ᠤᠯᠤᠰ᠎ᠲᠤ᠌ ᠨᠢᠭᠡᠲᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ᠋ ᠳᠡᠯᠭᠡᠷᠡᠭᠦᠯᠦᠨ ᠬᠡᠷᠡᠭᠯᠡᠵᠦ > ᠮᠡᠳᠡᠭᠡᠯᠡᠯ

2024-03-17 11:28:48

ᠵᠣᠬᠢᠶᠠᠭ᠍ᠴᠢ᠄ ᠯᠢᠦ ᠬᠤᠩ ᠵᠠᠩ ᠣᠩᠱᠢᠭ᠍ᠰᠠᠨ ᠣᠳᠠᠭ᠎ᠠ᠄ 3

ᠡᠵᠡᠨ᠎ᠡ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠪᠦᠬᠦ᠌ ᠲᠠᠯ᠎ᠠ᠎ᠪᠠᠷ ᠠᠬᠢᠭᠤᠯᠬᠤ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢᠯᠡᠨ ᠠᠷᠭ᠎ᠠ ᠪᠣᠳᠣᠯᠭ᠎ᠠ ᠬᠡᠷᠡᠭ᠌ᠵᠢᠭᠦᠯᠬᠦ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠳᠡᠭᠡᠳᠦ ᠳᠣᠣᠷᠠᠳᠤ ᠱᠠᠲᠤ ᠬᠣᠯᠪᠣᠭᠠᠯᠠᠨ ᠬᠥᠳᠡᠯᠦᠯᠴᠡᠬᠦ᠂ ᠬᠦᠴᠦ᠍᠎ᠪᠡᠨ ᠬᠠᠮᠲᠤᠳᠭᠠᠨ ᠬᠠᠮᠵᠢᠯᠴᠠᠬᠤ ᠵᠢ ᠪᠠᠷᠢᠮᠳᠠᠯᠠᠵᠤ᠂ 《ᠲᠠᠪᠤ᠎ᠶ᠋ᠢ ᠪᠣᠳᠠᠲᠠᠢ ᠨᠠᠢᠳᠠᠪᠤᠷᠢᠵᠢᠭᠤᠯᠬᠤ》 ᠶᠡᠷᠦᠩᠬᠡᠶ ᠱᠠᠭᠠᠷᠳᠠᠯᠭ᠎ᠠ ᠶᠣᠰᠣᠭᠠᠷ᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠠᠵᠢᠯ᠎ᠢ ᠪᠣᠳᠠᠲᠠᠶ ᠨᠠᠷᠢᠯᠢᠭ ᠬᠡᠷᠡᠭᠵᠢᠭᠦᠯᠵᠦ ᠪᠤᠢ᠃

ᠡᠵᠡᠨ᠎ᠡ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠣᠨᠣᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠬᠤ᠎ᠪᠠᠷ ᠤᠳᠤᠷᠢᠳᠤᠮᠵᠢ ᠪᠣᠯᠭᠠᠵᠤ᠂ ᠪᠥᠬᠥ᠌ ᠬᠣᠱᠢᠭᠤᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠤᠬᠠᠭᠤᠯᠭ᠎ᠠ ᠪᠠ ᠪᠣᠯᠪᠠᠰᠤᠷᠠᠯ᠎ᠤᠨ ᠠᠵᠢᠯᠯᠠᠭ᠎ᠠ᠎ᠶ᠋ᠢ 50 ᠭᠠᠷᠤᠶ ᠤᠳᠠᠭ᠎ᠠ ᠥᠷᠨᠢᠭᠦᠯᠵᠦ᠍᠂ ᠪᠥᠬᠥ᠌ ᠬᠣᠱᠢᠭᠤᠨ᠎ᠤ ᠥᠷᠭᠡᠨ ᠣᠯᠠᠨ ᠰᠤᠷᠭᠠᠨ ᠬᠥᠮᠦᠵᠢᠯ᠎ᠦᠨ ᠠᠵᠢᠯᠲᠠᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠵᠢ ᠬᠦᠲᠦᠯᠦᠨ ᠵᠢᠯᠤᠭᠤᠳᠴᠤ᠂ ᠪᠥᠬᠥ᠌ ᠬᠣᠱᠢᠭᠤᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ ᠪᠣᠶ ᠪᠥᠬᠥᠶ ᠺᠠᠳ᠋ᠷ ᠪᠠᠭ᠍ᠰᠢ ᠠᠵᠢᠯᠲᠠᠨ᠎ᠤ ᠪᠣᠯᠪᠠᠰᠤᠷᠠᠯ᠎ᠢ ᠪᠦᠬᠦᠨ᠎ᠢ ᠪᠦᠷᠬᠦᠭᠦᠯᠪᠡ᠃ ᠡᠭᠦᠨ᠎ᠦ ᠬᠠᠮᠲᠤ᠂ ᠱᠢᠨ᠎ᠡ ᠵᠠᠭᠤᠴᠢᠯᠠᠭᠤᠷ᠎ᠤᠨ ᠲᠠᠪᠴᠠᠩ᠎ᠢᠶᠠᠷ ᠳᠠᠮᠵᠢᠭᠤᠯᠤᠨ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ᠂ ᠲᠣᠳᠣᠷᠬᠠᠢᠯᠠᠨ ᠲᠠᠢᠯᠪᠤᠷᠢᠯᠠᠵᠤ᠂ ᠲᠠᠢᠯᠤᠮᠵᠢ ᠬᠢᠵᠦ᠍᠂ ᠥᠷᠭᠡᠨ ᠣᠯᠠᠨ ᠪᠠᠭ᠍ᠰᠢ ᠰᠣᠷᠣᠭ᠍ᠴᠢ ᠪᠤᠯᠤᠨ ᠬᠡᠷ᠎ᠦᠨ ᠠᠬᠠᠮᠠᠳ᠎ᠤᠨ ᠬᠠᠯᠠᠮᠵᠢᠯᠠᠨ ᠠᠩᠬᠠᠷᠴᠤ᠌ ᠪᠠᠢᠭ᠎ᠠ ᠪᠠᠭ᠍ᠰᠢ᠂ ᠪᠠᠭ᠍ᠰᠢ᠎ᠶ᠋ᠢᠨ ᠬᠠᠷᠠᠭᠠᠯᠵᠠᠯ᠂ ᠪᠠᠭ᠍ᠰᠢ᠎ᠶ᠋ᠢᠨ ᠪᠣᠯᠪᠠᠰᠤᠷᠠᠯ᠂ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠂ ᠬᠢᠴᠢᠶᠡᠯ᠎ᠦᠨ ᠴᠠᠭ᠎ᠤᠨ ᠳᠠᠷᠤᠭᠠᠰᠤ᠂ ᠰᠤᠷᠭᠠᠭᠤᠯᠢ ᠳᠡᠪᠱᠢᠬᠦ᠌ ᠱᠢᠯᠭᠠᠯᠲᠠ ᠵᠡᠷᠭᠡ ᠠᠰᠠᠭᠤᠳᠠᠯ᠎ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠠᠴᠠ᠎ᠪᠠᠨ ᠬᠠᠷᠢᠭᠤᠯᠲᠠ ᠦᠭᠴᠦ᠂ ᠨᠡᠢᠭᠡᠮ᠎ᠦᠨ ᠠᠩᠬᠠᠷᠴᠤ ᠪᠠᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤᠯᠲᠠ ᠥᠭ᠌ᠴᠦ᠂ ᠶᠠᠷᠢᠶ᠎ᠠ ᠬᠡᠯᠡᠯᠴᠡᠭᠡᠨ᠎ᠦ ᠵᠢᠯᠣᠭᠣᠳᠣᠮᠵᠢ᠎ᠶ᠋ᠢ ᠰᠠᠢᠲᠤᠷ ᠬᠢᠪᠠ᠃

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠢᠨ ᠲᠦᠯᠦᠭᠡ᠂ ᠲᠣᠰ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠱᠢᠨᠵᠢᠯᠡᠭᠡᠨ᠎ᠦ ᠰᠠᠯᠠᠭ᠎ᠠ᠎ᠶ᠋ᠢᠨ ᠵᠢᠭᠠᠨ ᠰᠤᠳᠤᠯᠬᠤ ᠪᠦᠯᠬᠦᠮ ᠪᠠᠢᠭᠤᠯᠵᠤ᠂ ᠤᠤᠯ᠎ᠤᠨ ᠦᠨᠳᠦᠰᠦᠲᠡᠨ᠎ᠦ ᠬᠡᠯᠡ᠎ᠪᠡᠷ ᠬᠢᠴᠢᠶᠡᠯᠯᠡᠵᠦ᠍ ᠪᠠᠢᠭ᠍ᠰᠠᠨ ᠰᠤᠷᠭᠠᠭᠤᠯᠢ ᠪᠣᠯᠤᠨ ᠬᠣᠱᠢᠭᠤᠨ᠎ᠤ ᠪᠠᠭ᠎ᠠ ᠰᠤᠷᠭᠠᠭᠤᠯᠢ᠂ ᠬᠣᠱᠢᠭᠤᠨ᠎ᠤ ᠳᠤᠮᠳᠠᠳᠤ ᠰᠤᠷᠭᠠᠭᠤᠯᠢ᠎ᠶ᠋ᠢᠨ ᠱᠢᠨᠵᠢᠯᠡᠭᠡᠨ᠎ᠦ ᠰᠠᠯᠠᠭ᠎ᠠ᠎ᠶ᠋ᠢᠨ ᠪᠦᠯᠬᠦᠮ᠎ᠦᠨ ᠪᠠᠢᠭᠤᠯᠤᠯᠲᠠ᠎ᠶ᠋ᠢ ᠡᠯ᠎ᠡ ᠰᠤᠷᠭᠠᠭᠤᠯᠢ᠎ᠶ᠋ᠢᠨ ᠵᠢᠭᠠᠨ ᠰᠤᠳᠤᠯᠤᠯᠲᠠ᠎ᠳᠤ ᠣᠷᠣᠭᠤᠯᠵᠤ᠂ ᠵᠢᠭᠠᠨ ᠰᠤᠳᠤᠯᠬᠤ ᠲᠥᠯᠥᠪᠯᠡᠭᠡ ᠲᠣᠭ᠍ᠲᠠᠭᠠᠵᠤ᠂ ᠰᠠᠷ᠎ᠠ ᠪᠦᠷᠢ ᠴᠠᠭ᠂ ᠭᠠᠵᠠᠷ᠂ ᠭᠤᠤᠯ ᠰᠡᠳᠦᠪ ᠲᠣᠭ᠍ᠲᠠᠭᠠᠨ ᠠᠵᠢᠯᠯᠠᠭ᠎ᠠ ᠥᠷᠨᠢᠭᠦᠯᠵᠦ᠍᠂《ᠶᠡᠬᠡ ᠵᠢᠭᠠᠨ ᠰᠤᠳᠤᠯᠤᠯᠲᠠ᠂ ᠪᠠᠭ᠎ᠠ ᠬᠢᠴᠢᠶᠡᠯ᠎ᠦᠨ ᠲᠠᠩᠬᠢᠮ》 ᠎ᠤ᠋ᠨ ᠬᠡᠯᠪᠡᠷᠢ᠎ᠪᠡᠷ ᠪᠠᠭ᠍ᠰᠢ᠎ᠶ᠋ᠢᠨ ᠦᠰᠦᠨ ᠪᠣᠢᠵᠢᠯᠲᠠ᠎ᠳᠤ ᠲᠠᠪᠴᠠᠩ ᠪᠠᠢᠭᠤᠯᠵᠤ ᠥᠭ᠌ᠪᠡ᠃ ᠣᠨᠣᠯ᠎ᠤᠨ ᠰᠤᠷᠤᠯᠴᠠᠯᠭ᠎ᠠ ᠪᠠ ᠪᠠᠭ᠍ᠰᠢ᠎ᠶ᠋ᠢᠨ ᠮᠣᠷᠠᠯ᠎ᠤᠨ ᠪᠠᠢᠭᠤᠯᠤᠯᠲᠠ᠂ ᠲᠤᠬᠠᠢᠯᠠᠭ᠍ᠰᠠᠨ ᠠᠵᠢᠯ᠎ᠤᠨ ᠰᠤᠷᠤᠯᠴᠠᠯᠭ᠎ᠠ᠂ ᠵᠢᠱ᠌ᠢᠶ᠎ᠡ ᠦᠵᠡᠭᠦᠯᠬᠦ᠌ ᠪᠠ ᠵᠢᠭᠠᠨ ᠰᠤᠳᠤᠯᠬᠤ ᠰᠣᠯᠢᠯᠴᠠᠭ᠎ᠠ ᠯᠤᠭ᠎ᠠ ᠭᠤᠤᠯᠳᠠᠯᠭ᠎ᠠ ᠲᠠᠢ ᠤᠶᠠᠯᠳᠤᠭᠤᠯᠤᠨ᠂ ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ᠌ ᠲᠣᠭ᠍ᠲᠠᠴᠠ᠎ᠶ᠋ᠢ ᠰᠤᠳᠤᠯᠤᠨ ᠪᠠᠢᠭᠤᠯᠵᠤ᠂ ᠣᠳᠣ᠎ᠶ᠋ᠢᠨ ᠪᠠᠢᠭ᠎ᠠ ᠪᠠᠭ᠍ᠰᠢ᠎ᠶ᠋ᠢᠨ ᠡᠬᠢ ᠪᠠᠶᠠᠯᠢᠭ᠎ᠢ ᠴᠡᠭᠴᠡᠯᠡᠨ ᠨᠡᠢᠳᠬᠡᠵᠦ᠂ ᠰᠤᠷᠭᠠᠭᠤᠯᠢ ᠵᠢᠨ ᠬᠤᠭᠤᠷᠤᠨᠳᠤᠬᠢ᠂ ᠴᠡᠴᠡᠷᠯᠢᠭ᠎ᠦᠨ ᠬᠣᠭᠣᠷᠣᠨᠳᠣᠬᠢ ᠬᠢᠵᠠᠭᠠᠷᠯᠠᠯ᠎ᠢ ᠡᠪᠳᠡᠵᠦ᠂ ᠡᠵᠡᠨ᠎ᠡ ᠬᠣᠱᠢᠭᠤᠨ᠎ᠤ ᠳᠤᠮᠳᠠᠳᠤ ᠰᠤᠷᠭᠠᠭᠤᠯᠢ᠂ ᠬᠣᠱᠢᠭᠤᠨ᠎ᠤ ᠪᠠᠭ᠎ᠠ ᠰᠤᠷᠭᠠᠭᠤᠯᠢ ᠪᠠ ᠮᠣᠩᠭᠣᠯ ᠦᠨᠳᠦᠰᠦᠲᠡᠨ᠎ᠦ ᠰᠤᠷᠭᠠᠭᠤᠯᠢ᠂ ᠬᠣᠱᠢᠭᠤᠨ᠎ᠤ ᠬᠡᠦᠬᠡᠳ᠎ᠦᠨ ᠴᠡᠴᠡᠷᠯᠢᠭ᠂ ᠬᠣᠶᠠᠳᠤᠭᠠᠷ ᠬᠡᠦᠬᠡᠳ᠎ᠦᠨ ᠴᠡᠴᠡᠷᠯᠢᠭ ᠪᠠ ᠮᠣᠩᠭᠣᠯ ᠦᠨᠳᠦᠰᠦᠲᠡᠨ᠎ᠦ ᠬᠡᠦᠬᠡᠳ᠎ᠦᠨ ᠴᠡᠴᠡᠷᠯᠢᠭ ᠲᠤᠰ ᠲᠤᠰ ᠬᠠᠪᠰᠤᠷᠤᠯᠴᠠᠭ᠎ᠠ ᠪᠠᠢᠭᠤᠯᠤᠨ ᠬᠠᠮᠲᠤ᠎ᠪᠠᠷ ᠰᠤᠷᠭᠠᠭᠤᠯᠢ ᠪᠠᠢᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ 38 ᠪᠠᠭ᠍ᠰᠢ᠂ ᠬᠡᠦᠬᠡᠳ᠎ᠦᠨ ᠴᠡᠴᠡᠷᠯᠢᠭ᠎ᠦᠨ 14 ᠪᠠᠭ᠍ᠰᠢ ᠵᠢ ᠰᠤᠩᠭᠤᠨ ᠲᠤᠮᠢᠯᠠᠵᠤ᠂ ᠰᠤᠷᠭᠠᠨ ᠬᠥᠮᠦᠵᠢᠯ᠎ᠦᠨ ᠰᠣᠯᠢᠯᠴᠠᠭ᠎ᠠ ᠬᠢᠬᠦ᠂ ᠵᠢᠱ᠌ᠢᠶ᠎ᠡ ᠦᠵᠡᠭᠦᠯᠬᠦ᠂ ᠬᠢᠴᠢᠶᠡᠯ᠎ᠦᠨ ᠵᠢᠱ᠌ᠢᠶ᠎ᠡ᠎ᠶ᠋ᠢ ᠰᠤᠳᠤᠯᠤᠨ ᠶᠠᠷᠢᠯᠴᠠᠬᠤ ᠵᠡᠷᠭᠡ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ᠌ ᠠᠵᠢᠯᠯᠠᠭ᠎ᠠ ᠦᠷᠨᠢᠭᠦᠯᠵᠦ᠂ ᠬᠠᠪᠰᠤᠷᠤᠯᠴᠠᠭ᠎ᠠ ᠪᠠᠢᠭᠤᠯᠤᠭᠰᠠᠨ ᠪᠠᠭ᠍ᠰᠢ ᠵᠢᠴᠢ ᠵᠢᠭᠠᠨ ᠰᠤᠳᠤᠯᠤᠭᠴᠢ ᠵᠢ ᠨᠡᠢᠲᠡ 200 ᠭᠠᠷᠤᠢ ᠬᠥᠮᠦᠨ ᠤᠳᠠᠭ᠎ᠠ ᠤᠷᠤᠯᠴᠠᠭᠤᠯᠵᠤ᠂ ᠪᠦᠬᠦ᠌ ᠬᠣᠱᠢᠭᠤᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠢᠯᠢᠳᠡᠭ ᠲᠡᠩᠴᠡᠭᠦᠷᠢᠲᠡᠢ ᠬᠥᠭ᠌ᠵᠢᠯᠲᠡ᠎ᠶ᠋ᠢ ᠪᠦᠲᠦᠮᠵᠢᠲᠡᠢ ᠠᠬᠢᠭᠤᠯᠪᠠ᠃

ᠣᠯᠠᠨ ᠠᠷᠭ᠎ᠠ ᠵᠠᠮ᠎ᠢᠶᠠᠷ ᠪᠠᠭ᠍ᠰᠢ᠎ᠶ᠋ᠢᠨ ᠡᠩᠨᠡᠭᠡ᠎ᠶ᠋ᠢ ᠭᠦᠶ᠋ᠴᠡᠳ ᠲᠣᠬᠢᠷᠠᠭᠤᠯᠤᠨ ᠬᠦᠴᠦᠷᠬᠡᠭ᠌ᠵᠢᠭᠦᠯᠬᠦ᠌᠎ᠪᠡᠷ ᠭᠠᠷᠳᠠᠴᠠ ᠪᠣᠯᠭᠠᠵᠤ᠂ ᠲᠣᠰ ᠬᠣᠱᠢᠭᠤᠨ᠎ᠤ ᠰᠤᠷᠭᠠᠨ ᠬᠥᠮᠦᠵᠢᠯ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠣᠲᠣ ᠵᠢᠨ ᠪᠠᠢᠭ᠎ᠠ ᠪᠠᠭ᠍ᠰᠢ᠎ᠨᠠᠷ᠎ᠲᠤ ᠪᠠᠢᠳᠠᠯ᠎ᠢ ᠣᠢᠯᠠᠭᠠᠬᠤ ᠪᠠ ᠪᠠᠭ᠍ᠰᠢ᠎ᠶ᠋ᠢᠨ ᠳᠤᠲᠠᠭᠤᠳᠠᠯ᠎ᠢ ᠣᠨᠣᠪᠴᠢᠲᠠᠶ ᠬᠡᠮᠵᠢᠨ ᠪᠤᠳᠤᠭ᠍ᠰᠠᠨ᠎ᠤ ᠰᠠᠭᠤᠷᠢᠨ ᠳᠡᠭᠡᠷ᠎ᠡ᠂ ᠠᠵᠢᠯ᠎ᠤᠨ ᠲᠥᠰᠦᠯ᠎ᠢ ᠰᠤᠳᠤᠯᠤᠨ ᠲᠣᠭ᠍ᠲᠠᠭᠠᠵᠤ᠂ ᠰᠤᠷᠭᠠᠭᠤᠯᠢ᠎ᠶ᠋ᠢᠨ ᠳᠣᠲᠣᠭᠠᠳᠤ᠎ᠳᠤ ᠲᠣᠬᠢᠷᠠᠭᠤᠯᠬᠤ᠂ ᠰᠤᠷᠭᠠᠭᠤᠯᠢ᠎ᠶ᠋ᠢᠨ ᠬᠣᠭᠣᠷᠣᠨᠳᠣ ᠰᠣᠯᠢᠯᠴᠠᠬᠤ᠂《ᠣᠨᠴᠠᠭᠠᠶ ᠠᠵᠢᠯ᠎ᠤᠨ ᠪᠠᠢᠷᠢ᠎ᠶ᠋ᠢᠨ ᠪᠠᠭ᠍ᠰᠢ》ᠡᠯᠰᠡᠬᠦ ᠵᠡᠷᠭᠡ ᠠᠷᠭ᠎ᠠ ᠬᠡᠯᠪᠡᠷᠢ᠎ᠶ᠋ᠢ ᠠᠪᠴᠤ᠌᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠡᠩᠨᠡᠭᠡ ᠵᠢ ᠭᠦᠶ᠋ᠴᠡᠳ ᠲᠣᠬᠢᠷᠠᠭᠤᠯᠵᠤ᠂ ᠣᠨᠴᠠᠭᠠᠶ ᠠᠵᠢᠯ᠎ᠤᠨ ᠪᠠᠢᠷᠢ᠎ᠶ᠋ᠢᠨ 10 ᠪᠠᠭ᠍ᠰᠢ ᠨᠥᠬᠥᠪᠥᠷᠢᠯᠡᠵᠦ᠍᠂ 《ᠬᠤᠤᠰ ᠬᠡᠯᠡᠨ》 ᠎ᠤ᠋ 1 ᠪᠠᠭ᠍ᠰᠢ᠎ᠶ᠋ᠢ ᠢᠯᠡ᠎ᠪᠡᠷ ᠡᠯᠰᠡᠵᠦ᠂ ᠪᠠᠴᠢᠮ ᠳᠤᠲᠠᠭ᠍ᠳᠠᠵᠤ ᠪᠠᠢᠭ᠎ᠠ ᠬᠢᠴᠢᠶᠡᠯ ᠲᠥᠷᠥᠯ᠎ᠦᠨ 9 ᠪᠠᠭ᠍ᠰᠢ᠎ᠶ᠋ᠢ ᠱᠢᠯᠵᠢᠭᠦᠯᠦᠨ ᠠᠪᠴᠢᠷᠠᠵᠤ ᠰᠤᠷᠭᠠᠨ ᠬᠥᠮᠦᠵᠢᠯ ᠵᠢᠡᠷ ᠳᠡᠮᠵᠢᠨ ᠰᠣᠯᠢᠯᠴᠠᠬᠤ᠂ ᠨᠢᠭᠡ ᠬᠣᠲᠠ᠎ᠳᠤ ᠪᠠᠭ᠍ᠰᠢᠯᠠᠭᠤᠯᠬᠤ᠂ ᠠᠵᠢᠯ᠎ᠤᠨ ᠪᠠᠢᠷᠢ ᠳ᠋ᠤ ᠣᠷᠣᠯᠠᠨ ᠪᠠᠭ᠍ᠰᠢᠯᠠᠭᠤᠯᠬᠤ ᠵᠡᠷᠭᠡ ᠠᠷᠭ᠎ᠠ ᠬᠡᠯᠪᠡᠷᠢ᠎ᠪᠡᠷ ᠬᠣᠱᠢᠭᠤᠨ᠎ᠤ ᠮᠣᠩᠭᠣᠯ ᠦᠨᠳᠦᠰᠦᠲᠡᠨ᠎ᠦ ᠰᠤᠷᠭᠠᠭᠤᠯᠢ᠎ᠳᠤ ᠪᠠᠭ᠍ᠰᠢᠯᠠᠭᠤᠯᠪᠠ᠃ ᠪᠣᠳᠠᠲᠠᠶ᠎ᠲᠠᠶ᠎ᠪᠠᠨ ᠤᠶᠠᠯᠳᠤᠭᠤᠯᠤᠨ《ᠡᠵᠡᠨ᠎ᠡ ᠬᠣᠱᠢᠭᠤᠨ᠎ᠤ ᠭᠤᠷᠪᠠᠨ ᠬᠢᠴᠢᠶᠡᠯ ᠲᠥᠷᠥᠯ᠎ᠦᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠤᠨ ᠪᠠᠭ᠍ᠰᠢ᠎ᠶ᠋ᠢᠨ ᠪᠣᠯᠪᠠᠰᠤᠷᠠᠯ᠎ᠤᠨ ᠲᠥᠰᠦᠯ》 ᠎ᠢ᠋ ᠲᠣᠭ᠍ᠲᠠᠭᠠᠵᠤ᠂ ᠲᠤᠰᠭᠠᠶ ᠮᠡᠷᠭᠡᠵᠢᠯᠲᠡᠨ᠎ᠦ ᠲᠠᠢᠯᠤᠮᠵᠢ ᠬᠢᠬᠦ᠌᠂ ᠬᠢᠴᠢᠶᠡᠯ᠎ᠦᠨ ᠵᠢᠱ᠌ᠢᠶ᠎ᠡ᠎ᠶ᠋ᠢ ᠰᠤᠳᠤᠯᠤᠨ ᠶᠠᠷᠢᠯᠴᠠᠬᠤ᠂ ᠱᠢᠯᠢᠳᠡᠭ ᠪᠠᠭ᠍ᠰᠢ ᠬᠢᠴᠢᠶᠡᠯ ᠤᠷᠤᠵᠤ ᠵᠢᠱ᠌ᠢᠶ᠎ᠡ ᠦᠵᠡᠭᠦᠯᠬᠦ᠌᠂ ᠵᠢᠭᠠᠨ ᠰᠤᠳᠤᠯᠤᠭ᠍ᠴᠢ ᠬᠠᠮᠲᠤ᠎ᠪᠠᠷ ᠬᠢᠴᠢᠶᠡᠯ ᠪᠡᠯᠡᠳᠭᠡᠬᠦ᠌ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠭᠤᠷᠪᠠᠨ ᠬᠢᠴᠢᠶᠡᠯ ᠲᠥᠷᠥᠯ᠎ᠦᠨ ᠪᠠᠭ᠍ᠰᠢ᠎ᠶ᠋ᠢ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠣᠨᠣᠯ᠂ ᠬᠢᠴᠢᠶᠡᠯ ᠲᠥᠷᠥᠯ᠎ᠦᠨ ᠲᠤᠰᠭᠠᠶ ᠮᠡᠷᠭᠡᠵᠢᠯ ᠪᠠ ᠵᠢᠭᠠᠨ ᠰᠤᠷᠭᠠᠯᠲᠠ᠎ᠶ᠋ᠢᠨ ᠮᠡᠷᠭᠡᠵᠢᠯ᠎ᠦᠨ ᠬᠡᠷᠡᠭ᠌ᠯᠡᠭᠡᠨ᠎ᠦ ᠪᠣᠯᠪᠠᠰᠤᠷᠠᠯ ᠬᠢᠵᠦ᠍᠂ ᠪᠠᠭ᠍ᠰᠢ᠎ᠶ᠋ᠢᠨ ᠪᠢᠴᠢᠭ ᠵᠢᠭᠠᠵᠤ ᠬᠥᠮᠦᠨ᠎ᠢ ᠬᠥᠮᠦᠵᠢᠭᠦᠯᠬᠦ᠌ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠦᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠦᠨᠡᠨ ᠬᠦ᠌ ᠪᠠᠲᠤᠯᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面