ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-02-11 17:51:56

ᠵᠣᠬᠢᠶᠠᠭ᠍ᠴᠢ᠄ ᠭᠦᠸᠧ ᠴᠢ ᠨᠠᠨ ᠣᠩᠱᠢᠭ᠍ᠰᠠᠨ ᠣᠳᠠᠭ᠎ᠠ᠄ 3

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠰᠠᠢᠲᠤᠷ ᠬᠢᠵᠦ᠍᠂ ᠪᠠᠭ᠍ᠰᠢ ᠰᠤᠷᠤᠭ᠍ᠴᠢᠳ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠡᠷᠡᠭᠯᠡᠭᠡᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 2023 ᠣᠨ᠎ᠳᠤ ᠤᠯᠠᠭᠠᠨᠴᠠᠪ ᠬᠤᠳᠠ᠎ᠶ᠋ᠢᠨ ᠳᠥᠷᠪᠡᠳ ᠬᠣᠱᠢᠭᠤ ᠰᠤᠷᠭᠠᠨ ᠬᠥᠮᠦᠵᠢᠯ ᠬᠦᠷᠭᠡᠬᠦ ᠰᠣᠯᠢᠯᠴᠠᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠍᠂ ᠬᠠᠪᠰᠤᠷᠤᠯᠴᠠᠭ᠎ᠠ ᠪᠠᠢᠭᠤᠯᠤᠭᠰᠠᠨ ᠰᠤᠷᠭᠠᠭᠤᠯᠢ ᠶ᠋ᠢᠨ ᠪᠠᠭ᠍ᠰᠢ ᠰᠤᠷᠤᠭ᠍ᠴᠢᠳ᠎ᠲᠤ ᠱᠢᠯᠢᠳᠡᠭ ᠬᠢᠴᠢᠶᠡᠯ ᠬᠦᠷᠭᠡᠭᠰᠡᠨ ᠪᠠ ᠲᠤᠰᠭᠠᠢ ᠰᠡᠳᠦᠪᠲᠦ ᠲᠠᠢᠯᠤᠮᠵᠢ᠎ᠬᠢᠪᠡ᠃

ᠰᠤᠷᠭᠠᠨ ᠬᠥᠮᠦᠵᠢᠯ ᠬᠦᠷᠭᠡᠬᠦ ᠰᠣᠯᠢᠯᠴᠠᠭ᠎ᠠ ᠵᠢᠨ ᠠᠵᠢᠯᠯᠠᠭ᠎ᠠ ᠳᠤᠮᠳᠠ᠂ ᠳᠥᠷᠪᠡᠳ ᠬᠣᠱᠢᠭᠤᠨ᠎ᠤ ᠲᠠᠪᠤᠳᠤᠭᠠᠷ ᠪᠠᠭ᠎ᠠ ᠰᠤᠷᠭᠠᠭᠤᠯᠢ ᠡᠴᠡ ᠵᠣᠣ ᠱᠦ᠍ ᠮᠢᠩ ᠪᠣᠯᠤᠨ ᠬᠤ᠌ ᠸᠧᠶ ᠫᠢᠩ ᠬᠣᠶᠠᠷ ᠪᠠᠭ᠍ᠰᠢ᠎ᠶ᠋ᠢ ᠲᠣᠮᠢᠯᠠᠨ ᠬᠣᠩᠭᠣᠷ ᠮᠣᠩᠭᠣᠯ ᠰᠤᠷᠭᠠᠭᠤᠯᠢ᠎ᠳᠤ ᠣᠴᠢᠭᠤᠯᠵᠤ ᠰᠤᠷᠭᠠᠨ ᠬᠥᠮᠦᠵᠢᠯ ᠬᠦᠷᠭᠡᠬᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢ ᠬᠢᠴᠢᠶᠡᠯ ᠣᠷᠣᠬᠤ ᠪᠠ ᠬᠢᠴᠢᠶᠡᠯ ᠦᠨᠡᠯᠡᠬᠦ᠌ ᠬᠡᠮᠡᠬᠦ ᠭᠣᠭ᠍ᠴᠣᠭ᠎ᠠ ᠬᠤᠪᠢᠶᠠᠪᠠ᠃ ᠬᠢᠴᠢᠶᠡᠯ ᠳᠡᠭᠡᠷ᠎ᠡ᠂ ᠵᠤᠤ ᠪᠠᠭ᠍ᠰᠢ ᠬᠦᠨᠳᠦ ᠦᠭᠡᠰ᠎ᠦᠨ ᠵᠢᠭᠠᠨ ᠰᠤᠷᠭᠠᠯᠲᠠ᠎ᠠᠴᠠ ᠭᠠᠷᠳᠠᠵᠦ᠍᠂ ᠬᠦᠨᠳᠦ ᠦᠭᠡᠰ᠎ᠦᠨ ᠵᠢᠷᠤᠯᠭ᠎ᠠ ᠪᠠ ᠠᠮᠠᠷᠬᠠᠨ ᠪᠤᠷᠤᠭᠤᠳᠠᠬᠤ ᠲᠠᠯ᠎ᠠ ᠵᠢ ᠴᠢᠬᠤᠯᠠᠴᠢᠯᠠᠵᠦ᠂ ᠰᠤᠷᠤᠭ᠍ᠴᠢᠳ᠎ᠵᠢᠡᠷ ᠵᠠᠩᠭᠢᠯᠠᠭ᠎ᠠ᠎ᠶ᠋ᠢᠨ ᠦᠭᠡᠰ᠎ᠦᠨ ᠲᠣᠭᠣᠷᠢᠨ᠎ᠳᠤ ᠦᠯᠢᠭᠡᠷ ᠶᠠᠷᠢᠭᠤᠯᠪᠠ᠂ ᠡᠢᠮᠦᠷᠬᠦᠦ ᠦᠭᠡ ᠬᠡᠯᠡᠨ᠎ᠦ ᠬᠡᠷᠡᠭ᠌ᠯᠡᠭᠡᠨ᠎ᠦ ᠪᠣᠯᠪᠠᠰᠤᠷᠠᠯ ᠨᠢ ᠰᠤᠷᠤᠭ᠍ᠴᠢᠳ᠎ᠤᠨ ᠰᠤᠷᠤᠯᠴᠠᠯᠭ᠎ᠠ ᠵᠢᠨ ᠤᠷᠮ᠎ᠠ ᠪᠠ ᠳᠤᠷ᠎ᠠ ᠪᠠᠬ᠎ᠠ ᠵᠢ ᠢᠯᠡᠳᠳᠡ ᠳᠡᠭᠡᠭᠰᠢᠯᠡᠬᠦᠯᠪᠡ᠃ ᠬᠢᠴᠢᠶᠡᠯ ᠦᠨᠡᠯᠡᠵᠦ᠍ ᠵᠢᠭᠠᠨ ᠰᠤᠳᠤᠯᠬᠤ ᠶᠠᠪᠤᠴᠠ᠎ᠳᠤ᠂ ᠪᠠᠭ᠍ᠰᠢ᠎ᠨᠠᠷ ᠬᠠᠷᠢᠯᠴᠠᠨ ᠰᠣᠯᠢᠯᠴᠠᠵᠤ᠂ ᠬᠠᠮᠲᠤ ᠪᠠᠷ ᠰᠤᠷᠤᠯᠴᠠᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠳᠤ ᠴᠢᠭ᠌ᠯᠡᠭᠦᠯᠦᠨ ᠲᠤᠯᠢᠳᠠᠵᠤ ᠪᠤᠯᠬᠤᠢᠴᠠ ᠰᠠᠨᠠᠭᠤᠯᠭ᠎ᠠ ᠪᠠ ᠰᠠᠨᠠᠯ ᠳᠤᠷᠠᠳᠴᠠᠶ᠃ ᠣᠯᠠᠨ᠎ᠢᠶᠠᠷ᠎ᠢᠶᠠᠨ ᠪᠤᠳᠤᠭ᠍ᠰᠠᠨ ᠰᠠᠨᠠᠭ᠍ᠰᠠᠨ᠎ᠢᠶᠠᠨ ᠠᠭᠤᠵᠢᠷᠠᠲᠠᠯ᠎ᠠ ᠶᠠᠷᠢᠵᠤ᠂ ᠰᠤᠷᠤᠯᠴᠠᠭ᠍ᠰᠠᠨ ᠣᠯᠤᠯᠲᠠ ᠰᠡᠩᠬᠡᠷᠡᠭᠦᠯᠦᠯ᠎ᠢᠶᠡᠨ ᠰᠣᠯᠢᠯᠴᠠᠪᠠ᠃

ᠡᠢᠮᠦᠷᠬᠦᠦ ᠰᠤᠷᠭᠠᠨ ᠬᠥᠮᠦᠵᠢᠯ ᠬᠦᠷᠭᠡᠬᠦ᠌ ᠠᠵᠢᠯᠯᠠᠭ᠎ᠠ᠎ᠳᠤ ᠵᠣᠣ ᠱᠦ᠍ ᠮᠢᠩ ᠶᠡᠷᠦ᠍᠎ᠡᠴᠡ ᠬᠤᠴᠤᠷᠬᠤ ᠦᠭᠡᠢ᠃ ᠭᠠᠷᠠᠭ᠎ᠤᠨ ᠳᠥᠷᠪᠡᠨ᠎ᠦ ᠦᠳᠡ᠎ᠶ᠋ᠢᠨ ᠡᠮᠦᠨ᠎ᠡ ᠪᠤᠯᠭᠠᠨ᠂ ᠲᠡᠷᠡ ᠴᠠᠭ᠎ᠲᠠᠭᠠᠨ ᠺᠣᠮᠫᠢᠦ᠋ᠲ᠋ᠧᠷ᠎ᠵᠢᠡᠷ ᠳᠥᠷᠪᠡᠳ ᠬᠣᠱᠢᠭᠤᠨ᠎ᠤ ᠬᠣᠩᠭᠣᠷ ᠮᠣᠩᠭᠣᠯ ᠰᠤᠷᠭᠠᠭᠤᠯᠢ ᠶ᠋ᠢᠨ ᠬᠡᠦᠬᠡᠳ᠎ᠦᠳ ᠲᠡᠶ ᠬᠠᠮᠲᠤ ᠰᠤᠷᠤᠯᠴᠠᠵᠤ᠂ ᠬᠢᠵᠠᠭᠠᠷ᠎ᠲᠠᠶ ᠰᠤᠷᠤᠯᠴᠠᠬᠤ ᠴᠠᠭ ᠲᠠᠭᠠᠨ᠂ ᠦᠷᠭᠦᠯᠵᠢ ᠡᠯ᠎ᠡ ᠵᠦᠶ᠋ᠯ᠎ᠦᠨ ᠱᠢᠨ᠎ᠡ ᠰᠡᠪᠡᠭᠦᠨ ᠠᠷᠭ᠎ᠠ ᠪᠠᠷ ᠰᠤᠷᠤᠭ᠍ᠴᠢᠳ᠎ᠤᠨ ᠠᠩᠬᠠᠷᠤᠯ᠎ᠢ ᠲᠠᠲᠠᠵᠤ᠂ ᠬᠢᠴᠢᠶᠡᠯ᠎ᠦᠨ ᠲᠠᠩᠬᠢᠮ᠎ᠤᠨ ᠦᠷ᠎ᠡ ᠪᠦᠲᠦᠮᠵᠢ ᠨᠢ ᠦᠷᠭᠦᠯᠵᠢ ᠰᠠᠢᠨ ᠪᠠᠢᠵᠤ᠂ ᠬᠡᠦᠬᠡᠳ᠎ᠦᠳ ᠴᠦ᠍ ᠡᠢᠮᠦᠷᠬᠦᠦ ᠰᠤᠷᠤᠯᠴᠠᠬᠤ ᠠᠷᠭ᠎ᠠ᠎ᠳᠤ ᠮᠠᠰᠢ ᠳᠤᠷᠠᠲᠠᠶ ᠪᠠᠢᠳᠠᠭ᠃

ᠵᠤᠤ ᠱᠦ᠍ ᠮᠢᠩ ᠰᠤᠷᠪᠤᠯᠵᠢᠯᠠᠭ᠍ᠴᠢ᠎ᠳᠤ᠄《ᠰᠤᠷᠭᠠᠨ ᠬᠥᠮᠦᠵᠢᠯ ᠬᠦᠷᠭᠡᠬᠦ ᠰᠣᠯᠢᠯᠴᠠᠭ᠎ᠠ ᠵᠢᠨ ᠠᠵᠢᠯᠯᠠᠭ᠎ᠠ ᠪᠠᠷ ᠲᠠᠮᠵᠢᠨ᠂ ᠡᠯ᠎ᠡ ᠰᠤᠷᠭᠠᠭᠤᠯᠢ ᠵᠢᠨ ᠪᠠᠭ᠍ᠰᠢ᠎ᠨᠠᠷ᠎ᠤᠨ ᠰᠣᠯᠢᠯᠴᠠᠭ᠎ᠠ ᠰᠤᠷᠤᠯᠴᠠᠯᠭ᠎ᠠ᠎ᠳᠤ ᠲᠠᠪᠴᠠᠩ ᠬᠠᠩᠭᠠᠵᠤ᠂ ᠪᠠᠭ᠍ᠰᠢ ᠨᠠᠷ᠎ᠤᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠵᠢᠭᠠᠨ ᠰᠤᠷᠭᠠᠬᠤ ᠴᠢᠳᠠᠪᠤᠷᠢ᠎ᠶ᠋ᠢ ᠳᠡᠭᠡᠭᠰᠢᠯᠡᠬᠦᠯᠪᠡ᠃ ᠪᠠᠭ᠍ᠰᠢ ᠨᠠᠷ᠎ᠤᠨ ᠣᠨᠣᠯ᠎ᠤᠨ ᠬᠡᠪ ᠪᠣᠯᠪᠠᠰᠤᠷᠠᠯ᠂ ᠲᠤᠰᠭᠠᠶ ᠮᠡᠷᠭᠡᠵᠢᠯ᠎ᠦᠨ ᠬᠢᠷᠢ ᠲᠦᠪᠱᠢᠨ ᠪᠠ ᠵᠢᠭᠠᠨ ᠰᠤᠷᠭᠠᠯᠲᠠ᠎ᠶ᠋ᠢᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠬᠠᠮᠲᠤ ᠪᠠᠰᠠ ᠪᠠᠭ᠍ᠰᠢ ᠨᠠᠷ᠎ᠤᠨ ᠬᠣᠭᠣᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ᠎ᠶ᠋ᠢ ᠨᠡᠮᠡᠭ᠌ᠳᠡᠭᠦᠯᠵᠦ᠍᠂ ᠰᠤᠷᠭᠠᠨ ᠬᠥᠮᠦᠵᠢᠯ᠎ᠦᠨ ᠦᠵᠡᠯᠲᠡ ᠵᠢ ᠱᠢᠨᠡᠳᠭᠡᠵᠦ᠍᠂ ᠪᠠᠭ᠍ᠰᠢ᠎ᠶ᠋ᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠳᠤᠮᠳᠠ ᠲᠤᠯᠭᠠᠷᠠᠭ᠍ᠰᠠᠨ ᠠᠰᠠᠭᠤᠳᠠᠯ᠎ᠢ ᠬᠠᠨᠳᠤᠯᠭᠠᠲᠤ ᠴᠢᠨᠠᠷᠲᠠᠶ᠎ᠪᠠᠷ ᠱᠢᠶ᠋ᠳᠪᠦᠷᠢᠯᠡᠪᠡ》 ᠭᠡᠨ᠎ᠡ᠃

《ᠵᠢᠭᠠᠨ ᠰᠤᠷᠭᠠᠯᠳᠠ ᠵᠢᠨ ᠰᠤᠳᠤᠯᠤᠯᠲᠠ᠎ᠳᠤ ᠲᠡᠭᠦᠰᠭᠡᠯ ᠭᠡᠵᠦ᠍ ᠪᠠᠢᠬᠤ ᠦᠭᠡᠢ᠂ ᠬᠣᠶᠠᠷ ᠰᠤᠷᠭᠠᠭᠤᠯᠢ᠎ᠶ᠋ᠢᠨ ᠪᠠᠭ᠍ᠰᠢ᠎ᠶ᠋ᠢᠨ ᠬᠣᠭᠣᠷᠣᠨᠳᠣᠬᠢ ᠶᠠᠷᠢᠯᠴᠠᠭ᠎ᠠ ᠰᠤᠷᠤᠯᠴᠠᠯᠭ᠎ᠠ ᠪᠠᠰᠠ ᠦᠷᠭᠦᠯᠵᠢᠯᠡᠨ᠎ᠡ᠃ ᠪᠢᠳᠡ ᠱᠢᠨ᠎ᠡ ᠠᠷᠭ᠎ᠠ ᠵᠠᠮ᠂ ᠱᠢᠨ᠎ᠡ ᠠᠷᠭ᠎ᠠ ᠬᠡᠯᠪᠡᠷᠢ᠎ᠶ᠋ᠢ ᠲᠠᠰᠤᠷᠠᠯᠲᠠ ᠦᠭᠡᠢ ᠰᠦᠪᠡᠭ᠌ᠴᠢᠯᠡᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠰᠤᠷᠭᠠᠭᠤᠯᠢ ᠶ᠋ᠢᠨ ᠡᠯ᠎ᠡ ᠵᠦᠢᠯ᠎ᠦᠨ ᠠᠵᠢᠯ᠎ᠢ ᠨᠡᠩ ᠥᠪᠡᠷᠮᠢᠴᠡ ᠣᠨᠴᠠᠯᠢᠭ᠎ᠲᠠᠶ᠂ ᠨᠡᠩ ᠦᠷ᠎ᠡ ᠪᠦᠲᠦᠮᠵᠢᠲᠡᠢ ᠪᠣᠯᠭᠠᠨ᠎ᠠ》 ᠭᠡᠵᠦ ᠳᠥᠷᠪᠡᠳ ᠬᠣᠱᠢᠭᠤᠨ᠎ᠤ ᠲᠠᠪᠤᠳᠤᠭᠠᠷ ᠪᠠᠭ᠎ᠠ ᠰᠤᠷᠭᠠᠭᠤᠯᠢ᠎ᠶ᠋ᠢᠨ ᠵᠠᠬᠢᠷᠤᠯ ᠯᠢ ᠪᠦᠦ ᠫᠢᠩ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面