2024-04-22 10:49:40
《ᠦᠬᠠᠶ ᠬᠤᠳᠠ ᠬᠠᠲᠤᠨ ᠭᠣᠸ᠋ᠯ᠎ᠤᠨ ᠳᠡᠭᠡᠳᠦ ᠤᠷᠤᠰᠭᠠᠯ᠎ᠳᠤ ᠪᠠᠢᠷᠢᠯᠠᠵᠤ᠂ 〈ᠬᠠᠲᠤᠨ ᠭᠣᠸ᠋ᠯ᠎ᠤᠨ ᠭᠡᠷᠡᠯᠲᠦ ᠰᠤᠪᠤᠳ〉 〈ᠦᠵᠦᠮ᠎ᠦᠨ ᠨᠤᠲᠤᠭ〉 ᠭᠡᠰᠡᠨ ᠰᠠᠢᠬᠠᠨ ᠠᠯᠳᠠᠷ᠎ᠲᠡᠶ᠂ ᠠᠭᠤᠯᠠ ᠤᠰᠤᠲᠠᠶ᠂ ᠡᠯᠡᠰᠦ ᠮᠠᠨᠭᠬ᠎ᠠ ᠲᠠᠢ ᠬᠣᠲᠠ ᠮᠥᠨ᠃ ᠪᠢ ᠥᠪᠡᠷ᠎ᠦᠨ ᠨᠤᠲᠤᠭ ᠤᠰᠤ᠎ᠪᠡᠨ ᠪᠠᠬᠠᠷᠬᠠᠨ ᠬᠠᠢᠷᠠᠯᠠᠳᠠᠭ ᠁ 》 ᠣᠢᠷ᠎ᠠ᠎ᠳᠤ ᠦᠬᠠᠢ ᠬᠤᠳᠠ᠎ᠶ᠋ᠢᠨ ᠬᠠᠢ᠌ᠷᠤᠪ᠎ᠤᠨ ᠲᠤᠬᠤᠢ ᠲᠣᠭᠣᠷᠢᠭ᠎ᠤᠨ ᠠᠷᠪᠠᠨ ᠲᠠᠪᠤᠳᠤᠭᠠᠷ ᠬᠡᠦᠬᠡᠳ᠎ᠦᠨ ᠴᠡᠴᠡᠷᠯᠢᠭ᠎ᠲᠦ ᠶᠠᠪᠤᠭ᠍ᠳᠠᠭ᠍ᠰᠠᠨ 《ᠨᠠᠷᠠᠨ ᠵᠦᠭ᠎ᠦᠨ ᠪᠢᠴᠢᠬᠠᠨ ᠲᠠᠢᠯᠪᠤᠷᠢᠯᠠᠭ᠍ᠴᠢ》 ᠱᠢᠯᠭᠠᠷᠠᠭᠤᠯᠬᠤ ᠤᠷᠤᠯᠳᠤᠭᠠᠨ᠎ᠳᠤ ᠳᠤᠮᠳᠠ ᠳᠥᠷᠪᠡᠳᠦᠭᠡᠷ ᠠᠩᠬᠢ᠎ᠶ᠋ᠢᠨ ᠭᠸ ᠢᠦᠢ ᠴᠢᠩ ᠪᠢᠴᠢᠬᠠᠨ ᠨᠠᠢᠵᠠ ᠡᠢᠨ ᠬᠦ᠌ ᠨᠤᠲᠤᠭ ᠤᠰᠤ᠎ᠪᠠᠨ ᠲᠠᠨᠢᠯᠴᠠᠭᠤᠯᠤᠯ᠎ᠠ᠃
ᠬᠠᠢ᠌ᠷᠤᠪ᠎ᠤᠨ ᠲᠤᠬᠤᠢ ᠲᠣᠭᠣᠷᠢᠭ᠎ᠤᠨ ᠠᠷᠪᠠᠨ ᠲᠠᠪᠤᠳᠤᠭᠠᠷ ᠬᠡᠦᠬᠡᠳ᠎ᠦᠨ ᠴᠡᠴᠡᠷᠯᠢᠭ᠎ᠦᠨ ᠲᠦᠷᠦᠯ ᠲᠡᠮᠳᠡᠭᠳᠤ ᠠᠵᠢᠯᠯᠠᠭ᠎ᠠ ᠪᠣᠯᠤᠭ᠍ᠰᠠᠨ᠎ᠤ ᠬᠤᠪᠢ᠎ᠳᠤ 《ᠨᠠᠷᠠᠨ ᠵᠦᠭ᠎ᠤᠨ ᠪᠢᠴᠢᠬᠠᠨ ᠲᠠᠢᠯᠪᠤᠷᠢᠯᠠᠭ᠍ᠴᠢ》 ᠱᠢᠯᠭᠠᠷᠠᠭᠤᠯᠬᠤ ᠤᠷᠤᠯᠳᠤᠭᠠᠨ ᠨᠢ ᠬᠡᠦᠬᠡᠳ᠎ᠤᠳ᠎ᠢ ᠲᠠᠪᠳᠠᠨ ᠪᠤᠯᠪᠠᠰᠤᠷᠠᠭᠤᠯᠬᠤ᠌ᠶ᠋ᠢᠨ ᠬᠠᠮᠲᠤ ᠦᠭᠡ ᠬᠡᠯᠡᠨ᠎ᠦ ᠢᠯᠡᠳᠭᠡᠬᠦ᠌ ᠴᠢᠳᠠᠪᠤᠷᠢ᠎ᠶ᠋ᠢ ᠨᠢ ᠴᠸ᠋ ᠳᠡᠭᠡᠭ᠌ᠰᠢᠯᠡᠭᠦᠯᠵᠡᠢ᠃
《ᠬᠡᠦᠬᠡᠳ᠎ᠦᠨ ᠴᠡᠴᠡᠷᠯᠢᠭ᠎ᠦᠨ ᠱᠠᠲᠤ ᠦᠶ᠎ᠡ ᠪᠣᠯ ᠬᠡᠦᠬᠡᠳ᠎ᠦᠨ ᠦᠭᠡ ᠬᠡᠯᠡᠨ᠎ᠦ ᠴᠢᠳᠠᠪᠤᠷᠢ᠎ᠶ᠋ᠢᠨ ᠪᠦᠷᠢᠯᠳᠦᠯ᠎ᠦᠨ ᠵᠠᠩᠭᠢᠯᠠᠭ᠎ᠠ ᠶ᠋ᠢᠨ ᠬᠤᠭᠤᠴᠠᠭ᠎ᠠ ᠮᠥᠨ᠃ ᠪᠢᠳᠡ 〈ᠨᠠᠷᠠᠨ ᠵᠦᠭ᠎ᠦᠨ ᠪᠢᠴᠢᠬᠠᠨ ᠲᠠᠢᠯᠪᠤᠷᠢᠯᠠᠭ᠍ᠴᠢ 〉 ᠱᠢᠯᠭᠠᠷᠠᠭᠤᠯᠬᠤ ᠤᠷᠤᠯᠳᠤᠭᠠᠨ᠎ᠢ ᠦᠷᠨᠢᠬᠦᠯᠬᠦ᠎ᠪᠠᠷ ᠳᠠᠮᠵᠢᠭᠤᠯᠤᠨ ᠬᠡᠦᠬᠡᠳ᠎ᠤᠳ᠎ᠦᠨ ᠨᠡᠢᠲᠡᠯᠢᠭ ᠬᠡᠯᠡᠨ᠎ᠦ ᠠᠪᠢᠶᠠᠯᠠᠭ᠎ᠠ ᠶ᠋ᠢ ᠤᠯᠠᠮ ᠨᠢᠭᠡ ᠠᠯᠬᠤᠮ ᠵᠢᠷᠤᠮᠵᠢᠭᠤᠯᠵᠤ ᠪᠠᠢᠭ᠎ᠠ ᠨᠢ ᠰᠤᠷᠭᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠦᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠰᠠᠢᠲᠤᠷ ᠰᠤᠷᠴᠤ᠌ ᠬᠡᠷᠡᠭ᠌ᠯᠡᠬᠦ᠌᠎ᠳᠦ ᠢᠳᠡᠪᠬᠢᠲᠡᠶ ᠠᠴᠢ ᠬᠣᠯᠪᠣᠭ᠍ᠳᠠᠯ᠎ᠲᠠᠶ ᠶᠤᠮ》 ᠭᠡᠵᠦ᠍ ᠬᠠᠢ᠌ᠷᠤᠪ᠎ᠤᠨ ᠲᠤᠬᠤᠢ ᠲᠣᠭᠣᠷᠢᠭ᠎ᠤᠨ ᠠᠷᠪᠠᠨ ᠲᠠᠪᠤᠳᠤᠭᠠᠷ ᠬᠡᠦᠬᠡᠳ᠎ᠦᠨ ᠴᠡᠴᠡᠷᠯᠢᠭ᠎ᠦᠨ ᠳᠠᠷᠤᠭ᠎ᠠ ᠯᠢ ᠺᠠᠢ ᠯᠢ ᠬᠡᠯᠡᠪᠡ᠃
ᠬᠠᠢ᠌ᠷᠤᠪ᠎ᠤᠨ ᠲᠤᠬᠤᠢ ᠲᠣᠭᠣᠷᠢᠭ᠎ᠤᠨ ᠠᠷᠪᠠᠨ ᠲᠠᠪᠤᠳᠤᠭᠠᠷ ᠬᠡᠦᠬᠡᠳ᠎ᠦᠨ ᠴᠡᠴᠡᠷᠯᠢᠭ ᠪᠤᠯ ᠤᠤᠯ᠎ᠦᠨ ᠦᠬᠠᠢ ᠬᠤᠲᠠ᠎ᠶ᠋ᠢᠨ ᠮᠣᠩᠭᠣᠯ ᠳᠤᠮᠳᠠᠳᠤ ᠰᠤᠷᠭᠠᠭᠤᠯᠢ᠎ᠶ᠋ᠢᠨ ᠬᠠᠷᠢᠶᠠᠲᠤ ᠬᠡᠦᠬᠡᠳ᠎ᠦᠨ ᠴᠡᠴᠡᠷᠯᠢᠭ ᠪᠤᠯᠤᠨ᠎ᠠ᠃ ᠦᠬᠠᠢ ᠬᠤᠲᠠ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ᠋ ᠪᠠᠲᠤ ᠴᠣᠭ᠍ᠴᠠᠯᠠᠬᠤ ᠬᠥᠮᠦᠵᠢᠯ ᠦᠢᠯᠡᠳᠦᠯᠭᠡ᠎ᠶ᠋ᠢᠨ ᠰᠠᠭᠤᠷᠢᠨ ᠮᠦᠨ᠃ 2022 ᠣᠨ᠎ᠤ 9 ᠰᠠᠷ᠎ᠠ᠎ᠳᠤ ᠴᠡᠴᠡᠷᠯᠢᠭ ᠡᠬᠦᠳᠡ ᠪᠡᠨ ᠨᠡᠭᠡᠭᠡᠭ᠌ᠰᠡᠨ᠎ᠡᠴᠡ ᠨᠠᠭᠠᠰᠢ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ᠋ ᠳᠡᠯᠭᠡᠷᠡᠭᠦᠯᠦᠨ ᠬᠡᠷᠡᠭᠯᠡᠬᠦ ᠶ᠋ᠢ ᠢᠮᠠᠭ᠍ᠲᠠ ᠴᠢᠬᠤᠯᠠ ᠪᠠᠢᠷᠢᠨ ᠳ᠋ᠤ ᠲᠠᠯᠪᠢᠵᠤ᠂ ᠦᠭᠡ ᠬᠡᠯᠡᠨ᠎ᠦ ᠰᠠᠢᠨ ᠰᠠᠢᠬᠠᠨ ᠣᠷᠴᠢᠨ ᠨᠥᠬᠥᠴᠡᠯ᠎ᠢ ᠢᠳᠡᠪᠬᠢᠲᠡᠶ ᠡᠬᠦᠳᠴᠡᠢ᠃
ᠬᠡᠯᠡᠨ᠎ᠤ ᠤᠷᠴᠢᠨ᠎ᠢ ᠡᠬᠦᠳᠬᠦ ᠲᠠᠯ᠎ᠠ ᠪᠡᠷ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠷᠳᠣ ᠬᠣᠩᠭᠢᠯ᠎ᠢ ᠢᠳᠡᠪᠬᠢᠲᠡᠶ ᠪᠠᠢᠭᠤᠯᠵᠤ᠂ ᠭᠡᠦᠭᠡᠳ᠎ᠤᠳ ᠲᠸ᠋ ᠬᠢᠲᠠᠳ ᠥᠰᠥᠭ᠎ᠦᠨ ᠷᠢᠳᠢ ᠱᠢᠳᠢ᠎ᠶ᠋ᠢ ᠱᠢᠭᠤᠳ ᠮᠡᠳᠡᠷᠡᠭᠦᠯᠪᠡ᠃ ᠡᠯ᠎ᠡ ᠠᠩᠭᠢ᠎ᠶ᠋ᠢᠨ ᠬᠢᠨ ᠪᠠᠰᠠ 《ᠬᠡᠯᠡᠨ᠎ᠦ ᠪᠤᠯᠤᠩ》 ᠭᠠᠷᠭᠠᠵᠤ᠂ ᠡᠯ᠎ᠡ ᠲᠥᠷᠥᠯ᠎ᠦᠨ ᠵᠢᠷᠤᠭᠳᠤ ᠳᠡᠪᠲᠡᠷ᠎ᠢ ᠲᠡᠯᠭᠡᠵᠦ᠂ ᠬᠡᠸ᠋ᠬᠡᠳᠦᠳᠦᠨ ᠴᠢᠯᠥᠭᠡᠲᠡᠶ ᠤᠩᠱᠢᠬᠤ ᠬᠡᠷᠡᠭᠴᠡᠭᠡ᠎ᠶ᠋ᠢ ᠬᠠᠩᠭᠠᠵᠤ᠂ ᠤᠩᠱᠢᠯᠭ᠎ᠠ᠎ᠶ᠋ᠢᠨ ᠤᠷᠮ᠎ᠠ ᠪᠠᠬ᠎ᠠ ᠪᠠ ᠬᠡᠯᠡᠨ᠎ᠦ ᠢᠯᠡᠳᠭᠡᠬᠦ᠌ ᠴᠢᠳᠠᠪᠤᠷᠢ᠎ᠶ᠋ᠢ ᠬᠥᠮᠦᠵᠢᠭᠦᠯᠪᠠ᠃ ᠬᠢᠴᠢᠶᠡᠯ᠎ᠦᠨ ᠲᠥᠯᠥᠪᠯᠡᠭᠡ᠎ᠶ᠋ᠢᠨ ᠲᠠᠯ᠎ᠠ᠎ᠪᠠᠷ᠂ ᠬᠡᠯᠡᠨ᠎ᠦ ᠰᠤᠷᠤᠯᠴᠠᠯᠭ᠎ᠠ᠎ᠶ᠋ᠢ ᠡᠳᠦᠷ ᠲᠤᠲᠤᠮ᠎ᠤᠨ ᠠᠮᠢᠳᠤᠷᠠᠯ᠎ᠲᠠᠶ ᠤᠶᠠᠯᠳᠤᠭᠤᠯᠬᠤ᠎ᠶ᠋ᠢ ᠴᠢᠬᠤᠯᠠᠴᠢᠯᠠᠵᠤ᠂ ᠵᠢᠷᠤᠭᠳᠤ ᠳᠡᠪᠲᠡᠷ᠎ᠢᠶᠡᠷ ᠠᠴᠢᠶᠠᠯᠠᠪᠤᠷᠢ ᠪᠣᠯᠭᠠᠨ ᠵᠠᠩ ᠮᠤᠷᠠᠯ᠎ᠤᠨ ᠬᠢᠴᠢᠶᠡᠯ ᠪᠠ ᠱᠠᠲᠤ ᠬᠤᠪᠢᠶᠠᠨ ᠤᠩᠱᠢᠬᠤ ᠤᠨᠴᠠᠯᠢᠭ᠍ᠳᠤ ᠬᠢᠴᠢᠶᠡᠯ᠎ᠢ ᠨᠡᠭᠡᠭᠡᠵᠦ᠍᠂ ᠠᠮᠢᠳᠤᠯᠢᠭ ᠰᠣᠨᠢᠷᠬᠠᠯᠲᠠᠶ ᠦᠯᠢᠭᠡᠷ᠂ ᠬᠡᠦᠬᠡᠳ᠎ᠦᠨ ᠠᠶ᠎ᠠ ᠳᠠᠭᠤᠤ᠂ ᠲᠣᠭ᠍ᠯᠠᠭᠠᠮ ᠵᠡᠷᠭᠡ ᠬᠡᠯᠪᠡᠷᠢ᠎ᠪᠡᠷ ᠬᠡᠦᠬᠡᠳ᠎ᠦᠨ ᠰᠣᠨᠣᠰᠭᠤ᠂ ᠶᠠᠷᠢᠬᠤ᠂ ᠤᠩᠱᠢᠬᠤ᠂ ᠪᠢᠴᠢᠬᠦ᠌ ᠴᠢᠳᠠᠪᠤᠷᠢ᠎ᠶ᠋ᠢ ᠬᠥᠮᠦᠵᠢᠭᠦᠯᠵᠦ᠍᠂ ᠬᠡᠯᠡ ᠰᠤᠷᠬᠤ ᠤᠷᠮ᠎ᠠ ᠪᠠᠬ᠎ᠠ ᠵᠢ ᠨᠢ ᠬᠥᠭ᠌ᠵᠢᠭᠡᠪᠠ᠃ ᠡᠭᠦᠨ᠎ᠦ ᠬᠠᠮᠳᠤ 《ᠦᠨᠳᠦᠰᠦᠲᠡᠨᠪᠦᠯᠬᠦᠮᠳᠡᠨ ᠬᠠᠮᠲᠤ᠎ᠪᠠᠷ ᠤᠷᠤᠭ᠍ᠰᠢᠯᠠᠵᠤ᠂ ᠨᠥᠬᠥᠷᠯᠡᠯ᠎ᠦᠨ ᠴᠡᠴᠡᠭ ᠭᠠᠵᠠᠷ ᠰᠠᠶ ᠥᠬᠡᠶ ᠳᠡᠯᠭᠡᠷᠡᠨᠡᠮ》 ᠬᠡᠬᠦ ᠭᠣᠸ᠋ᠯ ᠰᠡᠳᠦᠪᠳᠦ 《ᠡᠭᠦᠯᠡᠨ ᠬᠤᠷᠱᠢᠯᠴᠠᠭ᠎ᠠ》 ᠱᠢᠷᠢᠰ ᠠᠵᠢᠯᠯᠠᠭ᠎ᠠ᠂ 《ᠨᠡᠢᠲᠡᠯᠢᠭ ᠬᠡᠯᠡ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ》᠂ 《ᠮᠢᠨᠤ ᠶᠠᠷᠢᠬᠤ᠎ᠶᠢ ᠰᠣᠨᠣᠰᠤᠭᠠᠷᠠᠢ》 ᠬᠤᠪᠢᠰᠬᠠᠯᠳᠤ ᠵᠢᠷᠤᠭ᠍ᠲᠤ ᠳᠡᠪᠲᠡᠷ᠎ᠦᠨ ᠤᠩᠱᠢᠯᠭ᠎ᠠ ᠵᠡᠷᠭᠡ ᠠᠵᠢᠯᠯᠠᠭ᠎ᠠ ᠵᠢ ᠥᠷᠨᠢᠭᠦᠯᠵᠦ᠂ ᠬᠡᠸ᠋ᠬᠡᠳ᠎ᠦᠨ ᠦᠭᠡ ᠬᠡᠯᠡᠨ᠎ᠦ ᠢᠯᠡᠳᠭᠡᠬᠦ᠌ ᠴᠢᠳᠠᠪᠤᠷᠢ ᠪᠠ ᠢᠲᠡᠭᠡᠯ ᠵᠣᠷᠢᠭ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠭ᠌ᠰᠡᠨ ᠪᠠᠢᠨ᠎ᠠ᠃
ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠬᠦ᠌ ᠶᠠᠪᠤᠴᠠ᠎ᠳᠤ ᠪᠠᠭ᠍ᠰᠢ᠎ᠨᠠᠷ᠎ᠤᠨ ᠦᠭᠡ ᠬᠡᠯᠡᠨ᠎ᠦ ᠬᠡᠪ ᠪᠣᠯᠪᠠᠰᠤᠷᠠᠯ᠎ᠢ ᠳᠡᠭᠡᠭ᠌ᠰᠢᠯᠡᠭᠦᠯᠬᠦ᠌᠎ᠶ᠋ᠢ ᠴᠢᠬᠤᠯᠠ ᠪᠠᠢᠷᠢᠨ᠎ᠳᠤ ᠲᠠᠯᠪᠢᠵᠤ᠂ ᠪᠦᠬᠦ ᠪᠠᠭ᠍ᠰᠢ ᠠᠵᠢᠯᠲᠠᠨ ᠠᠵᠢᠯᠴᠢᠨ ᠴᠥᠮ ᠨᠡᠢᠲᠡᠯᠢᠭ ᠬᠡᠯᠡᠨ᠎ᠦ ᠬᠢᠷᠢ ᠬᠡᠮᠵᠢᠶᠡᠨ᠎ᠦ ᠱᠢᠯᠭᠠᠯᠲᠠ᠎ᠶ᠋ᠢᠨ ᠲᠠᠰ᠎ᠤᠨ ᠦᠨᠡᠮᠯᠡᠯ᠎ᠲᠡᠶ ᠪᠠᠢᠬᠤ᠎ᠪᠠᠷ ᠪᠠᠷᠠᠬᠤ ᠥᠬᠡᠶ ᠦᠨᠳᠦᠰᠤᠨ ᠱᠠᠳᠤᠨ᠎ᠤ ᠪᠠᠭ᠍ᠰᠢ ᠨᠠᠷ᠎ᠤᠨ ᠨᠡᠢᠲᠡᠯᠢᠭ ᠬᠡᠯᠡ ᠨᠢ ᠬᠣᠶᠠᠳᠤᠭᠠᠷ ᠳᠡᠰ᠎ᠤᠨ ᠬᠢᠷᠢ ᠬᠡᠮᠵᠢᠶᠡᠨ ᠳ᠋ᠤ ᠬᠦᠷᠦᠭᠰᠡᠨ ᠪᠠᠢᠬᠤ ᠵᠢ ᠱᠠᠭᠠᠷᠳᠠᠵᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠠᠭ᠍ᠰᠢ ᠨᠠᠷ᠎ᠢ ᠵᠣᠬᠢᠶᠠᠨ ᠪᠠᠢᠭᠤᠯᠵᠤ ᠬᠠᠮᠢᠶ᠎ᠠ ᠪᠥᠬᠥᠶ ᠪᠣᠯᠪᠠᠰᠤᠷᠠᠯ ᠪᠠ ᠰᠤᠷᠤᠯᠴᠠᠯᠭ᠎ᠠ ᠳ᠋ᠤ ᠣᠷᠣᠯᠴᠠᠭᠤᠯᠪᠠ᠃
ᠯᠢ ᠺᠠᠶ ᠯᠢ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠲᠣᠰ ᠴᠡᠴᠡᠷᠯᠢᠭ ᠨᠢ ᠬᠡᠷ᠎ᠦᠨ ᠠᠬᠠᠮᠠᠳ᠎ᠲᠠᠶ ᠨᠡᠪᠲᠡᠷᠡᠯᠴᠡᠬᠦ᠌ ᠪᠠ ᠬᠠᠮᠲᠤᠷᠠᠨ ᠠᠵᠢᠯᠯᠠᠬᠤ᠎ᠶ᠋ᠢ ᠮᠠᠰᠢ ᠴᠢᠬᠤᠯᠠᠴᠢᠯᠠᠵᠤ᠂ ᠬᠡᠷ᠎ᠦᠨ ᠰᠤᠷᠪᠤᠯᠵᠢᠯᠠᠭ᠎ᠠ ᠬᠢᠬᠦ᠌ ᠂ ᠬᠡᠷ᠎ᠦᠨ ᠠᠬᠠᠮᠠᠳ᠎ᠤᠨ ᠬᠤᠷᠠᠯ ᠬᠢᠬᠦ᠌ ᠂ ᠬᠡᠷ ᠪᠦᠯᠢ᠎ᠶ᠋ᠢᠨ ᠠᠵᠢᠯᠯᠠᠭ᠎ᠠ ᠬᠢᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠬᠡᠷ᠎ᠦᠨ ᠠᠬᠠᠮᠠᠳ᠎ᠲᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠦᠨ ᠴᠢᠬᠤᠯᠠ ᠴᠢᠨᠠᠷ᠎ᠢ ᠲᠠᠰᠤᠷᠠᠯᠲᠠ ᠥᠬᠡᠶ ᠤᠬᠠᠭᠤᠯᠵᠤ᠂ ᠲᠡᠳᠡᠨ᠎ᠢ ᠡᠳᠦᠷ ᠲᠤᠲᠤᠮ᠎ᠤᠨ ᠠᠮᠢᠳᠤᠷᠠᠯ ᠳᠤᠮᠳᠠ᠎ᠪᠠᠨ ᠨᠡᠢᠲᠡᠯᠢᠭ ᠬᠡᠯᠡ᠎ᠪᠡᠷ ᠬᠡᠸ᠋ᠬᠡᠳᠲᠡᠶᠪᠡᠨ ᠢᠯᠡᠭᠦᠬᠡᠨ ᠬᠠᠷᠢᠯᠴᠠᠵᠤ᠂ ᠬᠡᠷ᠎ᠲᠡᠬᠡᠨ ᠬᠡᠸ᠋ᠬᠡᠳᠲᠡᠬᠡᠨ ᠰᠠᠢᠨ ᠰᠠᠢᠬᠠᠨ ᠦᠭᠡ ᠬᠡᠯᠡᠨ᠎ᠦ ᠣᠷᠴᠢᠨ ᠨᠥᠬᠥᠴᠡᠯ᠎ᠢ ᠡᠬᠦᠳᠴᠤ ᠥᠭ᠌ᠬᠦ᠎ᠶ᠋ᠢ ᠵᠣᠷᠢᠭ᠍ᠵᠢᠭᠤᠯᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃