ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2023-12-01 11:15:21

ᠵᠣᠬᠢᠶᠠᠭ᠍ᠴᠢ᠄ ᠱᠢᠶᠤᠤ ᠯᠦ᠍ ᠣᠩᠱᠢᠭ᠍ᠰᠠᠨ ᠣᠳᠠᠭ᠎ᠠ᠄ 3

《ᠲᠠᠪᠢᠨ ᠵᠢᠷᠭᠤᠭᠠᠨ ᠦᠨᠳᠦᠰᠦᠲᠡᠨ᠂ ᠲᠠᠪᠢᠨ ᠵᠢᠷᠭᠤᠭᠠᠨ ᠪᠤᠳᠠ ᠴᠡᠴᠡᠭ᠂ ᠲᠠᠪᠢᠨ ᠵᠢᠷᠭᠤᠭᠠᠨ ᠦᠨᠳᠦᠰᠦᠲᠡᠨ᠎ᠤ ᠠᠬ᠎ᠠ ᠡᠭᠡᠴᠢ ᠳᠡᠭᠦᠦ ᠪᠣᠯ ᠨᠢᠭᠡ ᠭᠡᠷ ᠪᠦᠯᠢ ᠁》ᠤᠯᠠᠭᠠᠨᠬᠠᠳᠠ ᠬᠤᠳᠠ᠎ᠶ᠋ᠢᠨ ᠯᠢᠨᠰᠢ ᠱᠢᠶᠠᠨ᠎ᠤ ᠨᠢᠭᠡᠳᠦᠭᠡᠷ ᠪᠠᠭ᠎ᠠ ᠰᠤᠷᠭᠠᠭᠤᠯᠢ᠎ᠶ᠋ᠢᠨ ᠰᠢ ᠼᠠᠢ ᠫᠢᠩ ᠪᠠᠭ᠍ᠰᠢ᠎ᠶ᠋ᠢᠨ ᠵᠢᠭᠠᠵᠦ ᠪᠠᠢᠭ᠎ᠠ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ ᠪᠦᠯᠢ》 ᠭᠡᠬᠦ᠌ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ ᠳᠡᠭᠡᠷ᠎ᠡ ᠰᠤᠷᠤᠭ᠍ᠴᠢᠳ ᠤᠶᠠᠩᠭᠠᠳᠤ ᠰᠠᠢᠬᠠᠨ ᠠᠶ᠎ᠠ ᠳᠠᠭᠤᠤ᠎ᠪᠠᠷ ᠦᠨᠳᠦᠰᠦᠲᠡᠨ᠎ᠦ ᠪᠦᠯᠬᠦᠮᠳᠡᠯ᠎ᠦᠨ ᠲᠠᠭᠤᠨ᠎ᠢ ᠬᠠᠩᠭᠢᠨᠠᠭᠤᠯᠦᠨ᠎ᠠ᠃

《ᠲᠤᠰ ᠤᠳᠠᠭ᠎ᠠ᠎ᠶ᠋ᠢᠨ 〈ᠦᠨᠳᠦᠰᠦᠲᠡᠨ ᠨᠤᠭᠦᠳ ᠪᠦᠯᠬᠦᠮᠳᠡᠨ ᠨᠢᠭᠡ ᠭᠡᠷ᠎ᠦᠨ ᠬᠥᠮᠦᠨ ᠮᠡᠲᠦ ᠳᠣᠲᠣᠨᠣ ᠪᠠᠢᠵᠤ᠂ ᠬᠠᠮᠲᠤ᠎ᠪᠠᠷ ᠨᠢᠭᠡ ᠲᠠᠩᠬᠢᠮ᠎ᠳᠤ ᠴᠤᠭᠯᠠᠷᠠᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ ᠣᠷᠣᠬᠤ〉 ᠭᠣᠣᠯ ᠰᠡᠳᠦᠪᠲᠦ ᠵᠢᠭᠠᠨ ᠰᠤᠷᠭᠠᠯᠲᠠ᠎ᠶ᠋ᠢᠨ ᠦᠵᠡᠭᠦᠯᠭᠡ ᠵᠢᠴᠢ ᠰᠤᠳᠤᠯᠤᠨ ᠶᠠᠷᠢᠯᠴᠠᠬᠤ ᠠᠵᠢᠯᠯᠠᠭ᠎ᠠ᠎ᠳᠤ ᠪᠦᠬᠦ᠌ ᠱᠢᠶᠠᠨ᠎ᠤ 17 ᠳᠤᠮᠳᠠᠳᠤ ᠪᠠᠭ᠎ᠠ ᠰᠤᠷᠭᠠᠭᠤᠯᠢ᠎ᠶ᠋ᠢᠨ 70 ᠭᠠᠷᠤᠢ ᠪᠠᠭ᠍ᠰᠢ ᠣᠷᠣᠯᠴᠠᠵᠤ᠂ ᠦᠷ᠎ᠡ ᠪᠦᠲᠦᠮᠵᠢ ᠮᠠᠰᠢ ᠰᠠᠢ᠌ᠨ ᠪᠠᠢᠨ᠎ᠠ》 ᠭᠡᠵᠦ᠍ ᠯᠢᠨᠰᠢ ᠱᠢᠶᠠᠨ᠎ᠤ ᠰᠤᠷᠭᠠᠨ ᠬᠥᠮᠦᠵᠢᠯ᠎ᠦᠨ ᠨᠠᠮ᠎ᠤᠨ ᠠᠵᠢᠯᠯᠠᠬᠤ ᠬᠣᠷᠢᠢ᠎ᠠ᠎ᠶ᠋ᠢᠨ ᠭᠡᠱᠢᠭᠦᠨ ᠸᠧᠢ ᠳ᠋ᠦᠩ ᠮᠢᠩ ᠲᠠᠨᠢᠯᠴᠠᠭᠤᠯᠪᠠ᠃

《ᠠᠷᠠᠳᠴᠢᠯᠠᠯ ᠪᠦᠯᠬᠦᠮᠳᠡᠯ》ᠤ᠋ᠨ ᠭᠣᠣᠯ ᠬᠢᠴᠢᠶᠡᠯ᠎ᠦᠨ ᠲᠠᠩᠬᠢᠮ ᠪᠣᠯ ᠯᠢᠨᠰᠢ ᠱᠢᠶᠠᠨ᠎ᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠬᠢᠭᠤᠯᠬᠤ᠎ᠪᠠᠷ ᠬᠠᠷᠠᠯᠲᠠ ᠪᠣᠯᠭᠠᠭ᠍ᠰᠠᠨ 《ᠭᠤᠷᠪᠠᠨ ᠬᠢᠴᠢᠶᠡᠯ᠎ᠦᠨ ᠲᠠᠩᠬᠢᠮ》 ᠤ᠋ᠨ ᠨᠢᠭᠡ ᠪᠣᠯᠤᠨ᠎ᠠ᠃ ᠲᠤᠰ ᠱᠢᠶᠠᠨ᠎ᠤ ᠬᠢᠨ 《ᠠᠷᠠᠳᠴᠢᠯᠠᠯ ᠪᠦᠯᠬᠦᠮᠳᠡᠯ》 ᠤ᠋ᠨ ᠭᠣᠣᠯ ᠬᠢᠴᠢᠶᠡᠯ᠎ᠦᠨ ᠲᠠᠩᠬᠢᠮ᠎ᠢᠶᠠᠷ ᠳᠠᠮᠵᠢᠭᠤᠯᠤᠨ ᠰᠦᠭ ᠰᠦᠨᠡᠰᠦ᠎ᠶ᠋ᠢ ᠱᠤᠭᠤᠵᠤ᠂ 《ᠤᠯᠠᠮᠵᠢᠯᠠᠯᠲᠤ ᠰᠣᠶᠣᠯ》 ᠎ᠤ᠋ᠨ ᠶᠡᠬᠡ ᠬᠢᠴᠢᠶᠡᠯ᠎ᠦᠨ ᠲᠠᠩᠬᠢᠮ᠎ᠶ᠋ᠢᠡᠷ ᠤᠶᠤᠨ ᠤᠬᠠᠭᠠᠨ᠎ᠢ ᠰᠡᠩᠬᠡᠷᠡᠭᠦᠯᠵᠦ᠍ ᠂ 《ᠰᠣᠯᠢᠯᠴᠠᠵᠤ ᠰᠤᠳᠤᠯᠤᠨ ᠰᠤᠷᠤᠯᠴᠠᠬᠤ》 ᠬᠤᠪᠢᠶᠠᠷᠢ ᠬᠢᠴᠢᠶᠡᠯ᠎ᠦᠨ ᠲᠠᠩᠬᠢᠮ ᠵᠢᠡᠷ ᠬᠠᠷᠢᠯᠴᠠᠨ ᠲᠤᠯᠢᠳᠠᠵᠤ ᠬᠠᠷᠢᠯᠴᠠᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠤ ᠪᠤᠢ᠃

《〈 ᠭᠤᠷᠪᠠᠨ ᠮᠢᠩᠭᠠᠨ ᠥᠨᠥᠴᠢᠨ ᠬᠡᠦᠬᠡᠳ ᠦᠪᠦᠷ ᠮᠤᠩᠭᠤᠯ ᠳ᠋ᠤ ᠢᠷᠡᠭᠰᠡᠨ〉 ᠪᠣᠯ ᠦᠨᠳᠦᠰᠦᠲᠡᠨ᠎ᠦ ᠠᠭᠤᠤ ᠬᠠᠢᠷ᠎ᠠ᠎ᠵᠢ ᠢᠯᠡᠷᠡᠭᠦᠯᠦᠭᠰᠡᠨ ᠪᠦᠬᠦᠳᠡ ᠨᠠᠢᠷᠠᠮᠳᠠᠬᠤ ᠤᠯᠤᠰ᠎ᠤᠨ ᠲᠡᠤᠭᠡᠨ ᠶᠠᠪᠤᠳᠠᠯ ᠪᠤᠯᠤᠨ᠎ᠠ᠃ ᠱᠢᠨ᠎ᠡ ᠳᠤᠮᠳᠠᠳᠤ ᠤᠯᠤᠰ᠎ᠤᠨ ᠲᠡᠦᠬᠡᠨ ᠳᠡᠭᠡᠷᠡᠬᠢ 3000 ᠭᠠᠷᠤᠢ 〈ᠤᠯᠤᠰ᠎ᠤᠨ ᠬᠡᠦᠬᠡᠳ〉 ᠪᠣᠯᠤᠨ 〈ᠲᠠᠯ᠎ᠠ ᠨᠤᠲᠤᠭ᠎ᠤᠨ ᠡᠵᠢ〉 ᠵᠢᠨ ᠬᠤᠭᠤᠷᠤᠨᠳᠤᠬᠢ ᠪᠠᠯᠠᠷᠠᠰᠢ ᠦᠭᠡᠢ ᠲᠤᠮᠤᠭᠳᠤ ᠪᠠᠷᠢᠯᠳᠤᠯᠭ᠎ᠠ ᠵᠢ ᠡᠷᠭᠢᠴᠡᠭᠦᠯᠪᠡ᠃》 — ᠯᠢᠨᠰᠢ ᠱᠢᠶᠠᠨ᠎ᠤ ᠭᠤᠷᠪᠠᠳᠤᠭᠠᠷ ᠳᠤᠮᠳᠠᠳᠤ ᠰᠤᠷᠭᠠᠭᠤᠯᠢ᠎ᠳᠤ 《ᠪᠢ ᠦᠨᠳᠦᠰᠦᠲᠡᠨ᠎ᠦ ᠮᠡᠳᠡᠯᠭᠡ᠎ᠶ᠋ᠢ ᠶᠠᠷᠢᠨ᠎ᠠ》 ᠭᠡᠬᠦ᠌ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠲᠡᠭᠡᠷ᠎ᠡ ᠠᠩᠬ᠎ᠠ ᠳᠤᠮᠳᠠᠳᠤ᠎ᠶ᠋ᠢᠨ ᠭᠤᠷᠪᠠᠳᠤᠭᠠᠷ ᠣᠨ᠎ᠤ ᠨᠠᠢ᠍ᠮᠠᠳᠤᠭᠠᠷ ᠠᠩᠭᠢ᠎ᠶ᠋ᠢᠨ ᠰᠤᠷᠤᠭᠴᠢ ᠲᠢᠶᠠᠨ ᠨᠦᠸᠸ ᠸᠸᠢ 《ᠠᠯᠤᠰ ᠬᠤᠯᠠ᠎ᠶ᠋ᠢᠨ ᠲᠠᠯ᠎ᠠ ᠨᠤᠲᠤᠭ ᠪᠤᠯ ᠮᠢᠨᠦ᠍ ᠭᠡᠷ》 ᠭᠡᠬᠦ᠌ ᠰᠡᠳᠦᠪ᠎ᠢᠶᠡᠷ 《ᠥᠪᠥᠷ ᠮᠣᠩᠭᠣᠯ᠎ᠭᠤᠷᠪᠠᠨ ᠮᠢᠩᠭᠠᠨ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭᠰᠡᠨ》 ᠦᠨᠭᠭᠡᠷᠡᠯᠲᠡ᠎ᠵᠢ ᠶᠠᠷᠢᠪᠠ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ ᠯᠢᠨᠰᠢ ᠱᠢᠶᠠᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ᠎ᠵᠢᠴᠢ ᠬᠡᠦᠬᠡᠳ᠎ᠦᠨ ᠴᠡᠴᠡᠷᠯᠢᠭ᠎ᠦᠨ ᠬᠢᠨ 《 ᠨᠠᠮ᠎ᠤᠨ ᠦᠭᠡ᠎ᠶ᠋ᠢ ᠰᠣᠨᠣᠰᠴᠤ᠌ ᠨᠠᠮ᠎ᠤᠨ ᠠᠴᠢ ᠳ᠋ᠤ ᠲᠠᠯᠠᠷᠬᠠᠵᠤ ᠨᠠᠮ᠎ᠢᠶᠠᠨ ᠲᠠᠭᠠᠨ᠎ᠠ》᠂ 《ᠠᠨᠠᠷ᠎ᠤᠨ ᠴᠡᠴᠡᠭ ᠪᠠᠳᠠᠷᠠᠨ ᠲᠡᠯᠭᠡᠷᠡᠵᠦ ᠦᠷ᠎ᠡ ᠵᠢᠮᠢᠰ ᠨᠢ ᠨᠢᠭᠳᠠᠷᠠᠨ ᠪᠠᠭᠴᠠᠷᠠᠨ᠎ᠠ》᠂ 《ᠦᠰᠪᠦᠷᠢ ᠵᠢᠨ ᠬᠡᠦᠬᠡᠳ᠎ᠬᠦᠰᠡᠯ ᠵᠡᠭᠦᠳᠦ᠍᠎ᠪᠡᠨ ᠳᠡᠷᠭᠡᠯᠰᠢᠬᠦᠯᠵᠦ ᠤᠯᠤᠰ᠎ᠤᠨ ᠪᠠᠶᠠᠷ᠎ᠢᠶᠠᠨ ᠪᠠᠶᠠᠷᠯᠠᠨ ᠤᠭ᠍ᠲᠤᠶ᠎ᠠ》 ᠵᠡᠷᠭᠡ 220 ᠭᠠᠷᠤᠢ ᠲᠠᠯᠠᠪᠤᠷ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠪᠠᠭ᠍ᠰᠢ ᠰᠤᠷᠤᠭ᠍ᠴᠢᠳ᠎ᠤᠨ ᠰᠡᠳᠭᠢᠯ᠎ᠳᠦ ᠦᠨᠳᠦᠰᠦᠯᠡᠭᠦᠯᠦᠨ ᠳᠡᠯᠭᠡᠷᠡᠭᠦᠯᠪᠡ᠃

ᠡᠪᠦᠯ᠎ᠦᠨ ᠡᠬᠢ᠎ᠪᠡᠷ ᠯᠢᠨᠰᠢ ᠱᠢᠶᠠᠨ᠎ᠤ ᠭᠤᠸᠠᠨ ᠳ᠋ᠢ ᠪᠠᠭ᠎ᠠ ᠰᠤᠷᠭᠠᠭᠤᠯᠢ ᠪᠣᠯᠤᠨ ᠪᠠᠭᠠᠷᠢᠨ ᠪᠠᠷᠠᠭᠤᠨ ᠬᠣᠱᠢᠭᠤᠨ᠎ᠤ ᠴᠠᠭᠠᠨᠮᠥ᠋ᠷᠡᠨ ᠰᠤᠮᠤᠨ᠎ᠤ ᠴᠠᠭᠠᠨᠮᠥ᠋ᠷᠡᠨ ᠭᠣᠣᠯ ᠪᠠᠭ᠎ᠠ ᠰᠤᠷᠭᠠᠭᠤᠯᠢ᠎ᠶ᠋ᠢᠨ ᠬᠠᠮᠲᠤᠷᠠᠨ ᠥᠷᠨᠢᠭᠦᠯᠦᠭ᠌ᠰᠡᠨ 《ᠦᠨᠳᠦᠰᠦᠲᠡᠨ᠎ᠪᠦᠯᠬᠦᠮᠳᠡᠨ ᠰᠡᠳᠭᠢᠯ ᠵᠢᠷᠦᠬᠡ᠎ᠪᠡᠨ ᠬᠣᠯᠪᠣᠵᠤ᠂ ᠬᠡᠦᠬᠡᠳ᠎ᠪᠠᠭᠠᠴᠤᠳ ᠨᠠᠮ᠎ᠢᠶᠠᠨ ᠳᠠᠭᠠᠵᠤ ᠰᠠᠷᠠᠭᠤᠯ ᠢᠷᠡᠭᠡᠳᠦᠢ᠎ᠪᠡᠨ ᠴᠣᠭ᠍ᠴᠠᠯᠠᠨ᠎ᠠ 》 ᠭᠡᠬᠦ᠌ ᠭᠣᠣᠯ ᠰᠡᠳᠦᠪᠲᠦ ᠠᠵᠢᠯᠯᠠᠭ᠎ᠠ ᠲᠡᠭᠡᠷ᠎ᠡ ᠪᠥᠵᠢᠭ᠎ᠦᠨ ᠪᠦᠯᠬᠦᠮ᠎ᠤᠨ ᠬᠢᠨ《ᠡᠬᠡ ᠤᠯᠤᠰ᠎ᠤᠨ᠎ᠢᠶᠠᠨ ᠡᠯᠢᠭᠡᠨ ᠳ᠋ᠤ ᠦᠰᠦᠨ ᠪᠣᠢᠵᠢᠨ᠎ᠠ》᠂ 《ᠢᠮᠠᠭᠳᠠ ᠪᠠᠳᠠᠷᠠᠨ ᠳᠡᠯᠭᠡᠷᠡᠬᠦ ᠴᠡᠴᠡᠭ》 ᠂ ᠨᠠᠢᠷᠠᠯ ᠳᠠᠭᠤᠤ ᠵᠢᠨ ᠪᠦᠯᠬᠦᠮ᠎ᠤᠨ ᠬᠢᠨ 《ᠲᠤᠮᠳᠠᠳᠤ ᠤᠯᠤᠰ᠎ᠤᠨ ᠪᠠᠭᠠᠴᠤᠳ》 ᠵᠡᠷᠭᠡ ᠭᠣᠢᠳᠠ ᠰᠠᠢᠬᠠᠨ ᠲᠣᠭ᠍ᠯᠠᠯᠲᠠ᠎ᠵᠢ ᠡᠬᠡᠯᠵᠢᠯᠡᠨ ᠭᠠᠷᠭᠠᠪᠠ᠃ ᠠᠵᠢᠯᠯᠠᠭ᠎ᠠ ᠵᠢᠨ ᠳᠠᠷᠠᠭ᠎ᠠ ᠴᠠᠭᠠᠨᠮᠥ᠋ᠷᠡᠨ ᠭᠣᠣᠯ ᠪᠠᠭ᠎ᠠ ᠰᠤᠷᠭᠠᠭᠤᠯᠢ᠎ᠶ᠋ᠢᠨ ᠬᠡᠦᠬᠡᠳ ᠭᠤᠸᠠᠨ ᠳ᠋ᠢ ᠪᠠᠭ᠎ᠠ ᠰᠤᠷᠭᠠᠭᠤᠯᠢ᠎ᠶ᠋ᠢᠨ ᠤᠷᠠᠨ ᠵᠢᠷᠤᠭ᠎ᠤᠨ ᠦᠵᠡᠭᠦᠯᠭᠡ᠎ᠶ᠋ᠢᠨ ᠲᠢᠩᠬᠢᠮ᠎ᠳᠦ ᠬᠦᠷᠴᠦ᠂ ᠭᠤᠸᠠᠨ ᠳ᠋ᠢ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠬᠢᠲᠠᠳ ᠵᠢᠷᠤᠭ᠎ᠭᠠᠷ ᠤᠷᠠᠯᠠᠯ᠎ᠤᠨ ᠪᠦᠲᠦᠭᠡᠯ᠎ᠢ ᠰᠣᠨᠢᠷᠬᠠᠪᠠ᠃

《ᠦᠨᠳᠦᠰᠦᠲᠡᠨ᠎ᠨᠦᠭᠦᠳ 〈ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ〉᠂ ᠵᠦᠪᠬᠡᠨ 〈ᠠᠨᠠᠷ᠎ᠤᠨ ᠦᠷ᠎ᠡ〉 ᠱᠢᠭ ᠨᠢᠭ᠍ᠲᠠᠷᠠᠨ ᠪᠦᠯᠬᠦᠮᠳᠡᠪᠡᠯ ᠰᠠᠶ᠍ᠢ ᠦᠨᠡᠨ ᠬᠦ᠌ ᠲᠤᠳᠤᠨᠤ ᠬᠠᠢᠷᠠᠳᠠᠢ ᠨᠢᠭᠡ ᠭᠡᠷ᠎ᠦᠨ ᠬᠥᠮᠦᠨ ᠮᠡᠳᠦ ᠪᠤᠯᠵᠤ ᠴᠢᠳᠠᠨ᠎ᠠ》 ᠭᠡᠵᠦ᠍ ᠭᠤᠸᠠᠨ ᠳ᠋ᠢ ᠪᠠᠭ᠎ᠠ ᠰᠤᠷᠭᠠᠭᠤᠯᠢ᠎ᠶ᠋ᠢᠨ ᠵᠢᠷᠭᠤᠳᠤᠭᠠᠷ ᠣᠨ᠎ᠤ ᠰᠤᠷᠤᠬ᠍ᠴᠢ ᠯᠦ᠍ ᠭᠸ ᠶᠠ ᠶᠠᠷᠢᠪᠡ᠃ ᠲᠡᠷᠡ᠂ ᠴᠠᠭᠠᠨ ᠮᠥᠷᠡᠨ ᠭᠣᠣᠯ ᠪᠠᠭ᠎ᠠ ᠰᠤᠷᠭᠠᠭᠤᠯᠢ᠎ᠶ᠋ᠢᠨ ᠬᠠᠮᠲᠤ ᠰᠤᠷᠤᠯᠭᠠᠳᠠᠳ᠎ᠲᠠᠶ ᠰᠣᠯᠢᠯᠴᠠᠬᠤ ᠲᠤᠮᠳᠠ ᠦᠨᠳᠦᠰᠦᠲᠡᠨ᠎ᠨᠦᠭᠦᠳ᠎ᠦᠨ ᠤᠯᠠᠮᠵᠢᠯᠠᠯᠲᠤ ᠵᠠᠩ ᠳᠠᠳᠭᠠᠯ ᠵᠢᠡᠨ ᠬᠠᠷᠢᠯᠴᠠᠨ ᠣᠢᠯᠠᠭᠠᠯᠴᠠᠪᠠ᠃ ᠰᠡᠳᠬᠢᠯ ᠮᠠᠰᠢ ᠦᠨᠳᠦᠷ ᠪᠠᠢᠨ᠎ᠠ ᠬᠡᠪᠡ᠃

ᠤᠯᠠᠭᠠᠨᠬᠠᠳᠠ ᠬᠤᠲᠠ᠎ᠶ᠋ᠢᠨ ᠯᠢᠨᠰᠢ ᠱᠢᠶᠠᠨ᠎ᠤ ᠲᠦᠩ ᠪᠦ᠋ ᠪᠠᠭ᠎ᠠ ᠰᠤᠷᠭᠠᠭᠤᠯᠢ᠂ ᠱᠢᠨ ᠯᠢᠨ ᠪᠠᠯᠭᠠᠰᠤᠨ᠎ᠤ ᠪᠠᠭ᠎ᠠ ᠰᠤᠷᠭᠠᠭᠤᠯᠢ᠎ᠶ᠋ᠢᠨ 50 ᠭᠠᠷᠤᠢ ᠪᠠᠭ᠍ᠰᠢ ᠰᠤᠷᠤᠭ᠍ᠴᠢ᠎ᠶ᠋ᠢᠨ ᠲᠥᠯᠥᠭᠡᠯᠡᠭ᠌ᠴᠢ ᠵᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠱᠢᠯᠢ᠎ᠶ᠋ᠢᠨ ᠭᠣᠣᠯ ᠠᠢᠮᠠᠭ᠎ᠤᠨ ᠪᠠᠷᠠᠭᠤᠨ ᠦᠵᠦᠮᠦᠴᠢᠨ ᠬᠣᠱᠢᠭᠤᠨ᠎ᠳᠤ ᠬᠦᠷᠴᠦ ᠰᠤᠳᠤᠯᠤᠨ ᠰᠤᠷᠤᠯᠴᠠᠵᠦ᠍ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠬᠣᠶᠠᠷ ᠭᠠᠵᠠᠷ᠎ᠤᠨ ᠬᠡᠦᠬᠡᠳ᠎ᠦᠳ ᠤᠯᠤᠰ᠎ᠤᠨ ᠲᠤᠭ ᠵᠢᠡᠨ ᠬᠠᠮᠳᠤ ᠪᠡᠷ ᠮᠠᠨᠳᠤᠭᠤᠯᠵᠤ᠂ ᠲᠠᠯ᠎ᠠ ᠨᠤᠲᠤᠭ᠎ᠤᠨ ᠳᠠᠭᠤᠤ᠎ᠶ᠋ᠢ ᠬᠠᠮᠲᠤ᠎ᠪᠠᠷ ᠲᠠᠭᠤᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠢᠴᠢᠶᠡᠯ᠎ᠢ ᠬᠠᠮᠲᠤ᠎ᠪᠠᠷ ᠣᠷᠣᠬᠤ ᠵᠡᠷᠭᠡ ᠠᠵᠢᠯᠯᠠᠭ᠎ᠠ ᠥᠷᠨᠢᠭᠦᠯᠵᠦ᠍᠂ ᠰᠠᠢᠨ ᠠᠨᠳᠠ ᠪᠤᠯᠤᠯᠴᠠᠵᠦ᠂ ᠦᠵᠡᠵᠦ᠍ ᠰᠣᠨᠣᠰᠤᠭ᠍ᠰᠠᠨ ᠵᠦᠶ᠋ᠯ᠎ᠢᠶᠡᠨ ᠬᠤᠪᠢᠶᠠᠯᠴᠠᠨ ᠶᠠᠷᠢᠯᠴᠠᠵᠤ᠂ ᠬᠠᠢᠷ᠎ᠠ ᠰᠡᠳᠭᠢᠯᠭᠡ᠎ᠪᠡᠨ ᠵᠤᠵᠠᠭᠠᠳᠭᠠᠵᠠᠶ᠃ 《ᠰᠤᠳᠤᠯᠤᠨ ᠰᠤᠷᠤᠯᠴᠠᠬᠤ ᠠᠵᠢᠯᠯᠠᠭ᠎ᠠ ᠨᠢ ᠮᠠᠰᠢ ᠤᠳᠬ᠎ᠠ ᠠᠭᠤᠯᠭ᠎ᠠ ᠲᠠᠢ᠂ ᠦᠵᠡᠮᠵᠢ ᠵᠢᠨ ᠰᠠᠢᠬᠠᠨ ᠭᠠᠵᠠᠷ ᠨᠤᠳᠤᠭ᠂ ᠪᠠᠶᠠᠯᠢᠭ ᠰᠠᠢᠬᠠᠨ ᠰᠣᠶᠣᠯ ᠲᠠᠢ ᠤᠢᠷᠠᠳᠤᠵᠤ᠂ ᠰᠢᠨ᠎ᠡ ᠨᠠᠢᠵᠠ ᠨᠠᠷ ᠲᠠᠢ ᠲᠠᠨᠢᠯᠴᠠᠵᠤ᠂ ᠱᠢᠨ᠎ᠡ ᠮᠡᠳᠡᠯᠭᠡ ᠰᠤᠷᠴᠤ᠌᠂ ᠱᠢᠨ᠎ᠡ ᠤᠷ᠎ᠠ ᠴᠢᠳᠠᠪᠤᠷᠢ᠎ᠶ᠋ᠢ ᠡᠵᠡᠮᠰᠢᠵᠦ᠂ ᠭᠠᠨᠵᠤᠭ᠎ᠠ ᠲᠦᠬᠦᠷᠡᠩ ᠤᠯᠤᠯᠳᠠ ᠲᠠᠢ ᠪᠤᠯᠤᠯ᠎ᠠ》 ᠭᠡᠵᠦ᠍ ᠲᠦᠩ ᠪᠦ ᠪᠠᠭ᠎ᠠ ᠰᠤᠷᠭᠠᠭᠤᠯᠢ᠎ᠶ᠋ᠢᠨ ᠲᠠᠪᠤᠳᠤᠭᠠᠷ ᠣᠨ᠎ᠤ ᠨᠢᠭᠡᠳᠦᠭᠡᠷ ᠠᠩᠬᠢ᠎ᠶ᠋ᠢᠨ ᠰᠤᠷᠤᠭ᠍ᠴᠢ ᠯᠢ ᠶᠠᠩ ᠪᠠᠶᠠᠷᠲᠠᠢᠬᠠᠨ ᠶᠠᠷᠢᠨ᠎ᠠ᠃

《ᠲᠠᠷᠠᠭᠠᠴᠢ᠎ᠶ᠋ᠢᠨ ᠠᠯᠬᠤᠮ᠎ᠳᠤ ᠯᠢᠨᠰᠢ ᠱᠢᠶᠠᠨ ᠬᠢᠴᠢᠶᠡᠯ᠎ᠦᠨ ᠲᠠᠩᠬᠢᠮ᠎ᠤᠨ ᠡᠨᠡ ᠬᠦ᠌ ᠭᠣᠣᠯ ᠵᠢᠭ᠍ᠰᠠᠭᠠᠯ᠎ᠤᠨ ᠭᠠᠵᠠᠷ᠎ᠢ ᠴᠢᠩᠭ᠎ᠠ ᠠᠳᠭᠤᠵᠤ᠂ ᠤᠯᠤᠰ᠎ᠢᠶᠠᠨ ᠬᠠᠢᠷᠠᠯᠠᠬᠤ ᠦᠵᠡᠯ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ ᠬᠥᠮᠦᠵᠢᠯ ᠵᠡᠷᠭᠡ᠎ᠶ᠋ᠢ ᠬᠢᠴᠢᠶᠡᠯ᠎ᠦᠨ ᠲᠠᠩᠬᠢᠮ᠎ᠳᠤ ᠠᠭᠤᠰᠭᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠷ᠎ᠡ᠎ᠶ᠋ᠢ ᠪᠠᠭ᠍ᠰᠢ ᠰᠤᠷᠤᠭ᠍ᠴᠢᠳ᠎ᠤᠨ ᠰᠡᠳᠭᠢᠯ ᠎ᠳᠦ ᠦᠨᠳᠦᠰᠦᠯᠡᠭᠦᠯᠦᠨ᠎ᠡ》 ᠭᠡᠵᠦ᠍ ᠯᠢᠨᠰᠢ ᠱᠢᠶᠠᠨ᠎ᠤ ᠰᠤᠷᠭᠠᠨ ᠬᠥᠮᠦᠵᠢᠯ᠎ᠦᠨ ᠨᠠᠮ᠎ᠤᠨ ᠠᠵᠢᠯᠯᠠᠬᠤ ᠬᠣᠷᠢᠢ᠎ᠠ᠎ᠶ᠋ᠢᠨ ᠱᠦᠵᠢ᠂ ᠲᠣᠪᠴᠢᠶᠠᠨ ᠳᠠᠷᠤᠭ᠎ᠠ ᠯᠢᠶᠠᠩ ᠱᠢᠶᠤᠤ ᠳ᠋ᠦᠩ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面