ᠳᠤᠷ᠎ᠠ ᠪᠠᠬ᠎ᠠ᠎ᠶ᠋ᠢ ᠶᠡᠬᠡᠳᠡ ᠲᠠᠲᠠᠳᠠᠭ ᠪᠠᠢᠯ᠎ᠠ᠃

ᠰᠤᠷᠤᠭ᠍ᠴᠢ ᠴᠡᠯᠮᠡᠭ᠄ 《ᠡᠦ ᠪᠠᠭ᠍ᠰᠢ ᠬᠢᠴᠢᠶᠡᠯ᠎ᠢ ᠮᠠᠰᠢ ᠠᠮᠢᠳᠤᠯᠢᠭ ᠰᠠᠢᠬᠠᠨ ᠵᠢᠭᠠᠳᠠᠭ ᠪᠤᠯᠬᠤᠷ ᠬᠡᠯᠡ ᠪᠢᠴᠢᠭ᠎ᠦᠨ ᠨᠣᠮ ᠶᠡᠷᠦ ᠨᠢ ᠰᠦᠭ ᠰᠦᠨᠡᠰᠦ᠎ᠲᠡᠶ ᠰᠢᠤᠬᠠᠨ ᠰᠠᠨᠠᠬᠳᠠᠳᠠᠬ ᠶᠤᠮ》 ᠭᠡᠵᠦ ᠶᠠᠷᠢᠵᠤ ᠪᠠᠢᠯ᠎ᠠ᠃ 2022 ᠣᠨ᠎ᠤ 10 ᠰᠠᠷ᠎ᠠ᠎ᠳᠤ ᠂ ᠦ᠋ ᠱᠢᠤᠸᠠᠢ ᠬᠤᠢ ᠱᠢᠯᠤᠭᠤᠨ ᠬᠦᠬᠡ ᠬᠣᠱᠢᠭᠤᠨ᠎ᠤ ᠨᠢᠭᠡᠳᠦᠭᠡᠷ ᠪᠠᠭ᠎ᠠ ᠰᠤᠷᠭᠠᠭᠤᠯᠢ᠎ᠳᠤ ᠢᠷᠡᠵᠦ ᠪᠠᠭ᠍ᠰᠢᠯᠠᠨ᠂ ᠪᠤᠰᠤᠳ ᠬᠡᠯᠡ ᠪᠢᠴᠢᠭ᠎ᠦᠨ ᠳᠤᠭᠤᠢᠯᠠᠩ᠎ᠤᠨ ᠪᠠᠭ᠍ᠰᠢ᠎ᠨᠠᠷ᠎ᠲᠠᠶ ᠬᠠᠮᠲᠤ ᠪᠠᠭ᠎ᠠ ᠰᠤᠷᠭᠠᠭᠤᠯᠢ᠎ᠶ᠋ᠢᠨ ᠬᠡᠯᠡ ᠪᠢᠴᠢᠭ᠎ᠦᠨ ᠬᠢᠴᠢᠶᠡᠯ ᠲᠦᠷᠦᠯ᠎ᠦᠨ ᠵᠢᠭᠠᠨ ᠰᠤᠷᠭᠠᠯᠲᠠ᠎ᠶ᠋ᠢᠨ ᠬᠦᠨᠳᠦ ᠡᠭᠦᠷᠭᠡ᠎ᠶ᠋ᠢ ᠡᠭᠦᠷᠭᠡᠯᠡᠵᠠᠢ᠃ ᠬᠡᠰᠡᠭ ᠳᠣᠣᠷ᠎ᠠ ᠣᠨ᠎ᠤ ᠰᠤᠷᠤᠭ᠍ᠴᠢᠳ᠎ᠤᠨ ᠬᠢᠴᠢᠶᠡᠯ᠎ᠦᠨ ᠠᠭᠤᠯᠭ᠎ᠠ ᠎ᠶ᠋ᠢ ᠣᠢᠯᠠᠭᠠᠬᠤ᠎ᠳᠤ ᠬᠦᠴᠢᠷᠲᠡᠶ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠬᠡᠯᠡ ᠪᠢᠴᠢᠭ᠎ᠦᠨ ᠳᠤᠭᠤᠢᠯᠠᠩ᠎ᠤᠨ ᠪᠠᠭ᠍ᠰᠢ᠎ᠨᠠᠷ ᠭᠠᠷᠠᠭ ᠪᠦᠷᠢ ᠨᠢᠭᠡ ᠤᠳᠠᠭᠠᠨ᠎ᠤ 《ᠪᠠᠭ᠍ᠰᠢ ᠰᠤᠷᠤᠭ᠍ᠴᠢᠳ ᠬᠠᠮᠲᠤ᠎ᠪᠠᠷ ᠨᠣᠮ ᠤᠩᠱᠢᠬᠤ》 ᠲᠤᠰᠭᠠᠶ ᠰᠡᠳᠦᠪᠲᠦ ᠤᠩᠱᠢᠯᠭ᠎ᠠ ᠶ᠋ᠢᠨ ᠬᠢᠴᠢᠶᠡᠯ ᠨᠡᠭᠡᠭᠡᠵᠦ᠍᠂ ᠤᠯᠠᠮᠵᠢᠯᠠᠯᠲᠤ ᠰᠣᠶᠣᠯ ᠎ᠢ ᠨᠡᠩ ᠪᠦᠬᠦ ᠲᠠᠯ᠎ᠠ ᠪᠡᠷ᠂ ᠰᠣᠨᠢᠷᠬᠠᠯ ᠲᠠᠶ᠎ᠪᠠᠷ ᠰᠤᠷᠤᠭ᠍ᠴᠢᠳ᠎ᠲᠤ ᠦᠵᠡᠭᠦᠯᠵᠦ᠍ ᠤᠢᠯᠠᠭᠠᠭᠤᠯᠤᠨ᠎ᠠ᠃

ᠦ᠋ ᠱᠢᠤᠸᠠᠢ ᠬᠣᠶ᠄ 《ᠬᠡᠯᠡ ᠪᠢᠴᠢᠭ᠎ᠦᠨ ᠳᠤᠭᠤᠢᠯᠠᠩ᠎ᠤᠨ ᠪᠠᠭ᠍ᠰᠢ᠎ᠨᠠᠷ ᠴᠥᠮ ᠬᠠᠮᠲᠤ᠎ᠪᠠᠷ ᠬᠢᠴᠢᠶᠡᠯ ᠪᠡᠯᠡᠳᠭᠡᠳᠡᠭ᠂ ᠲᠤᠷᠱᠢᠯᠭ᠎ᠠ᠎ᠲᠠᠶ ᠪᠠᠭ᠍ᠰᠢ᠎ᠨᠠᠷ ᠡᠴᠡ ᠪᠢᠳᠡᠨ᠎ᠳᠦ ᠵᠢᠭᠠᠨ ᠰᠤᠷᠭᠠᠯᠲᠠ᠎ᠶ᠋ᠢᠨ ᠲᠤᠷᠱᠢᠯᠭ᠎ᠠ ᠪᠠᠨ ᠵᠢᠭᠠᠵᠤ ᠥᠭᠳᠡᠭ ᠪᠥᠭᠡᠤᠨ ᠪᠢᠳᠡ ᠰᠠᠨᠠᠭᠠᠴᠢᠯᠠᠭ᠎ᠠ᠎ᠠᠴᠠ᠎ᠪᠠᠨ ᠰᠣᠷᠣᠭ᠍ᠴᠢ᠎ᠶ᠋ᠢ ᠣᠢᠯᠠᠭᠠᠵᠤ᠂ ᠰᠣᠷᠣᠭ᠍ᠴᠢ᠎ᠶ᠋ᠢ ᠬᠠᠯᠠᠮᠵᠢᠯᠠᠳᠠᠭ᠂ ᠡᠭᠦᠨ᠎ᠦ ᠬᠠᠮᠲᠤ ᠪᠠᠰᠠ ᠬᠠᠨᠳᠤᠯᠭᠠᠲᠤ ᠴᠢᠨᠠᠷᠲᠠᠶ᠎ᠪᠠᠷ ᠣᠨᠴᠠ ᠵᠠᠷᠢᠮ ᠰᠣᠷᠣᠭ᠍ᠴᠢ᠎ᠳᠤ ᠲᠤᠰᠭᠠᠶ ᠵᠢᠯᠣᠭᠣᠳᠣᠯᠭ᠎ᠠ ᠬᠢᠳᠡᠭ᠃ ᠠᠷᠠᠳ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢᠳᠡ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠠᠭᠤᠯᠭ᠎ᠠ᠎ᠶ᠋ᠢ ᠨᠠᠩ ᠰᠠᠢᠲᠤᠷ ᠡᠵᠡᠮᠱᠢᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠰᠤᠷᠭᠠᠨ ᠬᠥᠮᠦᠵᠢᠯ᠎ᠦᠨ ᠠᠵᠢᠯ᠎ᠳᠤ ᠬᠤᠪᠢ ᠨᠡᠮᠡᠷᠢ᠎ᠪᠡᠨ ᠦᠵᠡᠭᠦᠯᠦᠨ᠎ᠡ》 ᠭᠡᠪᠡ᠃

ᠣᠢᠷ᠎ᠠ᠎ᠶ᠋ᠢᠨ ᠵᠢᠯ᠎ᠦᠳ᠎ᠲᠦ ᠱᠢᠯᠢ᠎ᠶ᠋ᠢᠨ ᠭᠣᠸ᠋ᠯ ᠠᠢᠮᠠᠭ ᠪᠠᠭ᠍ᠰᠢ᠎ᠶ᠋ᠢᠨ ᠶᠡᠷᠦᠩᠬᠡᠢᠯᠡᠭ᠌ᠰᠡᠨ ᠬᠡᠪ ᠪᠣᠯᠪᠠᠰᠤᠷᠠᠯ᠎ᠢ ᠲᠡᠭᠡᠭᠰᠢᠯᠡᠬᠦᠯᠬᠦ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠬᠢᠴᠢᠶᠡᠯ᠎ᠦᠨ ᠪᠠᠷᠢᠮᠵᠢᠶ᠎ᠠ᠎ᠶ᠋ᠢᠨ ᠵᠢᠭᠠᠬᠤ ᠮᠠᠲ᠋ᠧᠷᠢᠶᠠᠯ᠎ᠤᠨ ᠲᠠᠢᠯᠤᠮᠵᠢ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶ᠋ᠢᠨ ᠲᠥᠯᠥᠪᠯᠡᠭᠡ ᠪᠠ ᠬᠡᠷᠡᠭ᠌ᠵᠢᠭᠦᠯᠦᠯᠲᠡ᠎ᠪᠡᠷ ᠭᠣᠸ᠋ᠯᠳᠠᠯᠭ᠎ᠠ ᠪᠣᠯᠭᠠᠵᠤ᠂ ᠪᠠᠭ᠍ᠰᠢ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠬᠡᠷᠡᠭ᠌ᠯᠡᠭᠡᠨ᠎ᠦ ᠴᠢᠳᠠᠪᠤᠷᠢ ᠪᠠ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠡᠩ᠎ᠦᠨ ᠰᠤᠷᠭᠠᠭᠤᠯᠢ ᠬᠢᠭᠡᠳ ᠤᠸ᠋ᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠶ᠋ᠢᠨ ᠬᠠᠮᠵᠢᠯᠴᠠᠨ ᠬᠠᠮᠲᠤ᠎ᠪᠠᠷ ᠪᠠᠢᠭᠤᠯᠬᠤ᠎ᠶ᠋ᠢ ᠭᠦᠨᠵᠡᠭᠡᠢᠷᠡᠭᠦᠯᠵᠦ᠍᠂ ᠪᠠᠭ᠍ᠰᠢ᠎ᠶ᠋ᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠶ ᠲᠥᠯᠥᠪᠯᠡᠨ᠂ ᠰᠦᠯᠵᠢᠶᠡᠨ ᠭᠠᠳᠠᠨ᠎ᠠ ᠲᠤᠰᠭᠠᠶ ᠮᠡᠷᠭᠡᠵᠢᠯ᠎ᠦᠨ ᠬᠢᠴᠢᠶᠡᠯ᠎ᠤᠷᠤᠬᠤ ᠂ ᠰᠦᠯᠵᠢᠶᠡᠨ ᠳᠡᠭᠡᠷ᠎ᠡ ᠲᠣᠭ᠍ᠲᠠᠮᠠᠯ ᠪᠤᠰᠤ ᠬᠤᠭᠤᠴᠠᠭ᠎ᠠ᠎ᠲᠠᠶ ᠪᠡᠷ ᠣᠯᠠᠨ ᠶᠠᠩᠵᠤ ᠬᠡᠯᠪᠡᠷᠢ᠎ᠶ᠋ᠢᠨ ᠲᠤᠰᠭᠠᠶ ᠰᠡᠳᠦᠪᠲᠦ ᠰᠤᠳᠤᠯᠤᠨ ᠰᠤᠷᠤᠯᠴᠠᠬᠤ ᠪᠣᠯᠪᠠᠰᠤᠷᠠᠯ ᠥᠷᠨᠢᠭᠦᠯᠬᠦ᠌᠎ᠪᠡᠷ ᠳᠠᠮᠵᠢᠭᠤᠯᠤᠨ᠂ ᠪᠠᠭ᠍ᠰᠢ᠎ᠨᠠᠷ᠎ᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠨᠠᠩ ᠰᠠᠢᠨ ᠤᠢᠯᠠᠭᠠᠨ ᠬᠡᠷᠡᠭ᠌ᠯᠡᠬᠦ ᠳ᠋ᠤ ᠬᠠᠪᠰᠤᠷᠤᠮᠵᠢ ᠦᠵᠡᠬᠦᠯᠵᠦ᠂ ᠤᠸ᠋ᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ ᠪᠠᠢᠭᠰᠠᠨ ᠰᠤᠷᠭᠠᠭᠤᠯᠢ᠎ᠵᠢᠨ ᠪᠠᠭ᠍ᠰᠢ᠎ᠶ᠋ᠢᠨ ᠡᠩᠨᠡᠭᠡ ᠵᠢᠨ ᠠᠵᠢᠯ᠎ᠢ ᠰᠠᠢᠲᠤᠷ ᠬᠢᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面